ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/7
      4 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠲᠣᠪᠴᠢᠶ᠎ᠠ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 2022 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠳ᠋ᠦᠩᠨᠡᠬᠦ ᠶᠢᠨ ᠬᠠᠮᠲᠤ 2023 ᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠳᠠᠷᠤᠭ᠎ᠠ ᠬᠠᠨ ᠵᠢᠶᠠᠨ ᠭᠠᠩ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠵᠢᠶᠦ᠋ᠨ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠵᠠᠩ ᠬᠤᠸᠠ ᠵᠧᠨ ᠬᠤᠷᠠᠯ  ᠢ ᠡᠷᠭᠢᠯᠡᠵᠦ᠂ ᠭᠡᠷ ᠲᠡᠭᠡᠨ ᠪᠠᠶᠢᠭ᠎ᠠ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ  ᠶᠢᠨ ᠪᠥᠬᠦ ᠠᠵᠢᠯᠲᠠᠨ ᠵᠢᠴᠢ ᠪᠡᠭᠡᠵᠢᠩ ᠬᠤᠲᠠ  ᠶᠢᠨ ᠲᠦᠷ ᠴᠠᠭ ᠲᠤᠰᠢᠶᠠᠯ ᠡᠭᠦᠷᠭᠡᠯᠡᠭᠰᠡᠨ ᠺᠠᠳ᠋ᠷ᠂ ᠲᠣᠰᠬᠤᠨ ᠳᠤ ᠰᠠᠭᠤᠭ᠎ᠠ ᠠᠯᠪᠠᠨ ᠭᠡᠷ ᠤᠨ ᠺᠠᠳ᠋ᠷ ᠬᠤᠷᠠᠯ ᠳᠤ ᠣᠷᠣᠯᠴᠠᠵᠠᠢ᠃     ᠯᠢ ᠵᠢᠶᠦ᠋ᠨ ᠬᠠᠢ ᠵᠢᠭᠠᠵᠤ ᠭᠠᠷᠭᠠᠭᠰᠠᠨ ᠨᠢ᠂ 2022 ᠣᠨ ᠳᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ︽ᠲᠠᠪᠤᠨ ᠢᠰᠷᠧᠯ︾ ᠢᠶᠠᠷ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠪᠡᠰᠦ ᠵᠣᠬᠢᠬᠤ ᠪᠠᠲᠤᠯᠠᠭ᠎ᠠ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ 2023 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠢᠨᠠᠯᠲᠠ ᠶᠢ ᠨᠡᠩ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠣᠯᠭᠠᠬᠤ ᠶᠢ ᠲᠦᠯᠬᠢᠨ ᠠᠬᠢᠭᠤᠯᠵᠤ᠂ ᠲᠤᠰᠬᠠᠢ ᠵᠦᠢᠯ ᠤᠨ ᠬᠢᠨᠠᠯᠲᠠ ᠪᠠ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠪᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠴᠢᠩᠭ᠎ᠠ ᠵᠠᠯᠬᠠᠭᠠᠨ ᠰᠢᠳᠭᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠤᠳᠠᠭᠠᠨ ᠳᠠᠭᠠᠭᠠᠮᠠᠭᠠᠢ ᠲᠠᠶᠢᠨ ᠤ ᠢᠯᠠᠯᠲᠠ ᠶᠢ ᠡᠷᠡᠰ ᠣᠯᠬᠤ ᠬᠡᠷᠡᠭᠲᠡᠢ᠃ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ 3 ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠨᠢᠭᠡ ᠲᠠᠯ᠎ᠠ ᠪᠠᠷ ᠰᠢᠯᠲᠠᠭᠠᠨ ᠢ ᠨᠢ ᠭᠦᠨᠵᠡᠭᠡᠢ ᠵᠠᠳᠠᠯᠤᠨ ᠰᠢᠨᠵᠢᠯᠡᠵᠦ᠂ ᠦᠵᠡᠯ ᠰᠠᠨᠠᠭᠠᠨ ᠤ ᠰᠡᠷᠡᠮᠵᠢ ᠶᠢᠨ ᠳᠣᠬᠢᠶ᠎ᠠ ᠶᠢ ᠳᠤᠤᠭᠠᠷᠭᠠᠵᠤ᠂ ᠴᠢᠩᠭ᠎ᠠ ᠰᠢᠳᠬᠡᠬᠦ ᠰᠦᠷᠳᠡᠭᠦᠯᠦᠯ ᠢ ᠪᠤᠢ ᠪᠣᠯᠭᠠᠪᠠ᠃ ᠨᠦᠭᠦᠭᠡ ᠲᠠᠯ᠎ᠠ ᠪᠠᠷ ᠡᠷᠬᠡ ᠶᠢ ᠴᠢᠩᠭ᠎ᠠ ᠵᠠᠯᠬᠠᠭᠠᠨ ᠰᠢᠳᠬᠡᠬᠦ᠂ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ ᠬᠡᠷᠡᠭ ᠢᠶᠠᠷ ᠲᠣᠯᠢ ᠪᠣᠯᠭᠠᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃     ᠬᠠᠨ ᠵᠢᠶᠠᠨ ᠭᠠᠩ ᠵᠢᠭᠠᠵᠤ ᠭᠠᠷᠭᠠᠭᠰᠠᠨ ᠨᠢ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠲᠠᠯ᠎ᠠ ᠪᠠᠷ ᠰᠢᠨ᠎ᠡ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠳᠠᠯᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠬᠡᠪ ᠪᠠᠶᠢᠳᠠᠯ ᠢ ᠢᠯᠡᠷᠡᠭᠦᠯᠵᠦ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠶᠢ ᠢᠯᠡᠷᠡᠭᠦᠯᠵᠦ᠂ ︽ᠭᠤᠷᠪᠠᠨ ᠢᠯᠵᠠᠷᠠᠬᠤ ᠦᠭᠡᠢ︾ ᠲᠣᠭᠲᠠᠴᠠ ᠶᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ ᠢᠯᠡᠷᠡᠭᠦᠯᠵᠦ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠠᠰᠤᠷᠠᠯᠳᠠ ᠦᠭᠡᠢ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃     ᠬᠠᠨ ᠵᠢᠶᠠᠨ ᠭᠠᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠳᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠶᠢᠷᠢᠯᠠᠭᠤᠯᠤᠯᠲᠠ ᠲᠠᠢ᠂ ᠠᠵᠢᠯᠯᠠᠭ᠎ᠠ ᠲᠠᠢ᠂ ᠦᠷ᠎ᠡ ᠳ᠋ᠦᠩ ᠲᠠᠢ᠂ ᠪᠠᠶᠢᠴᠠᠭᠠᠯᠲᠠ ᠲᠠᠢ᠂ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠤᠯᠤᠰ ᠲᠦᠷᠦ ᠶᠢᠨ ᠬᠢᠨᠠᠯᠲᠠ ᠶᠢ ᠨᠡᠩ ᠬᠦᠴᠦᠲᠡᠢ ᠪᠥᠭᠡᠳ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠢᠩᠭ᠎ᠠ ᠰᠡᠷᠭᠡᠶᠢᠯᠡᠵᠦ᠂ ᠪᠡᠯᠡ ᠮᠥᠩᠭᠦ ᠶᠢ ᠵᠣᠯᠭᠠᠭᠤᠯᠬᠤ ᠲᠦᠷᠦᠯ ᠵᠦᠢᠯ ᠤᠨ ᠬᠠᠮᠢᠶᠠᠷᠤᠯᠲᠠ ᠬᠢᠨᠠᠯᠲᠠ ᠶᠢ ᠦᠷᠭᠦᠯᠵᠢᠯᠡᠨ ᠴᠢᠩᠭᠠᠳᠬᠠᠵᠤ᠂ ︽ᠲᠦᠷᠪᠡᠨ ᠰᠤᠷᠲᠠᠯ︾  ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠨᠢᠭᠡ ᠴᠣᠭᠴᠠᠵᠢᠭᠤᠯᠤᠨ ᠠᠳᠬᠤᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠤᠯᠤᠰ ᠤᠨ ᠬᠠᠤᠯᠢ ᠪᠣᠯ ᠬᠠᠯᠳᠠᠵᠤ ᠪᠣᠯᠣᠰᠢ ᠦᠭᠡᠢ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠪᠠ ᠳᠠᠪᠠᠵᠤ ᠪᠣᠯᠣᠰᠢ ᠦᠭᠡᠢ ︽ᠤᠯᠠᠭᠠᠨ ᠱᠤᠭᠤᠮ︾ ᠮᠥᠨ ᠭᠡᠳᠡᠭ ᠢ ᠴᠠᠭ ᠢᠮᠠᠭᠲᠠ ᠪᠠᠲᠤ ᠴᠡᠭᠡᠵᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ  ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠢᠯᠡᠴᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃     ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠠᠵᠢᠯ ᠢ ᠢᠯᠡ ᠪᠣᠯᠭᠠᠬᠤ ᠠᠵᠢᠯ ᠳᠤ ᠠᠷᠠᠳᠴᠢᠯᠠᠯ ᠢᠶᠠᠷ ᠦᠨᠡᠯᠡᠯᠲᠡ ᠬᠢᠬᠦ ᠶᠢ ᠥᠷᠨᠢᠭᠦᠯᠵᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号