ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠤᠨ ᠬᠤᠭᠤᠴᠠᠭᠠᠨ ᠳᠤ 2399 ᠢᠵᠢ ᠲᠠᠸᠠᠷ ᠤᠨ ᠭᠡᠷ ᠪᠠᠶᠢᠰᠢᠩ ᠤᠨ ᠠᠷᠠᠯᠵᠢᠶ᠎ᠠ ᠳᠣᠬᠢᠷᠠᠵᠦ ᠶᠡᠷᠦᠩᠬᠡᠢ ᠵᠣᠭᠤᠰ ᠤᠨ ᠲᠤᠭ᠎ᠠ ᠨᠢ 22.6 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2023/5/10
      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠤᠨ ᠬᠤᠭᠤᠴᠠᠭᠠᠨ ᠳᠤ᠂ ᠪᠥᠬᠦ ᠣᠷᠣᠨ ᠤ 2399 ᠢᠵᠢ ᠲᠠᠸᠠᠷ ᠤᠨ ᠭᠡᠷ ᠪᠠᠶᠢᠰᠢᠩ ᠠᠷᠠᠯᠵᠢᠶ᠎ᠠ ᠲᠣᠬᠢᠷᠠᠵᠤ᠂ ᠠᠷᠠᠯᠵᠢᠶᠠᠯᠠᠭᠰᠠᠨ ᠲᠠᠯᠠᠪᠠᠶ ᠨᠢ 37 ᠲᠦᠮᠡᠨ ᠺᠦᠸᠠᠳ᠋ ᠮᠧᠲᠷ᠂ ᠨᠡᠶᠢᠲᠡ ᠵᠣᠭᠤᠰ ᠤᠨ ᠲᠤᠭ᠎ᠠ ᠨᠢ 22.6 ᠳ᠋ᠦᠩᠰᠢᠭᠤᠷ ᠲᠥᠭᠦᠷᠢᠭ ᠲᠤ ᠬᠦᠷᠴᠦ᠂ 15000 ᠢᠵᠢ ᠲᠠᠸᠠᠷ ᠤᠨ ᠭᠡᠷ ᠪᠠᠶᠢᠰᠢᠩ ᠢ ᠳᠠᠩᠰᠠᠯᠠᠭᠤᠯᠤᠭᠰᠠᠨ ᠪᠥᠭᠡᠳ ᠶᠠᠭᠠᠷᠠᠮᠠᠭ ᠲᠤ ᠣᠷᠣᠯᠴᠠᠭᠰᠠᠨ ᠪᠥᠬᠦ ᠣᠷᠣᠨ ᠤ ᠬᠥᠮᠥᠨ ᠤ ᠲᠤᠭ᠎ᠠ 85 ᠲᠦᠮᠡᠨ ᠬᠥᠮᠥᠨ ᠤᠳᠠᠭ᠎ᠠ ᠶᠢ ᠳᠠᠪᠠᠵᠠᠢ᠃     ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠴᠢᠨᠠᠭᠰᠢᠳᠠ ᠤᠯᠠᠮ ᠬᠥᠪᠴᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠥᠭᠵᠢᠬᠦ ᠶᠢ ᠠᠬᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠬᠦᠭᠵᠢᠯᠲᠡ ᠶᠢ ᠠᠬᠢᠭᠤᠯᠵᠤ᠂ ᠠᠰᠠᠷ ᠲᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠭᠠᠷᠠᠮᠠᠭ ᠢ ᠥᠪᠥᠷ ᠮᠣᠩᠭᠤᠯ ᠤᠨ 12 ᠠᠶᠢᠮᠠᠭ ᠬᠤᠲᠠ ᠳᠤ ᠵᠡᠷᠭᠡ ᠪᠠᠷ ᠡᠬᠢᠯᠡᠭᠦᠯᠵᠦ᠂ 5 ᠡᠳᠦᠷ ᠲᠥᠪᠯᠡᠷᠡᠭᠦᠯᠦᠨ ᠶᠠᠪᠤᠭᠳᠠᠭᠤᠯᠤᠨ᠎ᠠ᠃ ᠡᠭᠦᠨ ᠳᠤ᠂ ᠤᠯᠠᠭᠠᠨᠴᠠᠪ ᠬᠤᠲᠠ 5 ᠳ᠋ᠤᠭᠠᠷ ᠰᠠᠷ᠎ᠠ ᠶᠢᠨ 7 ᠤ ᠡᠳᠦᠷ ᠬᠦᠷᠲᠡᠯ᠎ᠡ ᠤᠷᠲᠤᠳᠬᠠᠨ ᠶᠠᠪᠤᠭᠳᠠᠭᠤᠯᠵᠤ᠂ ᠪᠤᠭᠤᠲᠤ ᠬᠤᠲᠠ 5 ᠳ᠋ᠤᠭᠠᠷ ᠰᠠᠷ᠎ᠠ ᠶᠢᠨ 28 ᠤ ᠡᠳᠦᠷ ᠬᠦᠷᠲᠡᠯ᠎ᠡ᠂ ᠬᠥᠯᠥᠨ ᠪᠤᠶᠢᠷ ᠬᠤᠲᠠ 5 ᠳ᠋ᠤᠭᠠᠷ ᠰᠠᠷ᠎ᠠ ᠶᠢᠨ ᠰᠡᠭᠦᠯᠴᠢ ᠬᠦᠷᠲᠡᠯ᠎ᠡ ᠤᠷᠲᠤᠳᠬᠠᠨ ᠶᠠᠪᠤᠭᠳᠠᠭᠤᠯᠤᠨ᠎ᠠ᠃     ᠲᠠᠨᠢᠯᠴᠠᠭᠤᠯᠤᠭᠰᠠᠨ ᠢᠶᠠᠷ᠂ ᠲᠤᠰ ᠤᠳᠠᠭᠠᠨ ᠤ ᠶᠠᠭᠠᠷᠠᠮᠠᠭ ᠨᠢ ᠭᠡᠷ ᠪᠠᠶᠢᠰᠢᠩ ᠭᠠᠵᠠᠷ ᠬᠥᠷᠥᠩᠭᠡ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠳᠡᠯᠭᠡᠨ ᠪᠣᠷᠣᠯᠠᠭᠤᠯᠭ᠎ᠠ ᠬᠢᠵᠦ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷ ᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷ ᠲᠠᠢ ᠬᠡᠷᠡᠭᠴᠡᠭᠡ ᠶᠢ ᠳᠡᠮᠵᠢᠬᠦ ᠪᠠᠷ ᠡᠭᠦᠰᠦᠯᠲᠡ ᠪᠣᠯᠭᠠᠨ᠂ ᠠᠷᠠᠳ ᠣᠯᠠᠨ ᠢ ᠨᠠᠩ ᠰᠠᠶᠢᠨ ᠭᠡᠷ ᠪᠠᠶᠢᠰᠢᠩ ᠳᠤ ᠰᠠᠭᠤᠯᠭᠠᠬᠤ ᠪᠠᠷ ᠬᠠᠷᠠᠯᠲᠠ ᠪᠣᠯᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠡᠯᠡ ᠣᠷᠤᠭᠤᠯᠤᠯᠲᠠ ᠶᠢ ᠥᠷᠭᠡᠳᠬᠡᠬᠦ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠳᠠᠮ ᠤᠨ ᠭᠡᠷ ᠪᠠᠶᠢᠰᠢᠩ ᠤᠨ ᠠᠷᠠᠯᠵᠢᠶ᠎ᠠ᠂ ᠣᠷᠣᠨ ᠰᠠᠭᠤᠴᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠭᠡᠷ ᠳᠣᠲᠣᠷᠠᠬᠢ ᠵᠠᠰᠠᠯ ᠴᠢᠮᠡᠭᠯᠡᠯ᠂ ᠠᠳᠠᠯ ᠠᠬᠤᠢ ᠶᠢᠨ ᠬᠠᠮᠢᠶᠠᠷᠤᠯᠲᠠ᠂ ᠪᠣᠬᠢᠷᠲᠤᠯ ᠦᠭᠡᠢ ᠪᠠᠷᠢᠯᠭ᠎ᠠ ᠬᠢᠭᠡᠳ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠳᠠᠮᠵᠢ ᠣᠯᠭᠤᠭᠰᠠᠨ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠭᠰᠠᠨ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠭᠰᠡᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠪᠡ᠃     ᠶᠠᠭᠠᠷᠠᠮᠠᠭ ᠤᠨ ᠬᠤᠭᠤᠴᠠᠭᠠᠨ ᠳᠤ᠂ ᠡᠯ᠎ᠡ ᠠᠶᠢᠮᠠᠭ ᠬᠤᠳᠠ ᠬᠡᠷᠡᠭᠯᠡᠭᠡ ᠶᠢ ᠪᠦᠬᠦ ᠬᠦᠴᠦᠨ ᠢᠶᠠᠷ ᠢᠶᠠᠨ ᠳᠠᠶᠢᠴᠢᠯᠠᠭᠰᠠᠨ ᠪᠠᠶᠢᠨ᠎ᠠ᠃ ᠪᠤᠭᠤᠲᠤ ᠬᠤᠲᠠ ᠭᠡᠷ ᠪᠠᠶᠢᠰᠢᠩ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭᠲᠦ ᠲᠠᠷᠬᠠᠭᠠᠬᠤ᠂ 100% ᠶᠢᠨ ᠭᠡᠷᠡᠲᠦ ᠭᠠᠶᠢᠯᠢ ᠶᠢᠨ ᠨᠥᠬᠦᠪᠦᠷᠢ ᠥᠭᠬᠦ ᠵᠡᠷᠭᠡ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠡᠭᠦᠨ ᠤ ᠬᠠᠮᠲᠤ᠂ ᠰᠦᠯᠵᠢᠶᠡᠨ ᠠᠴᠠ ᠭᠠᠳᠠᠭᠤᠷᠬᠢ + ᠰᠦᠯᠵᠢᠶᠡᠨ ᠳᠡᠭᠡᠷᠡᠬᠢ ᠬᠤᠶᠠᠷ ᠵᠦᠢᠯ ᠤᠨ ᠠᠷᠭ᠎ᠠ ᠶᠢ ᠬᠡᠷᠡᠭᠵᠢᠭᠦᠯᠦᠭᠰᠡᠨ ᠠᠴᠠ ᠬᠤᠲᠠ ᠶᠢᠨ ᠠᠷᠠᠳ ᠰᠦᠯᠵᠢᠶᠡᠨ ᠳᠡᠭᠡᠷ᠎ᠡ ᠠᠴᠠ ᠭᠡᠷ ᠪᠠᠶᠢᠰᠢᠩ ᠦᠵᠡᠬᠦ ᠪᠠ ᠰᠣᠩᠭᠤᠵᠤ ᠪᠣᠯᠣᠨ᠎ᠠ︔ ᠬᠥᠬᠡᠬᠤᠲᠠ ︽ᠨᠢᠭᠡ ᠯᠡ ᠥᠷᠲᠡᠭᠡᠴᠢᠯᠡᠭᠰᠡᠨ ᠮᠠᠶ᠋ᠢᠭ︾ ᠢᠶᠠᠷ ᠭᠡᠷ ᠪᠠᠶᠢᠰᠢᠩ ᠬᠤᠳᠠᠯᠳᠤᠨ ᠠᠪᠬᠤ ᠦᠢᠯᠡᠴᠢᠯᠡᠭᠡ ᠬᠠᠩᠭᠠᠵᠤ᠂ ᠭᠤᠣᠯ ᠬᠤᠷᠠᠯ ᠤᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠲᠣᠬᠢᠷᠠᠭᠤᠯᠵᠤ ᠂ ᠭᠡᠷ ᠪᠠᠶᠢᠰᠢᠩ ᠤᠨ ᠨᠠᠷᠠᠲᠤ ᠠᠵᠤ ᠠᠬᠤᠶᠢᠯᠠᠯ ᠤᠳ ᠢ ᠴᠤᠭᠯᠠᠭᠤᠯᠤᠭᠰᠠᠨ ᠮᠥᠷᠲᠡᠭᠡᠨ ᠭᠡᠷ ᠪᠠᠶᠢᠰᠢᠩ ᠤᠨ ᠡᠯ᠎ᠡ ᠲᠣᠮᠣ ᠠᠵᠤ ᠠᠬᠤᠶᠢᠯᠠᠯ ᠴᠥᠮ ᠠᠳᠠᠯᠢ ᠪᠤᠰᠤ ᠬᠡᠮᠵᠢᠶᠡᠨ ᠤ ᠬᠠᠷᠠᠭᠠᠯᠵᠠᠯ ᠦᠵᠡᠭᠦᠯᠵᠦ᠂ ᠬᠤᠲᠠ ᠶᠢᠨ ᠠᠷᠠᠳ ᠤᠨ ᠭᠡᠷ ᠪᠠᠶᠢᠰᠢᠩ ᠦᠵᠡᠬᠦ᠂ ᠰᠣᠩᠭᠤᠬᠤ ᠪᠠ ᠬᠤᠳᠠᠯᠳᠤᠨ ᠠᠪᠬᠤ ᠳᠤ ᠨᠢ ᠲᠥᠬᠦᠮ ᠦᠵᠡᠭᠦᠯᠦᠭᠰᠡᠨ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃     ᠲᠣᠰ ᠤᠳᠠᠭᠠᠨ ᠤ ᠶᠠᠭᠠᠷᠠᠮᠠᠭ ᠨᠢ ᠣᠷᠣᠨ ᠰᠠᠭᠤᠴᠠ ᠶᠢᠨ ᠬᠡᠷᠡᠭᠯᠡᠭᠡᠨ ᠤ ᠢᠲᠡᠭᠡᠯ ᠢ ᠬᠥᠪᠴᠢᠯᠡᠨ᠂ ᠪᠥᠬᠦ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠭᠦᠭᠵᠢᠬᠦ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号