ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠠᠴᠠ 11 ᠤ ᠡᠳᠦᠷ ᠠᠯᠪᠠᠨ ᠵᠠᠷ | ᠨᠡᠶᠢᠲᠡᠯᠡᠵᠦ ᠂ 2023 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠢᠯᠢ ᠶᠢᠨ ᠪᠣᠭᠤᠮᠲᠠ ᠪᠠᠷ | ᠲᠦᠷᠭᠡᠨ ᠥᠩᠭᠡᠷᠡᠬᠦ ᠶᠢ ᠪᠥᠬᠦ ᠲᠠᠯ᠎ᠠ ᠪᠠᠷ ᠰᠡᠷᠭᠦᠭᠡᠨ ᠬᠡᠷᠡᠭᠵᠢᠭᠦᠯᠵᠦ ᠂ ᠳᠣᠲᠣᠷ᠎ᠠ ᠭᠠᠵᠠᠷ ᠤᠨ ᠰᠠᠭᠤᠭᠠᠯᠢ | ᠠᠷᠠᠳ ᠤᠨ ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ ᠨᠡᠶᠢᠲᠡ ᠶᠢᠨ ᠴᠣᠬᠤᠯᠠᠪᠤᠷᠢ ᠶᠢ ︽ᠪᠥᠬᠦ | ᠤᠯᠤᠰ ᠲᠤ ᠨᠡᠶᠢᠳᠡᠮ ᠭᠦᠢᠴᠡᠳᠬᠡᠬᠦ ︾ ᠵᠡᠷᠭᠡ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠳᠥᠷᠪᠡᠨ | ᠵᠦᠢᠯ ᠤᠨ ᠲᠣᠬᠢᠷᠠᠭᠤᠯᠤᠨ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠪᠥᠬᠦ | ᠲᠠᠯ᠎ᠠ ᠪᠠᠷ ᠰᠡᠷᠭᠦᠭᠡᠨ ᠂ ᠳᠤᠮᠳᠠᠳᠤ ᠭᠠᠳᠠᠭᠠᠳᠤ ᠶᠢᠨ ᠬᠢᠯᠢ ᠪᠠᠷ ᠣᠷᠣᠵᠤ ᠭᠠᠷᠬᠤ ᠬᠥᠮᠥᠰ ᠤᠨ ᠶᠠᠪᠤᠯᠴᠠᠭ᠎ᠠ ᠶᠢ | ᠤᠯᠠᠮ ᠨᠢᠭᠡ ᠠᠯᠬᠤᠮ ᠪᠠᠲᠤᠯᠠᠬᠤ ᠪᠠ ᠲᠥᠬᠦᠮ ᠦᠵᠡᠭᠦᠯᠵᠦ ᠂ ᠦᠢᠯᠡᠴᠢᠯᠡᠭᠡᠨ ᠤ ᠭᠠᠳᠠᠭᠰᠢ ᠨᠡᠭᠡᠭᠡᠯᠲᠡ ᠬᠢᠬᠦ ᠶᠢ | ᠠᠬᠢᠭᠤᠯᠬᠤ ᠪᠠᠷ ᠪᠣᠢ ᠃ | ᠬᠢᠯᠢ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠥᠬᠦ ᠲᠠᠯ᠎ᠠ ᠪᠠᠷ ᠰᠡᠷᠭᠦᠭᠡᠨ᠎ᠡ᠃ 1 ᠳ᠋ᠦ᠋ᠭᠡᠷ ᠰᠠᠷ᠎ᠠ ᠶᠢᠨ | 8 ᠤ ᠡᠳᠦᠷ ᠰᠢᠶᠠᠩᠭᠠᠩ ᠣᠣᠮᠧᠨ ᠲᠠᠢ ᠬᠥᠷᠰᠢᠯᠡᠵᠦ ᠪᠠᠶᠢᠭ᠎ᠠ ᠬᠢᠯᠢ ᠶᠢᠨ ᠪᠣᠭᠤᠮᠲᠠ ᠶᠢᠨ ᠪᠠᠶᠢᠴᠠᠭᠠᠯᠲᠠ ᠪᠠ | ᠲᠦᠷᠭᠡᠨ ᠥᠩᠭᠡᠷᠡᠬᠦ ᠶᠢ ᠰᠡᠷᠭᠦᠭᠡᠭᠰᠡᠨ ᠰᠠᠭᠤᠷᠢᠨ ᠳᠡᠭᠡᠷ᠎ᠡ ᠂ ᠬᠢᠵᠢᠭ ᠤᠨ ᠪᠠᠶᠢᠳᠠᠯ ᠠᠴᠠ ᠡᠮᠦᠨ᠎ᠡ ᠬᠡᠷᠡᠭᠵᠢᠭᠦᠯᠵᠦ | ᠪᠠᠶᠢᠭᠰᠠᠨ ᠠᠷᠭ᠎ᠠ ᠪᠠ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠩ ᠤᠨ ᠫᠠᠰᠫᠣᠷᠲ ᠂ ᠰᠢᠶᠠᠩᠭᠠᠩ ᠣᠣᠮᠧᠨ ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ ᠂ ᠲᠠᠶᠢᠸᠠᠨ ᠳᠤ | ᠢᠷᠡᠵᠦ ᠶᠠᠪᠤᠬᠤ ᠨᠡᠪᠲᠡᠷᠡᠬᠦ ᠦᠨᠡᠮᠯᠡᠯ ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ | ᠢᠷᠡᠵᠦ ᠶᠠᠪᠤᠬᠤ ᠨᠡᠪᠲᠡᠷᠡᠬᠦ ᠦᠨᠡᠮᠯᠡᠯ ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠢᠷᠡᠵᠦ ᠶᠠᠪᠤᠬᠤ | ᠨᠡᠪᠲᠡᠷᠡᠬᠦ ᠦᠨᠡᠮᠯᠡᠯ ︵5 ᠵᠢᠯ ᠳᠤ ᠬᠦᠴᠦᠨ ᠲᠠᠢ︶ ᠂ ᠨᠢᠭᠡ ᠵᠢᠯ ᠳᠤ ᠣᠯᠠᠨ ᠤᠳᠠᠭ᠎ᠠ ᠬᠢᠯᠢ ᠪᠠᠷ ᠣᠷᠣᠵᠤ ᠭᠠᠷᠬᠤ | ᠨᠡᠪᠲᠡᠷᠡᠬᠦ ᠦᠨᠡᠮᠯᠡᠯ ᠲᠠᠢ ᠳᠤᠮᠳᠠᠳᠤ ᠤᠯᠤᠰ ᠤᠨ ᠢᠷᠭᠡᠨ ︔ ᠭᠠᠳᠠᠭᠠᠳᠤ ᠶᠢᠨ ᠫᠠᠰᠫᠣᠷᠲ ᠪᠠ ᠭᠠᠳᠠᠭᠠᠳᠤ ᠶᠢᠨ | ᠢᠷᠭᠡᠨ ᠤ ᠥᠨᠢᠳᠡ ᠣᠷᠣᠰᠢᠨ ᠰᠠᠭᠤᠬᠤ ᠦᠨᠡᠮᠯᠡᠯ ᠂ ᠭᠠᠳᠠᠭᠠᠳᠤ ᠶᠢᠨ ᠡᠯᠧᠺᠲᠷᠣᠨ ᠫᠠᠰᠫᠣᠷᠲ ᠵᠢᠴᠢ 6 | ᠰᠠᠷ᠎ᠠ ᠠᠴᠠ ᠳᠡᠭᠡᠭᠰᠢ ᠣᠷᠣᠰᠢᠨ ᠰᠠᠭᠤᠬᠤ ᠵᠥᠪᠰᠢᠶᠡᠷᠡᠯ ᠲᠠᠢ ᠭᠠᠳᠠᠭᠠᠳᠤ ᠶᠢᠨ ᠢᠷᠭᠡᠨ︔ ᠲᠣᠭᠲᠠᠮᠠᠯ | ᠬᠤᠭᠤᠴᠠᠭ᠎ᠠ ᠲᠠᠢ ᠪᠠᠷ ᠣᠯᠠᠨ ᠤᠯᠤᠰ ᠤᠨ ᠡᠭᠡᠯᠵᠢ ᠶᠢᠨ ᠨᠢᠰᠬᠡᠯ ᠳᠡᠭᠡᠷ᠎ᠡ ᠠᠵᠢᠯᠯᠠᠵᠤ ᠪᠠᠶᠢᠭ᠎ᠠ ᠳᠤᠮᠳᠠᠳᠤ | ᠤᠯᠤᠰ ᠤᠨ ᠬᠠᠷᠢᠶᠠᠯᠠᠯ ᠲᠠᠢ ᠨᠢᠰᠦᠯᠲᠡ ᠶᠢᠨ ᠪᠠᠭ ᠤᠨ ᠠᠵᠢᠯᠲᠠᠨ ᠪᠠ ᠸᠢᠰᠠ ᠠᠪᠬᠤ ᠦᠭᠡᠢ ᠪᠠᠷ ᠬᠢᠯᠢ ᠳᠤ | ᠣᠷᠣᠵᠤ ᠪᠣᠯᠬᠤ ᠡᠰᠡᠪᠡᠯ ᠨᠢᠭᠡᠨᠲᠡ 1 ᠵᠢᠯ ᠠᠴᠠ ᠳᠡᠭᠡᠭᠰᠢ ︵ᠪᠠᠭᠲᠠᠨ᠎ᠠ︶ ᠠᠶᠠᠨᠴᠢᠳ ᠤᠨ ᠦᠢᠯᠡᠴᠢᠯᠡᠭᠡᠨ ᠤ ᠂ | ᠲᠤᠰᠢᠶᠠᠯ ᠡᠭᠦᠷᠭᠡᠯᠡᠬᠦ ᠸᠢᠰᠠ ᠪᠤᠶᠤ ᠣᠷᠣᠰᠢᠨ ᠰᠠᠭᠤᠬᠤ ᠭᠡᠷᠡᠴᠢ ᠲᠡᠮᠳᠡᠭ ᠠᠪᠤᠭᠰᠠᠨ ᠭᠠᠳᠠᠭᠠᠳᠤ ᠤᠯᠤᠰ ᠤᠨ | ᠬᠠᠷᠢᠶᠠᠯᠠᠯ ᠲᠠᠢ ᠨᠢᠰᠦᠯᠲᠡ ᠶᠢᠨ ᠪᠠᠭ ᠤᠨ ᠠᠵᠢᠯᠲᠠᠨ ᠬᠢᠯᠢ ᠶᠢᠨ ᠪᠠᠶᠢᠴᠠᠭᠠᠯᠲᠠ ᠶᠢᠨ ᠲᠦᠷᠭᠡᠨ ᠨᠡᠪᠲᠡᠷᠡᠬᠦ ᠵᠠᠮ ᠢᠶᠠᠷ | ᠨᠡᠪᠲᠡᠷᠡᠵᠦ ᠪᠣᠯᠣᠨ᠎ᠠ᠃ | ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ | ᠨᠡᠶᠢᠲᠡ ᠶᠢᠨ ᠴᠣᠬᠤᠯᠠᠪᠤᠷᠢ ᠶᠢ ︽ ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠢ ᠬᠡᠷᠡᠭᠵᠢᠭᠦᠯᠬᠦ ᠶᠢ ᠪᠥᠬᠦ | ᠲᠠᠯ᠎ᠠ ᠪᠠᠷ ᠰᠡᠷᠭᠦᠭᠡᠨ᠎ᠡ ᠃ ᠳᠣᠲᠣᠷ᠎ᠠ ᠭᠠᠵᠠᠷ ᠤᠨ ᠰᠠᠭᠤᠭᠠᠯᠢ ᠠᠷᠠᠳ ᠪᠥᠬᠦ ᠤᠯᠤᠰ ᠤᠨ ᠳᠤᠷ᠎ᠠ ᠶᠢᠨ ᠨᠢᠭᠡᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ | ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ ᠨᠡᠶᠢᠲᠡ ᠶᠢᠨ ᠴᠣᠬᠤᠯᠠᠪᠤᠷᠢ ᠶᠢᠨ ᠭᠤᠶᠤᠴᠢᠯᠠᠯ ᠢᠶᠠᠨ ᠲᠤᠰᠢᠶᠠᠵᠤ | ᠪᠣᠯᠣᠨ᠎ᠠ ᠂ ᠭᠤᠶᠤᠴᠢᠯᠠᠬᠤ ᠭᠠᠷ ᠭᠦᠢᠴᠡᠳᠬᠡᠯ ᠨᠢ ᠡᠷᠦᠬᠡ ᠠᠮᠠ ᠶᠢᠨ ᠬᠠᠷᠢᠶᠠᠯᠠᠯ ᠤᠨ ᠪᠠᠶᠢᠭ᠎ᠠ ᠭᠠᠵᠠᠷ ᠲᠤ | ᠭᠤᠶᠤᠴᠢᠯᠠᠬᠤ ᠭᠠᠷ ᠭᠦᠢᠴᠡᠳᠬᠡᠯ ᠲᠠᠢ ᠠᠳᠠᠯᠢᠬᠠᠨ ᠃ | ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠣᠷᠣᠨ ᠳᠤ ᠣᠴᠢᠵᠤ ᠲᠦᠷᠦᠯ | ᠰᠠᠳᠤᠨ ᠢᠶᠠᠨ ᠡᠷᠭᠢᠵᠦ ᠦᠵᠡᠬᠦ ᠂ ᠠᠵᠢᠯᠯᠠᠬᠤ ᠂ ᠰᠤᠷᠤᠯᠴᠠᠬᠤ ᠭᠡᠷᠡᠴᠢ ᠦᠨᠡᠮᠯᠡᠯ ᠭᠤᠶᠤᠴᠢᠯᠠᠬᠤ ᠶᠢ ︽ ᠪᠥᠬᠦ | ᠤᠯᠤᠰ ᠲᠤ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠦᠨ᠎ᠡ ᠃ ᠳᠣᠲᠣᠷ᠎ᠠ ᠭᠠᠵᠠᠷ ᠤᠨ ᠰᠠᠭᠤᠭᠠᠯᠢ ᠠᠷᠠᠳ | ᠲᠥᠷᠥᠯ ᠰᠠᠳᠤᠨ ᠢᠶᠠᠨ ᠡᠷᠭᠢᠵᠦ ᠦᠵᠡᠬᠦ ᠂ ᠠᠵᠢᠯᠯᠠᠬᠤ ᠂ ᠰᠤᠷᠤᠯᠴᠠᠬᠤ ᠵᠢᠴᠢ ᠡᠮᠨᠡᠭᠦᠯᠬᠦ ᠂ ᠵᠠᠷᠭᠤᠯᠳᠤᠬᠤ ᠂ ᠡᠳ᠋ | ᠬᠥᠷᠥᠩᠭᠡ ᠪᠠᠨ ᠰᠢᠢᠳᠪᠦᠷᠢᠯᠡᠬᠦ ᠵᠡᠷᠭᠡ ᠤᠴᠢᠷ ᠰᠢᠯᠲᠠᠭᠠᠨ ᠢᠶᠠᠷ ᠰᠢᠶᠠᠩᠭᠠᠩ ᠣᠣᠮᠧᠨ ᠣᠷᠣᠨ ᠳᠤ ᠣᠴᠢᠬᠤ ᠪᠠᠷ | ᠲᠥᠯᠥᠪᠯᠡᠵᠦ ᠪᠠᠶᠢᠪᠠᠯ ᠂ ᠪᠥᠬᠦ ᠤᠯᠤᠰ ᠤᠨ ᠳᠤᠷ᠎ᠠ ᠶᠢᠨ ᠨᠢᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠭᠤᠶᠤᠴᠢᠯᠠᠬᠤ ᠤᠴᠢᠷ ᠰᠢᠯᠲᠠᠭᠠᠨ ᠲᠠᠢ ᠪᠠᠨ | ᠬᠠᠷᠠᠭᠠᠯᠵᠠᠭᠰᠠᠨ ᠲᠥᠷᠥᠯ ᠰᠠᠳᠤᠨ ᠢᠶᠠᠨ ᠡᠷᠭᠢᠵᠦ ᠦᠵᠡᠬᠦ ᠂ ᠲᠦᠷ ᠣᠷᠣᠰᠢᠨ ᠰᠠᠭᠤᠬᠤ ᠪᠠ ᠪᠤᠰᠤᠳ ᠭᠤᠷᠪᠠᠨ | ᠲᠥᠷᠥᠯ ᠤᠨ ᠴᠣᠬᠤᠯᠠᠪᠤᠷᠢ ᠶᠢᠨ ᠭᠤᠶᠤᠴᠢᠯᠠᠯ ᠲᠤᠰᠢᠶᠠᠵᠤ ᠪᠣᠯᠣᠨ᠎ᠠ ᠂ ᠭᠤᠶᠤᠴᠢᠯᠠᠬᠤ ᠭᠠᠷ ᠭᠦᠢᠴᠡᠳᠬᠡᠯ ᠨᠢ | ᠡᠷᠦᠬᠡ ᠠᠮᠠ ᠶᠢᠨ ᠬᠠᠷᠢᠶᠠᠯᠠᠯ ᠤᠨ ᠪᠠᠶᠢᠭ᠎ᠠ ᠭᠠᠵᠠᠷ ᠲᠤ ᠭᠤᠶᠤᠴᠢᠯᠠᠬᠤ ᠭᠠᠷ ᠭᠦᠢᠴᠡᠳᠬᠡᠯ ᠲᠠᠢ ᠠᠳᠠᠯᠢᠬᠠᠨ ᠃ | ᠣᠣᠮᠧᠨ ᠳᠤ ᠰᠤᠷᠤᠯᠴᠠᠵᠤ ᠪᠠᠶᠢᠭ᠎ᠠ ᠳᠣᠲᠣᠷ᠎ᠠ ᠭᠠᠵᠠᠷ ᠤᠨ ᠰᠤᠷᠤᠭᠴᠢᠳ ᠤᠨ ᠲᠦᠷ ᠣᠷᠣᠰᠢᠨ ᠰᠠᠭᠤᠬᠤ | ᠴᠣᠬᠤᠯᠠᠪᠤᠷᠢ ᠶᠢᠨ ᠬᠦᠴᠦᠨ ᠲᠠᠢ ᠬᠤᠭᠤᠴᠠᠭ᠎ᠠ ᠶᠢ ᠲᠣᠬᠢᠷᠠᠭᠤᠯᠤᠨ᠎ᠠ ᠃ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠠᠴᠠ ᠣᠣᠮᠧᠨ ᠤ ᠶᠡᠭᠡ ᠳᠡᠭᠡᠳᠦ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠳᠣᠲᠣᠷ᠎ᠠ ᠭᠠᠵᠠᠷ ᠤᠨ ᠰᠤᠷᠤᠭᠴᠢᠳ ᠲᠤ ᠣᠯᠭᠤᠬᠤ ᠲᠦᠷ ᠣᠷᠣᠰᠢᠨ | ᠰᠠᠭᠤᠬᠤ ᠴᠣᠬᠤᠯᠠᠪᠤᠷᠢ ᠶᠢᠨ ᠬᠦᠴᠦᠨ ᠲᠠᠢ ᠬᠤᠭᠤᠴᠠᠭ᠎ᠠ ᠶᠢ ᠬᠠᠮᠤᠭ ᠤᠨ ᠤᠷᠳᠤ ᠳᠤ ᠪᠠᠨ 1 ᠵᠢᠯ ᠠᠴᠠ ᠬᠡᠲᠦᠷᠡᠬᠦ | ᠦᠭᠡᠢ ᠪᠠᠶᠢᠭᠰᠠᠨ ᠢ ᠣᠣᠮᠧᠨ ᠳᠤ ᠰᠤᠷᠤᠯᠴᠠᠬᠤ ᠬᠤᠭᠤᠴᠠᠭ᠎ᠠ ᠲᠠᠢ ᠨᠢ ᠨᠢᠭᠡᠳᠦᠯᠲᠡᠢ ᠪᠣᠯᠭᠠᠬᠤ ᠪᠠᠷ ᠲᠣᠬᠢᠷᠠᠭᠤᠯᠪᠠ ᠃ | | ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠦᠭᠰᠡᠨ ᠤ | ᠳᠠᠷᠠᠭ᠎ᠠ ᠂ ᠬᠢᠯᠢ ᠪᠠᠷ ᠣᠷᠣᠵᠤ ᠭᠠᠷᠬᠤ ᠬᠥᠮᠥᠰ ᠤᠨ ᠦᠨᠡᠮᠯᠡᠯ ᠠᠪᠴᠤ ᠪᠣᠭᠤᠮᠲᠠ ᠥᠩᠭᠡᠷᠡᠬᠦ ᠳᠤ ᠨᠠᠩ ᠲᠥᠬᠦᠮ | ᠪᠣᠯᠣᠨ᠎ᠠ᠃ ᠲᠠᠷᠠᠭᠠᠴᠢ ᠶᠢᠨ ᠠᠯᠬᠤᠮ ᠳᠤ ᠠᠷᠠᠳ ᠣᠯᠠᠨ ᠤ ᠰᠢᠨ᠎ᠡ ᠬᠦᠰᠡᠯ ᠱᠠᠭᠠᠷᠳᠠᠯᠭ᠎ᠠ ᠳᠤ ᠦᠷᠭᠦᠯᠵᠢᠯᠡᠨ | ᠢᠳᠡᠪᠬᠢᠲᠡᠢ ᠬᠠᠷᠢᠭᠤ ᠲᠤᠰᠬᠠᠯ ᠭᠠᠷᠭᠠᠵᠤ ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠳᠤᠮᠳᠠᠳᠤ | ᠭᠠᠳᠠᠭᠠᠳᠤ ᠶᠢᠨ ᠬᠢᠯᠢ ᠪᠠᠷ ᠣᠷᠣᠵᠤ ᠭᠠᠷᠬᠤ ᠬᠥᠮᠥᠰ ᠲᠤ ᠨᠠᠩ ᠴᠢᠨᠠᠷ ᠰᠠᠶᠢᠲᠠᠢ ᠂ ᠥᠨᠳᠥᠷ ᠪᠦᠲᠦᠮᠵᠢᠲᠡᠢ ᠂ | ᠳᠥᠭᠦᠮ ᠳᠥᠲᠡ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠨ᠎ᠠ᠃ ᠣᠯᠠᠨ | ᠨᠡᠶᠢᠲᠡ ᠪᠠᠷ ᠢᠶᠠᠨ ᠠᠯᠪᠠᠨ ᠵᠠᠷ ᠤᠨ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠬᠤ ᠶᠢ ᠬᠦᠰᠡᠪᠡᠯ ᠂ ᠤᠯᠤᠰ ᠤᠨ | ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ 12367 ᠦᠢᠯᠡᠴᠢᠯᠡᠭᠡᠨ ᠤ ᠲᠠᠪᠴᠠᠩ ᠲᠠᠢ | ᠬᠠᠷᠢᠯᠴᠠᠵᠤ ᠨᠠᠷᠢᠨ ᠯᠠᠪᠯᠠᠭ᠎ᠠ ᠠᠪᠴᠤ ᠪᠣᠯᠣᠨ᠎ᠠ ᠭᠡᠵᠡᠢ ᠃ | | | |