ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/5/10
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 9 ᠤ ᠴᠠᠬᠢᠯᠭᠠᠨ ᠮᠡᠳᠡᠭᠡ   5 ᠰᠠᠷ᠎ᠠ ᠶᠢᠨ 8 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ ᠃      ᠰᠢ ᠶᠢᠨ ᠫᠢᠩ ᠂ ᠣᠶᠢᠷ᠎ᠠ ᠶᠢᠨ ᠡᠳᠦᠷ ᠷᠦᠸᠠᠨᠳᠠ ᠶᠢᠨ ᠤᠯᠠᠨ ᠭᠠᠵᠠᠷ ᠰᠢᠷᠦᠭᠦᠨ ᠪᠣᠷᠣᠭᠠᠨ ᠤ ᠭᠠᠮᠰᠢᠭ ᠲᠤ ᠲᠠᠭᠠᠷᠢᠬᠳᠠᠵᠤ ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠭᠠᠷᠴᠠᠢ ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠂ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ ᠂ ᠠᠳᠡᠭᠰᠡᠳ ᠤᠨ ᠭᠡᠷ ᠪᠦᠯᠢ ᠂ ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠃ ᠷᠦᠸᠠᠨᠳᠠ ᠯᠠᠪᠲᠠᠢ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号