ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠪᠣᠯᠪᠠᠰᠤᠷᠠᠯ ᠤᠨ ᠠᠩᠭᠢ ᠵᠡᠭᠦᠨᠭᠠᠷ ᠬᠤᠰᠢᠭᠤᠨ ᠳᠤ ᠣᠷᠣᠪᠠ
ᠨᠡᠶᠢᠲᠡᠯᠡᠭᠰᠡᠨ ᠴᠠᠭ᠄
2023/4/20
      4 ᠰᠠᠷ᠎ᠠ ᠶᠢᠨ 16 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠭᠴᠢᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ ᠶᠢᠨ ᠵᠡᠭᠦᠨᠭᠠᠷ ᠬᠤᠰᠢᠭᠤᠨ ᠤ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠣᠷᠳᠣᠰ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠤ ᠠᠮᠵᠢᠯᠲᠠ ᠲᠠᠢ ᠶᠠᠪᠤᠭᠳᠠᠪᠠ᠃ ᠡᠨᠡ ᠪᠣᠯ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠲᠠᠷᠢᠶᠠᠯᠠᠭᠴᠢ︾ ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠤ ᠳᠠᠷᠠᠭ᠎ᠠ᠂ ᠣᠷᠳᠣᠰ ᠬᠤᠲᠠ ᠳᠤ ᠡᠷᠭᠢᠯᠡᠭᠰᠡᠨ ᠠᠩᠬᠠᠨ ᠤ ᠬᠤᠭᠤᠴᠠᠭᠠᠨ ᠤ ᠪᠣᠯᠪᠠᠰᠤᠷᠠᠯ ᠤᠨ ᠠᠩᠭᠢ ᠪᠣᠯᠣᠨ᠎ᠠ᠃     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 5 ᠡᠳᠦᠷ ᠪᠣᠯᠣᠨ᠎ᠠ᠂ ᠭᠤᠣᠯᠳᠠᠭᠤ 10 ᠬᠤᠰᠢᠭᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯᠯᠠᠭᠴᠢ ᠬᠦᠴᠦᠨ᠂ 10 ᠰᠤᠮᠤ ᠰᠢᠶᠠᠩ ᠪᠠᠯᠭᠠᠰᠤ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ᠂ 20 ᠬᠡᠪ ᠳᠠᠭᠤᠷᠢᠶᠠᠯ ᠲᠣᠰᠬᠤᠨ ᠤ 40 ᠭᠠᠴᠠᠭᠠᠨ ᠤ ᠺᠠᠳ᠋ᠷ᠂ ᠨᠡᠶᠢᠲᠡ 60 ᠬᠥᠮᠥᠨ ᠳᠤ ᠦᠢᠯᠡᠴᠢᠯᠡᠨ᠎ᠡ᠃ ᠪᠣᠯᠪᠠᠰᠤᠷᠠᠭᠤᠯᠤᠯ ᠳᠤ ︽ᠲᠤᠰᠬᠠᠢ ᠰᠡᠳᠦᠪᠲᠦ ᠲᠠᠶᠢᠯᠤᠮᠵᠢ + ᠭᠤᠣᠯ ᠰᠡᠳᠦᠪᠲᠦ ᠰᠤᠳᠤᠯᠤᠨ ᠶᠠᠷᠢᠯᠴᠠᠭ᠎ᠠ + ᠬᠡᠷᠡᠭ ᠤᠨ ᠵᠢᠱᠢᠶ᠎ᠡ ᠶᠢᠨ ᠵᠢᠭᠠᠨ ᠰᠤᠷᠭᠠᠯᠲᠠ + ᠪᠦᠯᠬᠦᠮ ᠨᠡᠶᠢᠲᠡ ᠶᠢᠨ ᠪᠠᠶᠢᠭᠤᠯᠤᠯᠲᠠ + ᠵᠠᠮ ᠤᠨ ᠰᠣᠷᠢᠯᠲᠠ ᠶᠢᠨ ᠬᠠᠷᠢᠭᠤ ᠮᠡᠳᠡᠭᠦᠯᠦᠯᠲᠡ︾ ᠶᠢᠨ ᠬᠡᠯᠪᠡᠷᠢ ᠶᠢ ᠠᠪᠴᠤ᠂ ᠰᠤᠷᠤᠭᠴᠢᠳ ᠲᠤ ︽ᠬᠤᠶᠠᠷ ᠢ ᠤᠶᠠᠯᠳᠤᠭᠤᠯᠬᠤ︾ ᠶᠢ ᠦᠢᠯᠡᠳᠦᠯᠭᠡᠵᠢᠭᠦᠯᠬᠦ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢ ᠪᠡᠶᠡᠯᠡᠭᠦᠯᠬᠦ᠂ ᠬᠥᠮᠥᠨ ᠢᠶᠠᠷ ᠦᠨᠳᠦᠰᠦ ᠪᠣᠯᠭᠠᠬᠤ᠂ ᠢᠨᠲ᠋ᠧᠷ ᠰᠦᠯᠵᠢᠶ᠎ᠡ ᠪᠠᠷ ᠨᠠᠮ ᠤᠨ ᠪᠠᠶᠢᠭᠤᠯᠤᠯᠲᠠ ᠳᠤ ᠬᠦᠴᠦ ᠨᠡᠮᠡᠷᠢᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯᠲᠠ ︱ ᠲᠣᠰᠬᠤᠨ ᠤ ᠲᠠᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ᠂ ︽ᠬᠤᠪᠢ ᠬᠤᠷᠠᠮᠳᠤᠭᠤᠯᠬᠤ ᠳᠦᠷᠢᠮ︾ ᠤᠨ ᠬᠥᠳᠡᠭᠡ ᠲᠣᠰᠬᠤᠨ ᠤ ᠵᠠᠰᠠᠯᠲᠠ ᠶᠢᠨ ᠵᠠᠭᠪᠤᠷ ᠤᠨ ᠲᠠᠶᠢᠯᠤᠮᠵᠢ ᠵᠡᠷᠭᠡ ᠰᠢᠷᠢᠰ ᠬᠢᠴᠢᠶᠡᠯ ᠥᠷᠨᠢᠭᠦᠯᠦᠨ᠎ᠡ᠃ ᠵᠠᠯᠭᠠᠭᠠᠳ᠂ ᠲᠣᠰ ᠡᠭᠡᠯᠵᠢ ᠶᠢᠨ ᠰᠤᠷᠭᠠᠨ ᠬᠥᠮᠦᠵᠢᠯ ᠢ ᠬᠦᠷᠭᠡᠵᠦ ᠪᠣᠯᠪᠠᠰᠤᠷᠠᠭᠤᠯᠬᠤ ᠱᠠᠲᠤᠨ ᠤ 60 ᠰᠣᠷᠣᠭᠴᠢ ᠶᠢᠨ ᠳᠣᠲᠣᠷ᠎ᠠ ᠠᠴᠠ 30 ᠰᠢᠯᠢᠳᠡᠭ ᠰᠣᠷᠣᠭᠴᠢ ᠶᠢ ᠰᠣᠩᠭᠤᠨ ᠭᠠᠷᠭᠠᠵᠤ᠂ ᠬᠤᠨᠠᠨ ᠮᠤᠵᠢ ᠶᠢᠨ ᠰᠢᠨ ᠬᠤᠸᠠ ᠰᠢᠶᠠᠨ᠂ ᠵᠧᠵᠢᠶᠠᠩ ᠮᠤᠵᠢ ᠶᠢᠨ ᠰᠢᠶᠠᠩ ᠱᠠᠨ ᠰᠢᠶᠠᠨ ᠳᠤ ᠬᠦᠷᠴᠦ ᠲᠠᠷᠠᠭᠠᠴᠢ ᠶᠢᠨ ᠱᠠᠲᠤᠨ ᠤ ᠪᠠᠶᠢᠴᠠᠭᠠᠨ ᠰᠤᠳᠤᠯᠤᠯᠲᠠ ᠬᠢᠬᠦ ᠪᠣᠯᠣᠨ᠎ᠠ᠃     ᠣᠶᠢᠯᠠᠭᠠᠭᠰᠠᠨ ᠢᠶᠠᠷ᠂ ᠵᠡᠭᠦᠨᠭᠠᠷ ᠬᠤᠰᠢᠭᠤ ᠡᠨᠡ ᠬᠦ ᠪᠣᠯᠪᠠᠰᠤᠷᠠᠯ ᠤᠨ ᠰᠢᠰᠲ᠋ᠧᠮ ᠢᠶᠠᠷ ᠳᠡᠮᠵᠢᠨ᠂ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠬᠦᠴᠦᠨ ᠤ ᠰᠠᠨᠠᠭᠠᠴᠢᠯᠠᠭ᠎ᠠ ᠠᠴᠠ ᠪᠠᠨ ᠰᠡᠳᠬᠢᠬᠦ ᠶᠢ ᠠᠬᠢᠭᠤᠯᠵᠤ᠂ ᠨᠢᠭᠡ ᠪᠦᠯᠦᠭ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠲᠠᠢ ᠵᠣᠬᠢᠴᠠᠭᠰᠠᠨ᠂ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠡᠷᠡᠭᠴᠡᠭᠡ ᠲᠠᠢ ᠵᠣᠬᠢᠴᠠᠭᠰᠠᠨ᠂ ᠨᠢᠭᠡ ᠲᠠᠯ᠎ᠠ ᠶᠢ ᠬᠥᠲᠥᠯᠥᠨ ᠳᠠᠭᠠᠭᠤᠯᠵᠤ᠂ ᠨᠢᠭᠡ ᠲᠠᠯ᠎ᠠ ᠶᠢ ᠳᠠᠶᠢᠴᠢᠯᠠᠵᠤ ᠳᠡᠶᠢᠯᠬᠦ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠬᠦᠴᠦᠨ ᠪᠣᠯᠣᠨ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠠᠭᠠᠭᠤᠯᠤᠭᠴᠢ ᠶᠢᠨ ᠡᠩᠨᠡᠭᠡ ᠶᠢ ᠬᠦᠴᠦᠯᠡᠨ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠳᠤ ᠴᠢᠩᠭ᠎ᠠ ᠤᠶᠤᠨ ᠤ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号