︽ᠨᠤᠲᠤᠭ ᠤᠨ ᠣᠨᠴᠠ ᠭᠠᠷᠤᠯᠲᠠ︾ ᠶᠢᠨ ᠲᠣᠭᠤᠷᠢᠨ ᠳᠤ ᠬᠦᠴᠦᠯᠡᠶ᠎ᠡ︕ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠡᠳᠡᠭᠡᠷ ᠵᠦᠢᠯ ᠢ ᠴᠢᠩᠭᠠᠳᠬᠠᠵᠠᠢ
ᠨᠡᠶᠢᠲᠡᠯᠡᠭᠰᠡᠨ ᠴᠠᠭ᠄
2023/4/20
      4 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠠᠶᠢᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠸᠥ᠋ᠨ ᠲᠤᠤ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠵᠤ᠂ 2023 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠡᠮᠦᠨᠡᠬᠢ ᠨᠢᠭᠡ ᠱᠠᠲᠤᠨ ᠤ ᠠᠵᠢᠯ ᠤᠨ ᠪᠠᠶᠢᠳᠠᠯ ᠢᠶᠠᠨ ᠳ᠋ᠦᠩᠨᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠠᠵᠢᠯ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠥᠯᠥᠪᠯᠡᠭᠡ ᠶᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠤᠨ᠎ᠠ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠳᠤ ᠦᠢᠯᠡᠴᠢᠯᠡᠬᠦ ᠠᠴᠠ ᠡᠭᠦᠰᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠣᠲᠣᠭᠠᠳᠤ ᠭᠠᠳᠠᠭᠠᠳᠤ ᠶᠢ ᠬᠤᠯᠪᠣᠬᠤ᠂ ᠬᠤᠳᠠ ᠬᠥᠳᠡᠭᠡ ᠶᠢ ᠨᠡᠪᠲᠡᠷᠡᠭᠦᠯᠬᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠬᠤᠳᠠᠯᠳᠤᠭᠠᠨ ᠤ ᠶᠠᠪᠤᠳᠠᠯ ᠤᠨ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠠᠢ ᠳᠤ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡᠬᠦ ᠴᠢᠬᠤᠯᠠ ᠠᠴᠠ ᠴᠢᠬᠤᠯᠠ ᠵᠦᠢᠯ ᠢ ᠪᠠᠲᠤ ᠡᠵᠡᠮᠳᠡᠵᠦ᠂ ︽ᠨᠤᠲᠤᠭ ᠤᠨ ᠣᠨᠴᠠ ᠭᠠᠷᠤᠯᠲᠠ︾ ᠶᠢᠨ ᠲᠣᠭᠤᠷᠢᠨ ᠳᠤ ᠬᠦᠴᠦ ᠣᠷᠣᠭᠤᠯᠵᠤ᠂ ᠣᠨᠴᠠᠭᠠᠶᠢᠯᠠᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠰᠠᠶᠢᠲᠤᠷ ᠠᠳᠬᠤᠬᠤ᠂ ᠦᠵᠡᠰᠬᠦᠯᠡᠩ ᠤᠨ ᠲᠠᠪᠴᠠᠩ ᠢ ᠠᠰᠢᠭᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠬᠤᠳᠠᠯᠳᠤᠭᠠᠨ ᠤ ᠶᠠᠪᠤᠳᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠣᠨᠴᠠᠯᠢᠭᠲᠤ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠰᠢᠶᠠᠨ ᠢ ᠦᠷᠭᠦᠯᠵᠢᠯᠡᠨ ᠵᠢᠯᠤᠭᠤᠳᠴᠤ ᠪᠠᠶᠢᠭᠠᠳ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠥᠷᠨᠢᠭᠦᠯᠵᠦ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃     ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠬᠤᠳᠠᠯᠳᠤᠭᠠᠨ ᠤ ᠶᠠᠪᠤᠳᠠᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠱᠠᠲᠤᠴᠢ ᠴᠢᠨᠠᠷᠲᠠᠢ ᠡᠮᠬᠢᠯᠡᠬᠦ ᠶᠢ ᠰᠠᠶᠢᠲᠤᠷ ᠬᠢᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠲᠣᠭᠲᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠳᠠᠯᠳᠤᠭᠠᠨ ᠤ ᠶᠠᠪᠤᠳᠠᠯ ᠤᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号