ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠣᠳᠠᠲᠤ ᠪᠠᠶᠢᠳᠠᠯ ᠢ ᠣᠶᠢᠯᠠᠭᠠᠨ ᠰᠠᠶᠢᠨ ᠠᠷᠭ᠎ᠠ ᠪᠣᠳᠣᠯᠭ᠎ᠠ ᠰᠦᠪᠡᠭᠴᠢᠯᠡᠵᠦ ᠰᠤᠷᠤᠯᠴᠠᠯᠭ᠎ᠠ ᠪᠠᠷ ᠠᠵᠢᠯ ᠢ ᠠᠬᠢᠭᠤᠯᠤᠨ ᠪᠣᠳᠠᠲᠤ ᠪᠦᠲᠦᠮᠵᠢ ᠭᠠᠷᠭᠠᠵᠤ ᠪᠠᠶᠢᠨ᠎ᠠ
ᠨᠡᠶᠢᠲᠡᠯᠡᠭᠰᠡᠨ ᠴᠠᠭ᠄
2023/5/10
      5 ᠰᠠᠷ᠎ᠠ ᠶᠢᠨ 5  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ ᠤᠯᠤᠰ ᠢᠶᠠᠨ ᠬᠦᠴᠦᠷᠬᠡᠭᠵᠢᠭᠦᠯᠬᠦ ᠦᠢᠯᠡᠰ ᠢ ᠬᠠᠮᠲᠤ ᠪᠠᠷ ᠪᠦᠲᠦᠭᠡᠨ ᠪᠠᠶᠢᠭᠤᠯᠵᠤ ᠤᠯᠤᠰ ᠢᠶᠠᠨ ᠬᠦᠴᠦᠷᠬᠡᠭᠵᠢᠭᠦᠯᠬᠦ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ ︾ ᠭᠡᠬᠦ ᠵᠠᠯᠠᠭᠤᠴᠤᠳ ᠤᠨ ᠤᠷᠠᠨ ᠤᠩᠰᠢᠯᠭ᠎ᠠ ᠶᠢᠨ ᠬᠤᠷᠠᠯ ᠡᠷᠭᠢᠯᠡᠪᠡ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠂ ᠵᠠᠯᠠᠭᠤ ᠺᠠᠳ᠋ᠷᠴᠤᠳ ᠨᠠᠷᠢᠨ ᠬᠢᠨᠠᠮᠠᠭᠠᠢ ᠰᠡᠳᠦᠪ ᠰᠣᠩᠭᠤᠵᠤ ᠂ ᠡᠬᠡ ᠨᠣᠣᠷᠠᠭ ᠢᠶᠠᠨ ᠥᠪᠡᠷᠲᠡᠭᠡᠨ ᠪᠢᠴᠢᠵᠦ ᠂ ᠨᠠᠷᠢᠨ ᠨᠢᠮᠪᠠᠢ ᠨᠠᠶᠢᠷᠠᠭᠤᠯᠤᠨ ᠵᠢᠭᠰᠠᠭᠠᠵᠤ ᠂ ᠢᠳᠡ ᠬᠦᠴᠦᠲᠡᠢ ᠲᠠᠭᠤᠨ ᠨᠤᠭᠤᠳ ᠨᠢ ᠤᠳᠤ ᠦᠶ᠎ᠡ ᠶᠢᠨ ᠵᠠᠯᠠᠭᠤᠴᠤᠳ ᠤᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠢᠲᠡᠭᠡᠯ ᠵᠣᠷᠢᠭ ᠢ ᠢᠯᠡᠷᠡᠭᠦᠯᠪᠡ ᠃      ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠵᠦ ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠵᠤ ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠤᠨ᠎ᠠ ᠃ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠦᠳᠲᠡᠷ ᠲᠦᠷᠭᠡᠨ ᠬᠥᠳᠡᠯᠦᠯᠴᠡᠵᠦ ᠂ ᠬᠦᠴᠦᠲᠡᠢ ᠪᠠᠶᠢᠷᠢᠯᠠᠭᠤᠯᠤᠯᠲᠠ ᠬᠢᠵᠦ ᠂ ᠦᠨᠡᠨ ᠬᠦ ᠰᠤᠷᠤᠯᠴᠠᠬᠤ ᠲᠠᠯ᠎ᠠ ᠪᠠᠷ ᠤᠷᠢᠳ ᠢᠶᠠᠷ ᠬᠢᠵᠦ ᠂ ᠦᠨᠡᠨ ᠬᠦ ᠢᠲᠡᠭᠡᠬᠦ ᠲᠠᠯ᠎ᠠ ᠪᠠᠷ ᠨᠠᠩ ᠭᠦᠨᠵᠡᠭᠡᠢ ᠬᠢᠵᠦ ᠂ ᠦᠨᠡᠨ ᠬᠦ ᠬᠡᠷᠡᠭᠯᠡᠬᠦ ᠲᠠᠯ᠎ᠠ ᠪᠠᠷ ᠤᠯᠠᠮ ᠳᠡᠭᠡᠭᠰᠢᠯᠡᠬᠦ ᠶᠢ ᠪᠠᠷᠢᠮᠲᠠᠯᠠᠪᠠ ᠃ ᠲᠢᠩᠬᠢᠮ ᠤᠨ ᠲᠠᠰ ᠤᠨ ᠺᠠᠳ᠋ᠷ ᠤᠨ ︽ ᠬᠡᠪ ᠳᠠᠭᠤᠷᠢᠶᠠᠯ ᠦᠵᠡᠭᠦᠯᠭᠦ ︾ ᠠᠴᠠ ᠨᠠᠮ ᠤᠨ ᠡᠭᠦᠷ ᠤᠨ ᠱᠦᠵᠢ ᠲᠥᠷᠥᠭᠳᠡᠯ ᠢᠶᠠᠨ ᠶᠠᠷᠢᠬᠤ ᠂ ᠵᠠᠯᠠᠭᠤ ᠨᠠᠮ ᠤᠨ ᠭᠡᠰᠢᠭᠦᠨ ᠺᠠᠳ᠋ᠷ ᠤᠨ ︽ ᠪᠢᠴᠢᠯ ᠤᠬᠠᠭᠤᠯᠤᠨ ᠲᠠᠶᠢᠯᠪᠤᠷᠢᠯᠠᠬᠤ ︾ ᠂ ᠭᠤᠣᠯ ᠰᠡᠳᠦᠪᠲᠦ ᠬᠥᠮᠦᠵᠢᠯ ᠤᠨ ᠨᠣᠮ ᠤᠨ ᠱᠣᠰᠢᠭ᠎ᠠ ᠵᠣᠬᠢᠶᠠᠬᠤ ᠂ ᠰᠦᠯᠵᠢᠶᠡᠨ ᠳᠡᠭᠡᠷ᠎ᠡ ᠳᠡᠯᠭᠡᠨ ᠦᠵᠡᠭᠦᠯᠭᠦ ᠭᠦᠷᠲᠡᠯ᠎ᠡ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠳᠤᠮᠳᠠ ᠠᠴᠠ ᠴᠢᠭᠯᠡᠯ ᠂ ᠬᠠᠷᠢᠭᠤᠯᠲᠠ ᠂ ᠠᠷᠭ᠎ᠠ ᠬᠡᠮᠵᠢᠶ᠎ᠡ ᠡᠷᠢᠯᠬᠢᠯᠡᠪᠡ ᠃      ᠨᠠᠮ ᠤᠨ ᠭᠡᠰᠢᠭᠦᠨ ᠺᠠᠳ᠋ᠷ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ ᠂ ︽ ᠬᠠᠳᠠᠭᠠᠰᠤ ᠬᠠᠳᠠᠬᠤ ︾ ᠵᠣᠷᠢᠭ ᠰᠠᠨᠠᠭ᠎ᠠ ᠪᠠᠷ ᠲᠣᠭᠲᠠᠭᠰᠠᠨ ᠨᠣᠮ ᠨᠤᠭᠤᠳ ᠢ ᠰᠤᠳᠤᠯᠤᠨ ᠤᠩᠰᠢᠵᠤ ᠂ ᠨᠢᠭᠡ ᠨᠢᠭᠡ ᠵᠣᠬᠢᠶᠠᠯ ᠢᠶᠠᠷ ᠤᠩᠰᠢᠵᠤ ᠂ ᠬᠡᠰᠡᠭ ᠪᠠᠳᠠᠭ ᠳᠠᠷᠠᠭᠠᠯᠠᠨ ᠣᠶᠢᠯᠠᠭᠠᠵᠤ ᠂ ᠤᠨᠤᠯ ᠰᠤᠷᠤᠯᠴᠠᠬᠤ ᠂ ᠦᠵᠡᠯ ᠰᠠᠨᠠᠭ᠎ᠠ ᠰᠤᠷᠤᠯᠴᠠᠬᠤ ᠰᠢᠨ᠎ᠡ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠪᠠ ︔ ᠨᠠᠮ ᠤᠨ ᠤᠳᠤᠷᠢᠳᠬᠤ ᠳᠤᠭᠤᠶᠢᠯᠠᠩ ᠤᠨ ︽ ᠨᠢᠭᠡᠳᠦᠭᠡᠷ ᠵᠥᠪᠯᠡᠬᠦ ᠰᠡᠳᠦᠪ ︾ ᠂ ᠨᠠᠮ ᠤᠨ ᠡᠭᠦᠷ ᠤᠨ ︽ ᠨᠢᠭᠡᠳᠦᠭᠡᠷ ᠠᠭᠤᠯᠭ᠎ᠠ ︾ ᠂ ᠨᠠᠮ ᠤᠨ ᠭᠡᠰᠢᠭᠦᠨ ᠤ ︽ ᠨᠢᠭᠡᠳᠦᠭᠡᠷ ᠡᠭᠦᠷᠭᠡ ︾ ᠶᠢᠨ ᠰᠤᠷᠤᠯᠴᠠᠯᠭ᠎ᠠ ᠶᠢᠨ ᠳᠦᠷᠢᠮ ᠢ ᠰᠠᠶᠢᠲᠤᠷ ᠪᠠᠷᠢᠮᠲᠠᠯᠠᠵᠤ ᠂ ᠪᠠᠶᠢᠩᠭᠤᠵᠢᠭᠰᠠᠨ ᠰᠤᠷᠤᠯᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠦᠨ ᠂ ᠬᠤᠯᠪᠣᠭᠳᠠᠯ ᠪᠦᠬᠦᠢ ᠬᠤᠷᠠᠯ ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠤᠯᠠᠮᠵᠢᠯᠠᠨ ᠰᠤᠷᠤᠯᠴᠠᠵᠤ ᠂ ᠲᠡᠷᠡ ᠳᠠᠷᠤᠢ ᠳᠤᠨᠢ ᠵᠠᠳᠠᠯᠤᠨ ᠰᠤᠳᠤᠯᠵᠤ ᠂ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ︽ ᠶᠡᠭᠡ ᠣᠷᠴᠢᠯ ︾ ᠢ ᠪᠤᠶ ᠪᠣᠯᠭᠠᠪᠠ ᠃ ᠣᠳᠣᠬᠠᠨ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠭᠤᠣᠯ ᠰᠡᠳᠦᠪᠲᠦ ᠬᠥᠮᠦᠵᠢᠯ ᠤᠨ ᠲᠣᠭᠤᠷᠢᠨ ᠳᠤ ᠂ ᠨᠢᠭᠡᠨᠲᠡ ᠭᠤᠣᠯ ᠰᠡᠳᠦᠪᠲᠦ ᠨᠠᠮ ᠤᠨ ᠡᠳᠦᠷ ᠂ ᠬᠠᠮᠲᠤ ᠶᠢᠨ ᠰᠤᠷᠤᠯᠴᠠᠯᠭ᠎ᠠ ᠵᠡᠷᠭᠡ ᠠᠵᠢᠯᠯᠠᠭ᠎ᠠ ᠶᠢ 100 ᠭᠠᠷᠤᠢ ᠤᠳᠠᠭ᠎ᠠ ᠥᠷᠨᠢᠭᠦᠯᠪᠡ ᠃      ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠪᠣᠯ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠴᠢᠬᠤᠯᠠ ᠭᠤᠭᠴᠤᠭ᠎ᠠ ᠪᠣᠯᠣᠨ᠎ᠠ ᠃ ᠭᠤᠣᠯ ᠰᠡᠳᠦᠪᠲᠦ ᠬᠥᠮᠦᠵᠢᠯ ᠢ ︽ ᠴᠠᠭᠠᠰᠤᠨ ᠳᠡᠭᠡᠷ᠎ᠡ ᠰᠤᠷᠤᠯᠴᠠᠬᠤ ︾  ᠪᠠᠷ ᠪᠠᠷᠠᠬᠤ ᠦᠭᠡᠢ ᠂ ᠨᠡᠩ ᠴᠤ︽ᠠᠵᠢᠯ ᠳᠡᠭᠡᠷ᠎ᠡ ᠢᠯᠡᠷᠡᠭᠦᠯᠬᠦ ︾ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ︽ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠲᠠᠷᠬᠠᠭᠠᠵᠤ ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ ᠂ ᠠᠰᠠᠭᠤᠳᠠᠯ ᠤᠨ ᠨᠠᠷᠢᠨ ᠲᠠᠩᠰᠠ ᠶᠢ ᠳᠠᠷᠤᠢ ᠲᠦᠷᠭᠡᠨ ᠡᠮᠬᠢᠯᠡᠨ ᠳᠢᠭᠯᠡᠵᠦ ᠂ ᠬᠠᠮᠢᠶ᠎ᠠ ᠪᠦᠬᠦᠢ ᠪᠠᠶᠢᠳᠠᠯ ᠢ ᠲᠣᠬᠢᠷᠠᠭᠤᠯᠤᠨ ᠣᠶᠢᠯᠠᠭᠠᠵᠤ ᠂ ᠪᠠᠶᠢᠴᠠᠭᠠᠨ ᠰᠤᠳᠤᠯᠬᠤ ᠲᠥᠯᠥᠪᠯᠡᠭᠡ ᠶᠢ ᠲᠦᠷᠦᠭᠦᠯᠡᠨ ᠲᠣᠭᠲᠠᠭᠠᠵᠤ ᠂ 15 ᠵᠦᠢᠯ ᠤᠨ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠰᠡᠳᠦᠪ ᠢ ᠲᠦᠷᠦᠭᠦᠯᠡᠨ ᠲᠣᠭᠲᠠᠭᠠᠪᠠ ᠃ ᠪᠠᠭ ᠤᠨ ᠪᠦᠷᠢᠯᠳᠦᠭᠦᠨ ᠨᠢᠭᠡ ᠪᠦᠷᠢ ᠨᠠᠭᠠᠲᠤ ᠵᠠᠬ᠎ᠠ ᠳᠠᠭᠠᠨ ᠨᠢᠭᠡ ᠰᠡᠳᠦᠪ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠵᠦ ᠂ ᠲᠦᠷᠦᠭᠦᠯᠡᠨ ︽ ᠮᠡᠳᠡᠭᠳᠡᠯ ᠪᠠᠭᠤᠯᠭᠠᠬᠤ ᠦᠭᠡᠢ ᠂ ᠤᠷᠢᠳᠴᠢᠯᠠᠨ ᠰᠠᠨᠠᠭᠤᠯᠬᠤ ᠦᠭᠡᠢ ᠂ ᠬᠠᠷᠢᠭᠤ ᠮᠡᠳᠡᠭᠦᠯᠦᠯᠲᠡ ᠶᠢ ᠰᠣᠨᠣᠰᠬᠤ ᠦᠭᠡᠢ ᠂ ᠪᠠᠷ᠎ᠠ ᠪᠣᠯᠵᠤ ᠵᠣᠴᠢᠯᠠᠬᠤ ᠬᠡᠷᠡᠭ ᠦᠭᠡᠢ ᠂ ᠰᠢᠭᠤᠳ ᠦᠨᠳᠦᠰᠦᠨ ᠱᠠᠲᠤᠨ ᠳᠤ ᠬᠦᠷᠴᠦ ᠂ ᠰᠢᠭᠤᠳ ᠲᠤᠬᠠᠢ ᠶᠢᠨ ᠲᠠᠯᠠᠪᠠᠢ ᠳᠤ ᠣᠴᠢᠬᠤ ︾ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠣᠳᠠᠲᠤ ᠪᠠᠶᠢᠳᠠᠯ ᠢ ᠪᠡᠶᠡᠴᠢᠯᠡᠨ ᠪᠠᠶᠢᠴᠠᠭᠠᠵᠤ ᠂ ᠵᠢᠱᠢᠶᠡᠴᠢᠯᠡᠨ ᠵᠠᠳᠠᠯᠤᠨ ᠰᠢᠨᠵᠢᠵᠦ ᠂ ᠨᠢᠭᠡ ᠪᠦᠯᠦᠭ ᠬᠥᠭᠵᠢᠯᠲᠡ ᠶᠢᠨ ᠬᠡᠷᠡᠭᠴᠡᠭᠡ ᠂ ᠥᠭᠡᠷᠡᠴᠢᠯᠡᠯᠲᠡ ᠶᠢᠨ ᠪᠠᠴᠢᠮ ᠬᠡᠷᠡᠭᠴᠡᠭᠡ ᠂ ᠦᠨᠳᠦᠰᠦᠨ ᠱᠠᠲᠤᠨ ᠤ ᠬᠦᠰᠡᠯ ᠂ ᠠᠷᠠᠳ ᠤᠨ ᠰᠡᠳᠬᠢᠯ ᠤᠨ ᠬᠠᠨᠳᠤᠰᠢ ᠶᠢ ᠬᠦᠴᠦᠯᠡᠨ ᠰᠢᠢᠳᠪᠦᠷᠢᠯᠡᠪᠡ ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠠᠶᠢᠴᠠᠭᠠᠨ  ᠰᠤᠳᠤᠯᠤᠯᠲᠠ ᠬᠢᠬᠦ ᠪᠠᠷ ᠡᠬᠢᠯᠡᠯᠲᠡ ᠪᠣᠯᠭᠠᠨ ᠂ ᠪᠠᠶᠢᠴᠠᠭᠠᠨ ᠰᠤᠳᠤᠯᠤᠯᠲᠠ ᠬᠢᠬᠦ ᠪᠠᠷ ᠵᠠᠮ ᠨᠡᠭᠡᠭᠡᠵᠦ ᠂ ᠪᠣᠳᠠᠲᠤ ᠪᠠᠶᠢᠳᠠᠯ ᠢ ᠲᠣᠳᠣᠷᠬᠠᠢ ᠣᠶᠢᠯᠠᠭᠠᠨ ᠂ ᠲᠤᠷᠰᠢᠯᠭ᠎ᠠ ᠪᠠᠨ ᠳ᠋ᠦᠩᠨᠡᠵᠦ ᠂ ᠠᠰᠠᠭᠤᠳᠠᠯ ᠢ ᠰᠤᠳᠤᠯᠤᠨ ᠂ ᠪᠡᠷᠬᠡ ᠰᠡᠳᠦᠪ ᠢ ᠰᠢᠢᠳᠪᠦᠷᠢᠯᠡᠵᠦ ᠂ ᠨᠠᠮ ᠤᠨ ᠭᠡᠰᠢᠭᠦᠨ ᠺᠠᠳ᠋ᠷᠴᠤᠳ ᠢ ︽ ᠳᠣᠷᠣᠭᠰᠢ ᠪᠠᠭᠤᠵᠤ ᠳᠡᠶᠢᠯᠭᠦ ᠦᠭᠡᠢ ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠠᠵᠢᠯ ᠤᠨ ᠬᠤᠭᠤᠰᠤᠨ ᠬᠤᠭᠤᠴᠠᠭ᠎ᠠ ᠪᠠ ᠵᠠᠪᠰᠠᠷ ᠢ ᠠᠰᠢᠭᠯᠠᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠭᠡᠷᠡᠭᠲᠡᠶ ︔ ︽ ᠴᠠᠭᠠᠰᠤᠨ ᠳᠡᠭᠡᠷ᠎ᠡ ᠴᠡᠷᠢᠭ ᠬᠡᠷᠡᠭᠯᠡᠬᠦ ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠠᠯᠬᠤᠮ ᠢᠶᠠᠨ ᠡᠬᠢᠯᠡᠭᠦᠯᠦᠨ ᠦᠷᠭᠦᠯᠵᠢᠯᠡᠨ ᠤᠷᠤᠭᠰᠢᠯᠠᠬᠤ ᠭᠡᠷᠡᠭᠲᠡᠢ ︔ ︽ ᠪᠠᠶᠢᠴᠠᠭᠠᠨ ᠰᠤᠳᠤᠯᠤᠯᠲᠠ ᠣᠯᠠᠨ ᠂ ᠦᠷ᠎ᠡ ᠪᠦᠲᠦᠭᠡᠯ ᠴᠥᠭᠡᠨ ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠨᠢᠭᠡ ᠪᠦᠯᠦᠭ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠵᠤ ᠂ ᠨᠢᠭᠡ ᠪᠦᠯᠦᠭ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃      ᠵᠠᠷᠢᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠢ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠵᠦ ᠳᠡᠶᠢᠯᠭᠦ ᠦᠭᠡᠢ ᠪᠠᠶᠢᠳᠠᠯ ᠳᠤ ᠴᠢᠭᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠥᠷᠨᠢᠭᠦᠯᠵᠦ ᠂ 150 ᠥᠨᠳᠥᠷ ᠳᠠᠪᠲᠠᠮᠵᠢᠲᠤ ᠵᠦᠢᠯ ᠢ ᠰᠦᠯᠵᠢᠶᠡᠨ ᠤ ᠭᠠᠳᠠᠭᠤᠷ ︽ ᠪᠦᠭᠦ ᠣᠷᠣᠨ ᠳᠤ ᠨᠡᠶᠢᠳᠡᠮ ᠭᠦᠢᠴᠡᠳᠬᠡᠬᠦ ︾  ᠶᠢ ᠪᠡᠶᠡᠯᠡᠭᠦᠯᠬᠦ ᠴᠡᠭᠴᠡᠯᠡᠨ ᠰᠠᠶᠢᠵᠢᠷᠠᠭᠤᠯᠬᠤ ᠬᠠᠷᠠᠯᠲᠠ ᠶᠢ ᠲᠣᠳᠣᠷᠬᠠᠶᠢᠯᠠᠭᠰᠠᠨ ᠤ ᠬᠠᠮᠲᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠬᠢᠷᠠᠭᠤᠯᠤᠨ ᠨᠠᠶᠢᠳᠠᠪᠤᠷᠢᠵᠢᠭᠤᠯᠪᠠ ᠂ ᠡᠭᠦᠨ ᠳᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠭᠠᠳᠠᠭᠤᠷ ︿ᠪᠦᠭᠦ ᠣᠷᠣᠨ ᠳᠤ ᠨᠡᠶᠢᠳᠡᠮ ᠭᠦᠢᠴᠡᠳᠬᠡᠬᠦ ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯ ᠤᠨ ᠨᠠᠷᠢᠨ ᠲᠠᠩᠰᠠ ︵ᠰᠠᠨᠠᠯ ᠬᠤᠷᠢᠶᠠᠬᠤ ᠨᠣᠣᠷᠠᠭ ︶︾ ᠶᠢ ᠡᠮᠬᠢᠯᠡᠨ ᠳᠢᠭᠯᠡᠭᠦ ᠶᠢᠨ ᠬᠠᠮᠲᠤ ᠨᠠᠶᠢᠷᠠᠭᠤᠯᠤᠨ ᠵᠣᠬᠢᠶᠠᠬᠤ ᠶᠢ ᠪᠠᠭᠲᠠᠭᠠᠪᠠ ︔ ᠥᠪᠡᠷᠲᠡᠭᠡᠨ ᠵᠠᠰᠠᠬᠤ ᠣᠷᠣᠨ ᠤ ︽ ᠶᠡᠷᠦᠩᠬᠡᠶᠢᠯᠡᠭᠰᠡᠨ ᠨᠢᠭᠡ ᠴᠣᠩᠬᠤᠪᠴᠢ ︾ ᠶᠢᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠳᠤ ᠲᠦᠰᠢᠭᠯᠡᠨ ᠂ ︽ ᠪᠦᠭᠦ ᠣᠷᠣᠨ ᠳᠤ ᠨᠡᠶᠢᠳᠡᠮ ᠭᠦᠢᠴᠡᠳᠬᠡᠬᠦ ︾ ᠴᠢᠳᠠᠮᠵᠢ ᠶᠢᠨ ᠬᠡᠰᠡᠭ ᠢ ᠨᠡᠮᠡᠭᠳᠡᠭᠦᠯᠵᠦ ᠂ ᠪᠦᠭᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠣᠨᠳᠣᠣ ᠭᠠᠵᠠᠷ ᠲᠤ ᠣᠷᠣᠯᠠᠨ ᠮᠠᠲ᠋ᠧᠷᠢᠶᠠᠯ ᠬᠤᠷᠢᠶᠠᠬᠤ ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠭᠦᠢᠯᠭᠡᠭᠡᠯᠡᠬᠦ ᠶᠢ ᠪᠡᠶᠡᠯᠡᠭᠦᠯᠪᠡ ︔ ︽ ᠪᠦᠭᠦ ᠣᠷᠣᠨ ᠳᠤ ᠨᠡᠶᠢᠳᠡᠮ ᠭᠦᠢᠴᠡᠳᠬᠡᠬᠦ ︾ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠂ ︽ ᠪᠦᠭᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯ ᠤᠨ ᠨᠠᠷᠢᠨ ᠳᠠᠩᠰᠠ ᠵᠡᠷᠭᠡ ᠶᠢ ᠨᠡᠶᠢᠲᠡᠯᠡᠪᠡ ᠃      ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠤᠨ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠤᠭᠤᠲᠤ ᠬᠤᠲᠠ ᠪᠠ ᠣᠷᠳᠣᠰ ᠬᠤᠲᠠ ᠳᠤ ᠬᠦᠷᠴᠦ ᠂ 5 ᠬᠤᠰᠢᠭᠤ ︵ ᠰᠢᠶᠠᠨ ᠂ ᠲᠣᠭᠤᠷᠢᠭ ︶ ᠶᠢᠨ 27 ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠂ 9 ᠲᠤᠰᠬᠠᠢ ᠮᠡᠷᠭᠡᠵᠢᠯᠲᠡᠨ ᠢ ᠰᠤᠷᠪᠤᠯᠵᠢᠯᠠᠨ ᠶᠠᠷᠢᠯᠴᠠᠵᠤ ᠂ ᠨᠡᠶᠢᠲᠡ 104 ᠬᠥᠮᠥᠨ ᠲᠠᠢ ᠶᠠᠷᠢᠯᠴᠠᠵᠤ ᠂ ᠦᠨᠳᠦᠰᠦᠨ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 12 ᠪᠣᠳᠠᠲᠠᠢ ᠬᠦᠴᠢᠷᠳᠡᠯ ᠪᠠ ᠠᠰᠠᠭᠤᠳᠠᠯ ᠤᠨ ᠲᠤᠬᠠᠢ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠂ ᠭᠠᠳᠠᠭᠠᠳᠤ ᠪᠡᠯᠡ ᠶᠢ ᠶᠡᠭᠡ ᠪᠠᠷ ᠣᠷᠣᠭᠤᠯᠤᠨ ᠠᠪᠴᠢᠷᠠᠬᠤ ᠪᠠ ᠠᠰᠢᠭᠯᠠᠬᠤ ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ 10 ᠵᠦᠢᠯ ᠤᠨ ᠠᠷᠭᠠᠴᠠᠭᠠᠬᠤ ᠪᠣᠳᠣᠯᠭ᠎ᠠ ᠠᠷᠭ᠎ᠠ ᠬᠡᠮᠵᠢᠶ᠎ᠡ ᠶᠢ ᠵᠠᠳᠠᠯᠤᠨ ᠳᠤᠷᠠᠳᠪᠠ ᠃      ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ ᠂ ︽ ᠬᠤᠶᠠᠷ ᠶᠡᠭᠡ ᠶᠠᠪᠤᠳᠠᠯ ︾ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠂ ᠰᠠᠶᠢᠨ ᠬᠡᠷᠡᠭᠵᠢᠭᠦᠯᠦᠭᠴᠢ ᠂ ᠰᠠᠶᠢᠨ ᠠᠵᠢᠯᠯᠠᠭᠴᠢ ᠂ ᠪᠣᠳᠠᠲᠠᠢ ᠠᠵᠢᠯᠯᠠᠭᠴᠢ ᠪᠣᠯᠣᠨ᠎ᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号