ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠠᠴᠢᠯᠠᠯᠲᠠ ᠶᠢᠨ ᠴᠡᠭ ᠤᠨ ᠲᠣᠰᠬᠤᠨ ᠤ ᠺᠠᠳ᠋ᠷ ᠤᠨ ᠪᠣᠯᠪᠠᠰᠤᠷᠠᠯ ᠤᠨ ᠠᠩᠭᠢ ᠨᠡᠭᠡᠭᠡᠪᠡ
ᠨᠡᠶᠢᠲᠡᠯᠡᠭᠰᠡᠨ ᠴᠠᠭ᠄
2023/4/6
      3 ᠳ᠋ᠤᠭᠠᠷ ᠰᠠᠷ᠎ᠠ ᠶᠢᠨ 31 ᠤ ᠡᠳᠦᠷ ᠠᠴᠠ 4 ᠳ᠋ᠦᠭᠡᠷ ᠰᠠᠷ᠎ᠠ ᠶᠢᠨ 3 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠤᠭᠤᠲᠤ ᠶᠢᠨ ᠱᠠᠩᠳᠤ ᠰᠢᠶᠠᠨ ᠤ ᠴᠢ ᠲᠠᠢ ᠪᠠᠯᠭᠠᠰᠤᠨ ᠤ ᠳ᠋ᠦᠩ ᠹᠠᠩ ᠽᠢ ᠪᠣᠯᠣᠨ ᠭᠤᠷᠪᠠᠨ ᠲᠣᠮᠣ ᠲᠠᠰᠤᠭ ᠤᠨ ᠬᠤᠶᠠᠷ ᠲᠣᠰᠬᠤᠨ ᠤ ᠺᠠᠳ᠋ᠷ ᠤᠨ ᠪᠣᠯᠪᠠᠰᠤᠷᠠᠯ ᠤᠨ ᠠᠩᠭᠢ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠶᠠᠪᠤᠭᠳᠠᠪᠠ᠃     ᠲᠣᠰ ᠤᠳᠠᠭᠠᠨ ᠤ ᠪᠣᠯᠪᠠᠰᠤᠷᠠᠭᠤᠯᠤᠯ ᠢ ᠰᠠᠶᠢᠲᠤᠷ ᠡᠷᠭᠢᠯᠡᠬᠦ ᠶᠢᠨ ᠲᠥᠯᠥᠭᠡ᠂ ᠠᠵᠢᠯ ᠤᠨ ᠺᠣᠮᠢᠰ ᠤᠨ ᠲᠤᠰᠬᠠᠢ ᠲᠣᠭᠲᠠᠮᠠᠯ ᠬᠤᠷᠠᠯ ᠳᠡᠭᠡᠷ᠎ᠡ ᠰᠤᠳᠤᠯᠤᠨ ᠪᠠᠶᠢᠷᠢᠯᠠᠭᠤᠯᠤᠯᠲᠠ ᠬᠢᠵᠦ᠂ ᠪᠠᠶᠢᠩᠭᠤ ᠶᠢᠨ ᠳᠡᠳ᠋ ᠱᠦᠵᠢ ᠪᠦᠦ ᠭᠦᠸᠧ ᠴᠢᠤᠸᠠᠨ ᠨᠥᠬᠦᠷ ᠬᠢᠴᠢᠶᠡᠯ ᠤᠨ ᠪᠠᠶᠢᠷᠢᠯᠠᠭᠤᠯᠤᠯᠲᠠ᠂ ᠪᠠᠭᠰᠢ ᠶᠢᠨ ᠲᠣᠬᠢᠷᠠᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠪᠣᠯᠪᠠᠰᠤᠷᠠᠭᠤᠯᠤᠯ ᠢ ᠭᠤᠣᠯᠳᠠᠭᠤ ᠣᠨᠣᠯ ᠤᠨ ᠰᠤᠷᠤᠯᠴᠠᠯᠭ᠎ᠠ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠬᠡᠯᠪᠡᠷᠢ ᠪᠠᠷ ᠶᠠᠪᠤᠭᠳᠠᠭᠤᠯᠵᠤ᠂ ᠤᠷᠢᠳ ᠬᠤᠵᠢᠳ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠪᠡ᠃ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠬᠤᠷᠢᠨᠭᠡᠷ ᠰᠢᠶᠠᠨ ᠤ ᠱᠧᠩ ᠯᠸ ᠬᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠶᠢᠬᠡ ᠲᠣᠰᠬᠤᠨ᠂ ᠱᠧᠩ ᠯᠸ ᠪᠠᠯᠭᠠᠰᠤ ᠶᠢᠨ ᠲᠠᠶᠢᠵᠢ ᠶᠢᠩ ᠲᠣᠰᠬᠤᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠶᠠᠷᠢᠯᠴᠠᠨ ᠰᠣᠯᠢᠯᠴᠠᠪᠠ᠃     ᠲᠣᠰᠬᠤᠨ ᠤ ᠺᠠᠳ᠋ᠷ ᠨᠢ ᠦᠨᠳᠦᠰᠦᠨ ᠱᠠᠲᠤᠨ ᠤ ᠤᠯᠠᠨ ᠲᠦᠮᠡᠨ ᠤ ︽ᠲᠦᠰᠢᠭ ᠲᠤᠯᠭᠠᠭᠤᠷᠢ︾᠂ ᠨᠠᠮ ᠤᠨ ᠭᠡᠰᠢᠭᠦᠨ ᠺᠠᠳ᠋ᠷ ᠤᠨ ︽ᠳᠠᠭᠠᠭᠤᠯᠤᠭᠴᠢ︾᠂ ᠬᠥᠳᠡᠭᠡ ᠲᠣᠰᠬᠤᠨ ᠤ ᠬᠥᠭᠵᠢᠯᠲᠡ ᠶᠢᠨ ︽ᠳᠠᠭᠠᠭᠤᠯᠤᠭᠴᠢ︾᠂ ᠲᠣᠰᠬᠤᠨ ᠤ ᠳᠡᠰ ᠤᠨ ᠪᠦᠲᠦᠭᠡᠨ ᠪᠠᠶᠢᠭᠤᠯᠤᠯᠲᠠ ᠶᠢᠨ ︽ᠭᠡᠷ ᠤᠨ ᠬᠥᠮᠥᠰ︾ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠪᠣᠯᠣᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠪᠣᠯ ᠳᠠᠷᠤᠢ ᠲᠣᠰᠬᠤᠨ ᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠴᠢᠭᠯᠡᠯ ᠢ ᠨᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠬᠥᠭᠵᠢᠯᠲᠡ ᠶᠢᠨ ᠢᠲᠡᠭᠡᠯ ᠢ ᠨᠢ ᠪᠠᠲᠤᠳᠬᠠᠨ᠂ ᠬᠥᠭᠵᠢᠯᠲᠡ ᠶᠢᠨ ᠬᠦᠴᠦᠨ ᠢ ᠨᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠨᠢ ᠳᠡᠭᠡᠭᠰᠢᠯᠡᠭᠦᠯᠬᠦ ᠶᠢᠨ ᠲᠥᠯᠥᠭᠡ ᠶᠤᠮ᠃     ᠪᠣᠯᠪᠠᠰᠤᠷᠠᠯ ᠳᠤ ᠣᠷᠣᠯᠴᠠᠭᠰᠠᠨ ᠭᠠᠴᠠᠭᠠᠨ ᠤ ᠺᠠᠳ᠋ᠷ ᠬᠡᠯᠡᠬᠦ ᠳᠡᠭᠡᠨ᠂ ᠲᠦᠷᠦ ᠶᠢᠨ ᠪᠣᠳᠣᠯᠭ᠎ᠠ ᠶᠢ ᠤᠯᠠᠮ ᠴᠢᠨᠠᠭᠰᠢᠳᠠ ᠣᠶᠢᠯᠠᠭᠠᠨ ᠨᠡᠪᠲᠡᠷᠬᠡᠢ ᠣᠶᠢᠯᠠᠭᠠᠵᠤ᠂ ᠲᠤᠬᠠᠶᠢᠯᠠᠭᠰᠠᠨ ᠠᠵᠢᠯ ᠢ ᠰᠠᠶᠢᠲᠤᠷ ᠡᠵᠡᠮᠰᠢᠵᠦ᠂ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠰᠤᠷᠤᠯᠴᠠᠬᠤ ᠠᠴᠠ ᠰᠡᠳᠬᠢᠬᠦ᠂ ᠰᠡᠳᠬᠢᠬᠦ ᠠᠴᠠ ᠤᠬᠠᠭᠠᠷᠠᠬᠤ᠂ ᠡᠵᠡᠮᠰᠢᠬᠦ ᠠᠴᠠ ᠬᠢᠬᠦ ᠠᠴᠠ ᠬᠢᠬᠦ ᠶᠢ ᠦᠨᠡᠨᠬᠦ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠤᠴᠢᠷ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠱᠠᠩᠳᠤ ᠰᠢᠶᠠᠨ ᠤ ᠴᠢ ᠲᠠᠢ ᠪᠠᠯᠭᠠᠰᠤᠨ ᠤ ᠳ᠋ᠦᠩ ᠹᠠᠩ ᠽᠢ ᠲᠣᠰᠬᠤᠨ᠂ ᠰᠠᠨ ᠳ᠋ᠠ ᠭᠦ᠋ ᠲᠣᠰᠬᠤᠨ ᠤ ᠬᠡᠰᠡᠭ ︽ᠬᠤᠶᠠᠷ ᠵᠥᠪᠯᠡᠯ︾  ᠤᠨ ᠪᠠᠭ ᠤᠨ ᠪᠦᠷᠢᠯᠳᠦᠭᠦᠨ ᠪᠣᠯᠣᠨ ᠳᠣᠷᠣᠭᠰᠢ ᠲᠣᠮᠢᠯᠠᠨ ᠰᠠᠭᠤᠯᠭᠠᠭᠰᠠᠨ ᠲᠣᠰᠬᠤᠨ ᠤ ᠺᠠᠳ᠋ᠷ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号