ᠱᠢ ᠲᠠᠢ ᠹᠧᠩ ᠭᠦᠢᠵᠧᠦ ᠶᠢᠨ ᠪᠠᠶᠢᠴᠠᠭᠠᠨ ᠰᠤᠳᠤᠯᠤᠯᠲᠠ᠄ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/4/21
      4 ᠰᠠᠷ᠎ᠠ ᠶᠢᠨ 17 ᠠᠴᠠ 19 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠥ᠋ᠩ ᠭᠦᠢᠵᠧᠦ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠢᠭᠡᠳᠦᠮᠡᠯ ᠹᠷᠣᠨᠲ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠱᠢ ᠲᠠᠢ ᠹᠧᠩ ᠪᠢᠵᠢᠶᠸ ᠬᠤᠳᠠ ᠶᠢᠨ ᠡᡁᠸ ᠵᠠᠩ ᠰᠢᠶᠠᠨ᠂ ᠳ᠋ᠠ ᠹᠠᠩ ᠰᠢᠶᠠᠨ᠂ ᠴᠢ ᠰᠢᠩ ᠭᠤᠸᠠᠨ ᠲᠣᠭᠤᠷᠢᠭ᠂ ᠨᠠ ᠶᠦᠩ ᠰᠢᠶᠠᠨ ᠳᠤ ᠬᠦᠷᠴᠦ᠂ ᠲᠣᠰᠬᠤᠨ ᠪᠠᠯᠭᠠᠰᠤ᠂ ᠨᠡᠶᠢᠭᠡᠮ ᠲᠣᠭᠤᠷᠢᠭ᠂ ᠲᠠᠷᠢᠶᠠᠯᠠᠩ ᠤᠨ ᠰᠠᠭᠤᠷᠢᠨ ᠢᠶᠠᠷ ᠬᠦᠷᠴᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠪᠠ︔ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠦᠷᠢᠶᠡᠯᠡᠩ ᠲᠣᠭᠤᠷᠢᠭ ᠵᠡᠷᠭᠡ ᠳᠤ ᠭᠦᠨᠵᠡᠭᠡᠶᠢᠷᠡᠨ᠂ ᠬᠠᠪᠰᠤᠷᠤᠨ ᠲᠡᠳᠬᠦᠬᠦ ᠵᠦᠢᠯᠡᠰ ᠢ ᠪᠠᠶᠢᠴᠠᠭᠠᠨ ᠦᠵᠡᠬᠦ ᠶᠢᠨ ᠬᠠᠮᠲᠤ ᠮᠤᠵᠢ᠂ ᠬᠤᠲᠠ᠂ ᠰᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠪᠠ᠃     ᠱᠢ ᠲᠠᠢ ᠹᠧᠩ᠂ ᠨᠢᠭᠡᠳᠦᠮᠡᠯ ᠹᠷᠣᠨᠲ ᠪᠣᠯ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠂ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠬᠡᠳᠦᠢ ᠠᠤᠭ᠎ᠠ ᠶᠡᠭᠡ ᠪᠣᠯᠬᠤ ᠲᠤᠳᠤᠮ᠂ ᠪᠠᠶᠢᠳᠠᠯ ᠬᠡᠳᠦᠢ ᠪᠤᠳᠤᠯᠢᠶᠠᠨᠲᠠᠢ᠂ ᠡᠭᠦᠷᠭᠡ ᠬᠡᠳᠦᠢ ᠬᠠᠲᠠᠭᠤ ᠪᠡᠷᠬᠡ ᠪᠣᠯᠬᠤ ᠲᠤᠳᠤᠮ᠂ ᠡᠯ᠎ᠡ ᠲᠠᠯ᠎ᠠ ᠶᠢᠨ ᠬᠢᠨ ᠤ ᠤᠶᠤᠨ ᠤᠬᠠᠭᠠᠨ ᠪᠠ ᠬᠦᠴᠦᠨ ᠴᠢᠳᠠᠯ ᠢ ᠤᠯᠠᠮ ᠨᠢᠭᠲᠠᠷᠠᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠴᠢᠬᠤᠯᠠᠲᠠᠢ ᠶᠤᠮ ᠭᠡᠵᠦ ᠵᠢᠭᠠᠵᠤ ᠭᠠᠷᠭᠠᠪᠠ᠃ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠪᠣᠯ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠢᠭᠡᠳᠦᠮᠡᠯ ᠹᠷᠣᠨᠲ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠦᠨᠡᠨᠬᠦ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠦᠴᠦ ᠪᠠᠨ ᠬᠠᠮᠲᠤᠳᠬᠠᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠪᠠᠷ ᠬᠠᠮᠲᠤᠪᠠᠷ ᠴᠢᠷᠮᠠᠶᠢᠨ᠎ᠠ᠃     ᠱᠢ ᠲᠠᠢ ᠹᠧᠩ ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠢᠵᠢᠶ᠋ᠧ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡᠳᠦᠮᠡᠯ ᠹᠷᠣᠨᠲ ᠤᠨ ᠳᠠᠷᠤᠭ᠎ᠠ ᠪᠣᠯᠣᠨ ᠪᠢᠵᠢᠶ᠋ᠧ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠱᠠᠭᠠᠷᠳᠠᠭᠳᠠᠬᠤ ᠤᠶᠠᠯᠳᠤᠯ ᠤᠨ ᠴᠡᠭ ᠢ ᠣᠨᠣᠪᠴᠢᠲᠠᠢ ᠡᠷᠢᠨ ᠣᠯᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ︽ᠥᠩᠭᠡ ᠬᠡᠷᠡᠯᠳᠦ ᠠᠶᠠᠯᠠᠯ︾᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢᠶᠠᠨ ᠮᠠᠨᠳᠤᠭᠤᠯᠬᠤ︾ ᠵᠡᠷᠭᠡ ᠲᠦᠷᠦᠯ ᠲᠡᠮᠳᠡᠭ ᠢ ᠰᠠᠶᠢᠲᠤᠷ ᠠᠰᠢᠭᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号