ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ 14 ᠵᠦᠢᠯ ᠤᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠳᠤ ᠣᠷᠣᠪᠠ
ᠨᠡᠶᠢᠲᠡᠯᠡᠭᠰᠡᠨ ᠴᠠᠭ᠄
2023/4/20
      ᠣᠶᠢᠷ᠎ᠠ ᠳᠤ᠂ ᠮᠠᠨ ᠤ ᠣᠷᠣᠨ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ 32᠂ ᠭᠤᠣᠯ ᠳᠡᠯᠭᠡᠷᠡᠭᠦᠯᠬᠦ ᠮᠡᠷᠭᠡᠵᠢᠯ 60 ᠶᠢ ᠰᠣᠩᠭᠤᠨ ᠭᠠᠷᠭᠠᠪᠠ᠃     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠨᠢᠯᠴᠠᠭᠤᠯᠤᠭᠰᠠᠨ ︽ᠬᠠᠲᠤᠨ ᠭᠤᠣᠯ ᠳᠠᠭᠠᠤ ᠶᠢᠨ ᠤᠰᠤᠯᠠᠯᠲᠠ ᠶᠢᠨ ᠣᠷᠣᠨ ᠤ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠮᠡᠷᠭᠡᠵᠢᠯ ᠢ ᠬᠤᠷᠠᠮᠳᠤᠭᠤᠯᠬᠤ ᠪᠠ ᠬᠡᠷᠡᠭᠯᠡᠵᠦ ᠳᠡᠯᠭᠡᠷᠡᠭᠦᠯᠬᠦ︾ ︽ᠦᠨᠦᠷᠲᠦ ᠮᠥᠭᠦ ᠶᠢᠨ ︿ᠲᠥᠪᠯᠡᠷᠡᠭᠦᠯᠦᠨ ᠦᠶᠯᠡᠳᠬᠦ ᠰᠢᠳᠠᠮ᠂ ᠲᠠᠷᠠᠬᠠᠢ ᠪᠤᠲᠠᠷᠬᠠᠢ ᠮᠥᠭᠦ ᠭᠠᠷᠭᠠᠬᠤ﹀ ᠲᠤᠰᠬᠠᠶᠢᠵᠢᠭᠰᠠᠨ ᠳᠠᠷᠢᠵᠤ ᠪᠣᠶᠢᠵᠢᠭᠤᠯᠬᠤ ᠮᠡᠷᠭᠡᠵᠢᠯ︾ ︽ᠨᠣᠯᠤᠥᠷ ᠤᠨ ᠢᠮᠠᠭ᠎ᠠ ᠶᠢ ᠬᠡᠰᠡᠭ ᠬᠤᠪᠢᠶᠠᠨ ᠨᠣᠯᠤᠥᠷ ᠢ ᠠᠳᠬᠤᠬᠤ ᠪᠠ ᠱᠠᠲᠤ ᠬᠤᠪᠢᠶᠠᠨ ᠡᠮᠬᠢᠯᠡᠬᠦ ᠮᠡᠷᠭᠡᠵᠢᠯ︾ ︽ᠦᠬᠡᠷ ᠬᠤᠨᠢ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ︾ ᠵᠡᠷᠭᠡ 14 ᠵᠦᠢᠯ ᠤᠨ ᠦᠷ᠎ᠡ ᠪᠦᠲᠦᠭᠡᠯ ᠢ ᠰᠣᠩᠭᠤᠨ ᠣᠷᠣᠭᠤᠯᠪᠠ᠃ ᠡᠨᠡ ᠨᠢ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠤᠨ ᠶᠡᠷᠦᠩᠬᠡᠢ ᠲᠣᠭᠠᠨ ᠤ 23.3% ᠶᠢ ᠡᠵᠡᠯᠡᠨ᠎ᠡ᠃ ᠡᠭᠦᠨ ᠳᠤ ︽ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠰᠢᠯᠢᠮᠳᠡᠭ ᠤᠨ ᠪᠤᠭᠤᠳᠠᠢ ᠶᠢᠨ ᠡᠭᠡᠯᠵᠢᠯᠡᠨ ᠳᠠᠷᠢᠬᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ︾ ᠪᠠ ︽ᠡᠷᠳᠡᠨᠢ ᠰᠢᠰᠢ ᠶᠢᠨ ᠡᠰᠢ ᠰᠦᠷᠡᠯ ᠤᠨ ᠪᠦᠷᠬᠦᠴᠡ ᠶᠢᠨ ᠡᠭᠡᠯᠵᠢᠯᠡᠨ ᠳᠠᠷᠢᠬᠤ ᠰᠢᠷ᠎ᠠ ᠪᠤᠷᠴᠠᠭ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ︾ ᠨᠢ 2 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠭᠤᠣᠯ ᠳᠡᠯᠭᠡᠷᠡᠭᠦᠯᠬᠦ ᠮᠡᠷᠭᠡᠵᠢᠯ ᠳᠤ ᠰᠣᠩᠭᠤᠭᠳᠠᠪᠠ᠃     ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠣᠯ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢᠨ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠲᠤᠯᠭᠠᠭᠤᠷᠢᠯᠠᠬᠤ ᠶᠢ ᠴᠢᠩᠭᠠᠷᠠᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠬᠦᠷᠢᠶᠡᠯᠡᠩ ᠨᠢ ᠦᠷᠭᠦᠯᠵᠢᠯᠡᠨ ᠰᠦᠯᠵᠢᠶᠡᠨ ᠳᠡᠭᠡᠷᠡᠬᠢ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠬᠦ᠂ ᠲᠠᠷᠢᠶᠠᠨ ᠭᠠᠵᠠᠷ ᠲᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠬᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠪᠠ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠮᠠᠶ᠋ᠢᠭ ᠢᠶᠠᠷ ᠭᠠᠷᠳᠠᠴᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠭᠤᠣᠯ ᠳᠡᠯᠭᠡᠷᠡᠭᠦᠯᠬᠦ ᠮᠡᠷᠭᠡᠵᠢᠯ ᠢ ᠲᠦᠷᠭᠡᠪᠴᠢᠯᠡᠨ ᠳᠡᠯᠭᠡᠷᠡᠭᠦᠯᠦᠨ ᠬᠡᠷᠡᠭᠯᠡᠨ᠎ᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号