ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇ 2023 ﹈ 11 ᠳ᠋ᠦ᠋ᠭᠡᠷ ᠲᠣᠭᠠᠲᠤ | | ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ | ᠨᠢᠭᠡᠴᠢ ᠳᠤ ᠄ | ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ | ᠠᠭᠤᠷᠬᠠᠢ ᠶᠢᠨ ︽ 2 · 22 ︾ ᠤᠨ ᠣᠨᠴᠠ ᠬᠦᠨᠳᠦ ᠶᠡᠭᠡ ᠶᠡᠭᠦᠷᠡᠭᠰᠡᠨ ᠠᠳᠡᠯ ᠤᠨ ᠰᠤᠷᠭᠠᠮᠵᠢ ᠶᠢ ᠭᠦᠨᠵᠡᠭᠡᠢ | ᠲᠣᠭᠲᠠᠭᠠᠵᠤ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠷᠠᠭᠤᠯᠵᠤ ᠂ ᠠᠶᠤᠯ ᠦᠭᠡᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠂ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠵᠤ ᠂ ᠡᠳᠦᠭᠡ ᠪᠦᠬᠦ ᠣᠷᠣᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ ᠃ | | ᠨᠢᠭᠡ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠦᠷᠲᠡᠭ ᠪᠣᠯᠭᠠᠵᠤ ᠪᠣᠯᠬᠤ ᠦᠭᠡᠢ ᠤᠯᠠᠭᠠᠨ | ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠨ ᠂ ︽ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ | ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ︾ ᠢ ᠴᠢᠩᠭ᠎ᠠ ᠬᠡᠷᠡᠭᠵᠢᠭᠦᠯᠵᠦ ᠂ | ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠂ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠢ ᠭᠦᠢᠴᠡᠳ ᠴᠢᠩᠭ᠎ᠠ ᠲᠣᠬᠢᠷᠠᠭᠤᠯᠵᠤ ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠨ ᠂ ᠵᠠᠳᠠᠭᠠᠢ ᠨᠡᠭᠦᠷᠡᠰᠦᠨ ᠠᠭᠤᠷᠬᠠᠢ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠥᠬᠦᠷᠵᠢᠭᠦᠯᠦᠨ | ᠲᠣᠬᠢᠷᠠᠭᠤᠯᠵᠤ ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠷᠢᠰᠢᠯ ᠢ ᠰᠢᠯᠢᠳᠡᠭᠵᠢᠭᠦᠯᠦᠨ ᠂ ᠵᠠᠳᠠᠭᠠᠢ | ᠨᠡᠭᠦᠷᠡᠰᠦᠨ ᠠᠭᠤᠷᠬᠠᠢ ᠶᠢᠨ ᠬᠤᠯᠪᠤᠭᠠᠯᠠᠨ ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠦ ᠂ ᠵᠠᠳᠠᠭᠠᠢ ᠨᠡᠭᠦᠷᠡᠰᠦᠨ | ᠠᠭᠤᠷᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ | ᠬᠤᠶᠠᠷ ᠂ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠂ ᠡᠨᠧᠷᠭᠢ ᠶᠢᠨ ᠠᠶᠤᠯ ᠦᠭᠡᠢ | ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠠᠵᠢᠯᠯᠠᠵᠤ ᠶᠡᠷᠦᠩᠬᠡᠢ ᠳᠤ ᠨᠢ ᠠᠳᠬᠤᠬᠤ ᠦᠢᠯᠡᠳᠦᠯ ᠢᠶᠠᠨ | ᠪᠠᠳᠠᠷᠠᠭᠤᠯᠤᠨ ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠭᠠᠵᠠᠷ ᠬᠥᠳᠡᠯᠦᠯᠲᠡ ᠂ ᠴᠠᠭ ᠠᠭᠤᠷ ᠂ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠪᠠᠶᠢᠭᠤᠯᠵᠤ ᠂ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ ᠂ ᠵᠠᠳᠠᠭᠠᠢ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠵᠤ ᠂ ᠭᠠᠵᠠᠷ ᠬᠥᠳᠡᠯᠦᠯᠲᠡ ᠂ ᠲᠤᠶᠢᠯ ᠤᠨ ᠭᠠᠢ ᠭᠠᠮᠰᠢᠭᠲᠤ ᠴᠠᠭ ᠠᠭᠤᠷ ᠂ ᠭᠠᠵᠠᠷ ᠰᠢᠨᠵᠢᠯᠡᠭᠡᠨ ᠤ | ᠭᠠᠢ ᠭᠠᠮᠰᠢᠭ ᠂ ᠳᠠᠭᠠᠭᠤᠯᠢ ᠣᠳᠣᠨ ᠤ ᠵᠢᠷᠤᠭ ᠳᠦᠷᠰᠦ ᠵᠡᠷᠭᠡ ᠶᠢᠨ ᠬᠢᠨᠠᠨ ᠰᠢᠨᠵᠢᠭᠰᠡᠨ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ ᠃ | ᠭᠤᠷᠪᠠ ᠂ ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠬᠠᠤᠯᠢ ᠶᠢ ᠴᠢᠩᠭ᠎ᠠ ᠬᠡᠷᠡᠭᠵᠢᠭᠦᠯᠦᠨ ᠂ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠬᠢᠬᠦ | ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ︔ ᠵᠠᠳᠠᠭᠠᠢ ᠨᠡᠭᠦᠷᠡᠰᠦᠨ | ᠠᠭᠤᠷᠬᠠᠢ ᠶᠢᠨ ᠬᠦᠨᠳᠦ ᠶᠡᠭᠡ ᠭᠠᠢ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ | ᠴᠠᠭ ᠲᠤᠬᠠᠢ ᠳᠤ ᠨᠢ ᠬᠢᠨᠠᠨ ᠡᠵᠡᠮᠳᠡᠬᠦ ᠬᠡᠷᠡᠭᠲᠡᠢ ︔ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ | ᠬᠠᠤᠯᠢ ᠠᠴᠠ ᠵᠥᠷᠢᠴᠡᠭᠰᠡᠨ ᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠢᠮᠠᠭᠲᠠ ᠪᠠᠲᠤᠯᠠᠵᠤ ᠂ ᠵᠠᠳᠠᠭᠠᠢ | ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭᠠᠭᠴᠢ ᠵᠡᠷᠭᠡ ︽ ᠵᠠᠩᠭᠢᠯᠠᠭ᠎ᠠ ᠶᠢᠨ | ᠬᠥᠮᠥᠨ ︾ ᠪᠠ ᠠᠭᠤᠷᠬᠠᠢ ᠶᠢᠨ ᠳᠠᠷᠤᠭ᠎ᠠ ᠂ ᠶᠡᠷᠦᠩᠬᠡᠢ ᠢᠨᠵᠧᠨᠧᠷ ᠵᠡᠷᠭᠡ ︽ ᠵᠠᠩᠭᠢᠯᠠᠭ᠎ᠠ ᠶᠢᠨ ᠴᠥᠭᠡᠨ ᠲᠣᠭᠠᠲᠠᠨ ︾ | ᠢ ᠴᠢᠩᠭ᠎ᠠ ᠠᠩᠬᠠᠷᠤᠨ ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠵᠤ ᠂ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠨ᠎ᠡ ᠃ ᠡᠯ᠎ᠡ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠺᠣᠮᠢᠰ ᠤᠨ ᠠᠯᠪᠠᠨ | ᠭᠡᠷ ᠨᠢ ᠬᠢᠨᠠᠯᠲᠠ ᠲᠠᠯᠪᠢᠨ ᠵᠢᠯᠤᠭᠤᠳᠴᠤ ᠵᠣᠬᠢᠴᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠢ ᠃ | ᠳᠥᠷᠪᠡ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ ᠂ ᠪᠣᠳᠠᠲᠠᠢ ᠡᠵᠡᠮᠳᠡᠭᠴᠢ ᠂ ᠪᠣᠳᠠᠲᠠᠢ ᠬᠠᠷᠢᠭᠤᠴᠠᠯᠭᠠᠲᠠᠨ ᠨᠢ ᠡᠷᠬᠡᠪᠰᠢ ᠠᠶᠤᠯ ᠦᠭᠡᠢ | ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠲᠤᠰ | ᠨᠢᠭᠡᠴᠢ ᠶᠢᠨ ᠢᠶᠠᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ︽ | ᠠᠭᠤᠷᠬᠠᠢ ᠶᠢᠨ ᠲᠠᠪᠤᠨ ᠳᠠᠷᠤᠭ᠎ᠠ ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠠᠭᠤᠷᠬᠠᠢ ᠶᠢᠨ | ᠳᠠᠷᠤᠭ᠎ᠠ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠦᠨ ᠂ ᠨᠡᠷ᠎ᠡ ᠶᠢᠨ ᠲᠡᠳᠦᠢ ᠵᠢᠵᠢᠭᠦᠷᠯᠡᠬᠦ ᠦᠢᠯᠡ | ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠵᠠᠳᠠᠭᠠᠢ ᠨᠡᠭᠦᠷᠡᠰᠦᠨ ᠠᠭᠤᠷᠬᠠᠢ ᠨᠤᠭᠤᠳ ᠵᠥᠪᠰᠢᠶᠡᠷᠡᠭᠰᠡᠨ | ᠵᠢᠷᠤᠭ ᠲᠥᠯᠥᠪᠯᠡᠭᠡ ᠶᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ ᠂ ᠬᠢᠨᠠᠨ ᠰᠢᠨᠵᠢᠬᠦ ᠲᠥᠬᠦᠭᠡᠷᠦᠮᠵᠢ ᠶᠢ ᠭᠦᠢᠴᠡᠳ | ᠲᠡᠭᠦᠯᠳᠡᠷ ᠪᠦᠷᠢᠨ ᠰᠠᠶᠢᠨ ᠪᠠᠶᠢᠯᠭᠠᠵᠤ ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠢ ᠪᠦᠷᠢᠨᠰᠢᠭᠦᠯᠬᠦ ᠶᠢᠨ | ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠬᠡᠷᠡᠭᠲᠡᠢ ᠃ | ᠲᠠᠪᠤ ᠂ ᠰᠢᠯᠭᠠᠨ ᠪᠠᠶᠢᠴᠠᠭᠠᠵᠤ ᠬᠡᠮᠵᠢᠨ ᠪᠠᠶᠢᠴᠠᠭᠠᠬᠤ ᠂ ᠵᠢᠷᠤᠭᠯᠠᠨ ᠲᠥᠯᠥᠪᠯᠡᠬᠦ ᠂ ᠦᠨᠡᠯᠡᠬᠦ ᠂ ᠭᠠᠵᠠᠷ | ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ | ᠮᠡᠳᠡᠭᠦᠯᠦᠯᠲᠡ ᠭᠠᠷᠭᠠᠵᠤ ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠃ | ᠪᠣᠳᠠᠲᠤ ᠪᠠᠶᠢᠳᠠᠯ ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ ᠂ ︽ | ᠬᠠᠷ᠎ᠠ ᠲᠠᠩᠰᠠ ︾ ᠶᠢᠨ ᠬᠠᠮᠢᠶᠠᠷᠤᠯᠲᠠ ᠳᠤ ᠣᠷᠣᠭᠤᠯᠵᠤ ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ | ᠬᠡᠷᠡᠭᠲᠡᠢ ᠃ | ᠵᠢᠷᠭᠤᠭ᠎ᠠ ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ ᠂ ︽ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢ ᠲᠥᠷᠥᠯ ᠬᠤᠪᠢᠶᠠᠨ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠶᠢᠨ ᠬᠡᠷᠡᠭᠵᠢᠭᠦᠯᠬᠦ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠂ ᠤᠯᠠᠷᠢᠯ ᠪᠦᠷᠢ ᠵᠠᠳᠠᠭᠠᠢ | ᠨᠡᠭᠦᠷᠡᠰᠦᠨ ᠠᠭᠤᠷᠬᠠᠢ ᠶᠢᠨ ᠲᠥᠷᠥᠯ ᠬᠤᠪᠢᠶᠠᠨ ᠲᠠᠰ ᠦᠨᠡᠯᠡᠬᠦ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ ᠂ | ᠲᠥᠷᠥᠯ ᠬᠤᠪᠢᠶᠠᠨ ᠲᠠᠰ ᠦᠨᠡᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ ᠃ ᠵᠠᠳᠠᠭᠠᠢ ᠨᠡᠭᠦᠷᠡᠰᠦᠨ | ᠠᠭᠤᠷᠬᠠᠢ ᠶᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ ᠤᠨ ᠰᠢᠨᠵᠢᠯᠡᠬᠦ ᠤᠬᠠᠭᠠᠨᠴᠢ ᠬᠡᠷᠡᠭᠯᠡᠯᠲᠡ ᠶᠢ | ᠴᠢᠩᠭᠠᠳᠬᠠᠵᠤ ᠂ C ᠲᠥᠷᠥᠯ ᠤᠨ ᠵᠠᠳᠠᠭᠠᠢ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠂ ᠬᠦᠨᠳᠦ ᠶᠡᠭᠡ ᠠᠳᠡᠯ ᠤᠨ ᠳᠠᠯᠳᠠ | ᠭᠡᠮ ᠣᠷᠣᠰᠢᠵᠤ ᠪᠠᠶᠢᠭ᠎ᠠ ᠶᠢ ᠨᠢ ᠴᠥᠮ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ | ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠵᠤ ᠂ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰᠬᠠᠢ ᠬᠥᠮᠥᠨ ᠲᠣᠮᠢᠯᠠᠨ ᠬᠠᠷᠠᠭᠤᠯᠤᠨ ᠰᠠᠬᠢᠭᠤᠯᠵᠤ ᠂ ᠴᠡᠭᠴᠡᠯᠡᠨ | ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠤ ᠬᠠᠮᠲᠤ ᠠᠮᠤᠷ ᠲᠦᠪᠰᠢᠨ ᠤ ᠲᠠᠯ᠎ᠠ ᠪᠠᠷ ᠰᠢᠯᠭᠠᠨ ᠬᠤᠷᠢᠶᠠᠵᠤ | ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢ ᠨᠢ ᠰᠡᠷᠭᠦᠭᠡᠵᠦ | ᠪᠣᠯᠣᠨ᠎ᠠ ᠃ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ | ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠨᠢ C ᠲᠥᠷᠥᠯ ᠤᠨ ᠨᠡᠭᠦᠷᠡᠰᠦᠨ | ᠠᠭᠤᠷᠬᠠᠢ ᠶᠢᠨ ᠪᠠᠶᠢᠴᠠᠭᠠᠯᠲᠠ ᠶᠢᠨ ᠳᠠᠪᠲᠠᠮᠵᠢ ᠪᠠᠨ ᠨᠡᠮᠡᠭᠳᠡᠭᠦᠯᠬᠦ ᠬᠡᠷᠡᠭᠲᠡᠢ ᠃ ︽ ᠨᠡᠭᠦᠷᠡᠰᠦᠨ ᠠᠭᠤᠷᠬᠠᠢ ᠶᠢᠨ | ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ ︾ ᠶᠢ ᠴᠢᠩᠭ᠎ᠠ ᠵᠢᠷᠤᠮᠯᠠᠨ C ᠲᠥᠷᠥᠯ ᠤᠨ | ᠨᠡᠭᠦᠷᠡᠰᠦᠨ ᠠᠭᠤᠷᠬᠠᠢ ᠳᠤ ᠦᠢᠯᠡᠳᠪᠦᠷᠢᠯᠡᠬᠦ ᠴᠢᠳᠠᠮᠵᠢ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ ᠥᠷᠨᠢᠭᠦᠯᠬᠦ | ᠬᠡᠷᠡᠭᠲᠡᠢ ᠃ | ᠳᠣᠯᠤᠭ᠎ᠠ ᠂ ᠵᠠᠳᠠᠭᠠᠢ ᠨᠡᠭᠦᠷᠡᠰᠦᠨ ᠠᠭᠤᠷᠬᠠᠢ ᠳᠤ ︽ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ | ᠲᠠᠯᠲᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ ᠳᠤ ᠲᠣᠳᠣᠷᠬᠠᠶᠢᠯᠠᠭᠰᠠᠨ ᠬᠦᠨᠳᠦ ᠶᠡᠭᠡ ᠠᠳᠡᠯ ᠤᠨ ᠳᠠᠯᠳᠠ | ᠭᠡᠮ ᠤᠨ ᠪᠠᠶᠢᠳᠠᠯ ᠤᠨ ᠨᠢᠭᠡ ᠨᠢ ᠪᠠᠶᠢᠪᠠᠯ ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ | ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠭᠦᠯᠦᠨ᠎ᠡ ︔ ︽ ᠨᠡᠭᠦᠷᠡᠰᠦᠨ ᠠᠭᠤᠷᠬᠠᠢ ᠶᠢᠨ ᠬᠦᠨᠳᠦ ᠶᠡᠭᠡ ᠠᠳᠡᠯ ᠤᠨ | ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︾ ᠠᠴᠠ ᠭᠠᠳᠠᠨᠠᠬᠢ ᠡᠩ ᠤᠨ ᠳᠠᠯᠳᠠ ᠭᠡᠮ ᠣᠷᠣᠰᠢᠵᠤ | ᠪᠠᠶᠢᠪᠠᠯ ᠂ ᠵᠠᠷᠯᠢᠭᠳᠠᠵᠤ ᠪᠠᠶᠢᠭᠠᠳ ᠳᠠᠯᠳᠠ ᠭᠡᠮ ᠢ ᠲᠡᠷᠡ ᠳᠠᠷᠤᠢ ᠳᠤ ᠨᠢ ᠠᠷᠢᠯᠭᠠᠬᠤ ᠪᠤᠶᠤ ᠬᠤᠭᠤᠴᠠᠭ᠎ᠠ | ᠬᠢᠵᠠᠭᠠᠷᠯᠠᠨ ᠠᠷᠢᠯᠭᠠᠭᠤᠯᠬᠤ ᠬᠡᠷᠡᠭᠲᠡᠢ ᠂ ᠬᠡᠷᠡᠭᠵᠢᠭᠦᠯᠬᠦ ᠶᠢ ᠲᠡᠪᠴᠢᠪᠡᠯ ᠂ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ | ᠨᠠᠢᠮᠠ ᠂ ᠵᠠᠳᠠᠭᠠᠢ ᠨᠡᠭᠦᠷᠡᠰᠦᠨ ᠠᠭᠤᠷᠬᠠᠢ ᠨᠢ ᠰᠠᠷ᠎ᠠ ᠪᠦᠷᠢ ᠳᠤ ᠬᠠᠷᠢᠶ᠎ᠠ ᠭᠠᠵᠠᠷ ᠤᠨ ᠢᠶᠠᠨ ᠨᠡᠭᠦᠷᠡᠰᠦᠨ | ᠠᠭᠤᠷᠬᠠᠢ ᠶᠢᠨ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠂ ᠠᠭᠤᠷᠬᠠᠢ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠰᠠᠯᠠᠭ᠎ᠠ ᠮᠥᠴᠢᠷ ᠲᠤ ᠳᠡᠭᠲᠡᠷ ᠤᠨ ᠥᠨᠳᠥᠷ ᠤᠨ ᠬᠡᠮᠵᠢᠶ᠎ᠡ | ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠦᠴᠦᠨ ᠵᠦᠢᠯ ᠢ ᠮᠡᠳᠡᠭᠦᠯᠵᠦ ᠂ ᠪᠠᠶᠢᠭ᠎ᠠ ᠭᠠᠵᠠᠷ ᠤᠨ ᠠᠶᠢᠮᠠᠭ | ᠬᠤᠲᠠ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ | ᠨᠡᠶᠢᠭᠡᠮ ᠳᠤ ᠨᠡᠶᠢᠲᠡᠯᠡᠬᠦ ᠬᠡᠷᠡᠭᠲᠡᠢ ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠣᠯᠵᠤ ᠮᠡᠳᠡᠪᠡᠯ ᠂ ᠬᠠᠤᠯᠢ | ᠲᠣᠭᠲᠠᠭᠠᠯ ᠶᠣᠰᠣᠭᠠᠷ ᠰᠢᠢᠳᠬᠡᠯ ᠲᠣᠷᠭᠠᠭᠤᠯᠢ ᠥᠭᠬᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠃ | ᠶᠢᠰᠦ ᠂ ᠵᠠᠳᠠᠭᠠᠢ ᠨᠡᠭᠦᠷᠡᠰᠦᠨ ᠠᠭᠤᠷᠬᠠᠢ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ | ᠬᠥᠳᠡᠯᠦᠯᠲᠡ ᠶᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ ᠂ ᠬᠠᠵᠠᠭᠤ ᠪᠡᠯ ᠤᠨ ᠷᠠᠳᠠᠷ ᠢ ᠪᠠᠭᠲᠠᠭᠠᠭᠰᠠᠨ | ᠬᠠᠵᠠᠭᠤ ᠪᠡᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ | ᠰᠢᠰᠲ᠋ᠧᠮ ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ ᠢ ᠪᠠᠶᠢᠭᠤᠯᠵᠤ ᠂ 24 ᠴᠠᠭ ᠤᠨ ᠰᠦᠯᠵᠢᠶᠡᠨ ᠳᠡᠭᠡᠷ᠎ᠡ | ᠬᠢᠨᠠᠨ ᠰᠢᠨᠵᠢᠬᠦ ᠶᠢ ᠬᠡᠷᠡᠭᠵᠢᠭᠦᠯᠬᠦ ᠶᠢᠨ ᠬᠠᠮᠲᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ | ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠯᠦᠭᠡ ᠰᠦᠯᠵᠢᠶ᠎ᠡ ᠪᠠᠨ ᠬᠤᠯᠪᠣᠬᠤ ᠬᠡᠷᠡᠭᠲᠡᠢ ᠃ | ᠬᠠᠵᠠᠭᠤ ᠪᠡᠯ ᠤᠨ ᠵᠥᠷᠢᠭᠳᠡᠯ ᠂ ᠮᠠᠯᠲᠠᠵᠤ ᠬᠤᠭᠤᠰᠤᠷᠠᠭᠤᠯᠤᠭᠰᠠᠨ ᠣᠷᠣᠨ ᠂ ᠬᠠᠶᠠᠭᠳᠠᠮᠠᠯ ᠭᠤᠳᠤᠮᠵᠢᠨ ᠵᠠᠮ ᠵᠡᠷᠭᠡ | ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠯᠠᠵᠤ ᠂ ᠵᠠᠰᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠂ ᠵᠠᠰᠠᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠃ ᠠᠭᠤᠷᠬᠠᠢ ᠮᠠᠯᠲᠠᠬᠤ ᠲᠠᠯᠠᠪᠤᠷ ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ ᠲᠤ ᠡᠷᠬᠡᠪᠰᠢ | ᠵᠠᠷᠯᠠᠨ ᠮᠡᠳᠡᠭᠳᠡᠬᠦ ᠫᠠᠶᠢᠰᠠ ᠲᠠᠯᠪᠢᠵᠤ ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠲᠦᠭᠰᠢᠭᠦᠷᠢ ᠶᠢ | ᠲᠣᠳᠣᠷᠬᠠᠢ ᠪᠢᠴᠢᠵᠦ ᠂ ᠠᠵᠢᠯᠯᠠᠬᠤ ᠬᠥᠮᠥᠰ ᠲᠤ ᠠᠶᠤᠯ ᠠᠴᠠ ᠪᠠᠴᠢᠮ ᠵᠠᠶᠢᠯᠠᠬᠤ ᠪᠠᠶᠢᠳᠠᠯ ᠪᠠ ᠡᠷᠬᠡ ᠶᠢ | ᠲᠣᠳᠣᠷᠬᠠᠢ ᠬᠡᠯᠡᠵᠦ ᠥᠭᠬᠦ ᠬᠡᠷᠡᠭᠲᠡᠶ ︔ ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ | ᠮᠠᠶ᠋ᠢᠭ ᠲᠠᠢ ᠪᠠᠶᠢᠪᠠᠯ ᠂ ᠡᠷᠬᠡᠪᠰᠢ ᠲᠡᠷᠡ ᠳᠠᠷᠤᠢ ᠳᠤ ᠨᠢ ᠠᠵᠢᠯᠯᠠᠬᠤ ᠪᠠᠨ ᠪᠠᠶᠢᠵᠤ ᠂ ᠬᠥᠮᠥᠰ ᠢ ᠵᠠᠶᠢᠯᠠᠭᠤᠯᠤᠨ | ᠶᠠᠪᠤᠭᠤᠯᠬᠤ ᠬᠡᠷᠡᠭᠲᠡᠢ ᠃ | ᠠᠷᠪᠠ ᠂ ᠵᠠᠳᠠᠭᠠᠢ ᠨᠡᠭᠦᠷᠡᠰᠦᠨ ᠠᠭᠤᠷᠬᠠᠢ ᠶᠢᠨ ᠪᠠᠷᠢᠯᠭ᠎ᠠ ᠳᠠᠭᠠᠭᠠᠴᠢᠯᠠᠭᠰᠠᠨ ᠨᠢᠭᠡᠴᠢ ᠳᠠᠬᠢ ᠠᠶᠤᠯ | ᠦᠭᠡᠢ ᠶᠢᠨ ᠬᠠᠮᠢᠶᠠᠷᠤᠯᠲᠠ ᠪᠠᠨ ᠡᠷᠬᠡᠪᠰᠢ ᠴᠢᠩᠭᠠᠳᠬᠠᠬᠤ ᠬᠡᠷᠡᠭᠲᠡᠢ ᠃ ᠨᠡᠭᠦᠷᠡᠰᠦ ᠮᠠᠯᠲᠠᠬᠤ ᠪᠠᠷᠢᠯᠭ᠎ᠠ ᠶᠢ ᠭᠠᠳᠠᠭᠰᠢ | ᠳᠠᠭᠠᠭᠠᠴᠢᠯᠠᠭᠤᠯᠵᠤ ᠪᠣᠯᠬᠤ ᠦᠭᠡᠢ ︔ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠠᠴᠠ | ᠳᠣᠷᠣᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 1 ᠠᠴᠠ | ᠬᠡᠲᠦᠷᠡᠵᠦ ᠪᠣᠯᠬᠤ ᠦᠭᠡᠢ ᠂ ᠦᠢᠯᠡᠳᠪᠦᠷᠢᠯᠡᠯ ᠤᠨ ᠴᠢᠳᠠᠪᠤᠷᠢ ᠨᠢ 500 ᠲᠦᠮᠡᠨ ᠲᠣᠨ / ᠵᠢᠯ ᠵᠢᠴᠢ ᠲᠡᠭᠦᠨ ᠠᠴᠠ | ᠳᠡᠭᠡᠭᠰᠢᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠱᠠᠭᠠᠯᠬᠤ ᠪᠠᠷᠢᠯᠭ᠎ᠠ ᠶᠢ ᠳᠠᠭᠠᠭᠠᠴᠢᠯᠠᠬᠤ ᠨᠢᠭᠡᠴᠢ ᠨᠢ 2 ᠠᠴᠠ | ᠬᠡᠲᠦᠷᠡᠵᠦ ᠪᠣᠯᠬᠤ ᠦᠭᠡᠢ ᠃ ᠳᠠᠭᠠᠭᠠᠴᠢᠯᠠᠭᠰᠠᠨ ᠨᠢᠭᠡᠴᠢ ᠨᠦᠭᠦᠳ ᠨᠢ ᠲᠤᠰ ᠠᠭᠤᠷᠬᠠᠢ ᠶᠢᠨ ᠡᠩᠨᠡᠭᠡ ᠯᠦᠭᠡ | ᠪᠠᠷᠢᠮᠵᠢᠶ᠎ᠠ ᠪᠠᠨ ᠨᠢᠭᠡᠳᠦᠯᠲᠡᠢ ᠪᠣᠯᠭᠠᠵᠤ ᠂ ᠨᠢᠭᠡᠳᠦᠯᠲᠡᠢ ᠬᠠᠮᠢᠶᠠᠷᠬᠤ ᠬᠡᠷᠡᠭᠲᠡᠢ ᠃ ᠵᠠᠳᠠᠭᠠᠢ ᠨᠡᠭᠦᠷᠡᠰᠦᠨ | ᠠᠭᠤᠷᠬᠠᠢ ᠶᠢᠨ ᠳᠠᠭᠠᠭᠠᠴᠢᠯᠠᠯᠲᠠ ᠵᠠᠷᠯᠠᠬᠤ ᠳᠤ ᠲᠣᠰ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠦᠨᠳᠦᠰᠦᠯᠡᠨ ᠂ ᠪᠠᠷᠢᠯᠭ᠎ᠠ ᠳᠠᠭᠠᠭᠠᠴᠢᠯᠠᠬᠤ ᠨᠢᠭᠡᠴᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠬᠤ | ᠬᠡᠷᠡᠭᠲᠡᠶ ︔ ᠳᠠᠭᠠᠭᠠᠴᠢᠯᠠᠯᠲᠠ ᠵᠠᠷᠯᠠᠯᠲᠠ ᠶᠢᠨ ᠳᠣᠣᠷ᠎ᠠ ᠬᠢᠵᠠᠭᠠᠷ ᠦᠨ᠎ᠡ ᠶᠢ ᠲᠣᠭᠲᠠᠭᠠᠬᠤ ᠶᠢᠨ ᠬᠠᠮᠲᠤ | ᠳᠠᠭᠠᠭᠠᠴᠢᠯᠠᠯᠲᠠ ᠬᠦᠯᠢᠶᠡᠬᠦ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠂ ᠴᠢᠳᠠᠪᠤᠷᠢ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠳᠠᠭᠠᠭᠠᠴᠢᠯᠠᠯᠲᠠ ᠣᠨᠣᠬᠤ ᠠᠵᠤ ᠠᠬᠤᠶᠢᠯᠠᠯ ᠢ ᠲᠣᠭᠲᠠᠭᠠᠬᠤ ᠬᠡᠷᠡᠭᠲᠡᠢ ᠂ | ᠳᠥᠭᠦᠮᠬᠡᠨ ᠢᠶᠠᠷ ᠬᠠᠮᠤᠭ ᠤᠨ ᠳᠣᠣᠷ᠎ᠠ ᠦᠨ᠎ᠡ ᠪᠠᠷ ᠳᠠᠭᠠᠭᠠᠴᠢᠯᠠᠯᠲᠠ ᠣᠨᠣᠭᠠᠵᠤ ᠪᠣᠯᠬᠤ ᠦᠭᠡᠢ ᠃ ᠳᠠᠭᠠᠭᠠᠴᠢᠯᠠᠬᠤ | ᠨᠢᠭᠡᠴᠢ ᠶᠢᠨ ᠬᠢᠨ ᠳᠠᠭᠠᠭᠠᠴᠢᠯᠠᠭᠰᠠᠨ ᠪᠠᠷᠢᠯᠭ᠎ᠠ ᠶᠢᠨ ᠭᠤᠣᠯ ᠴᠣᠭᠴᠠ ᠶᠢ ᠬᠤᠪᠢᠶᠠᠨ ᠳᠠᠭᠠᠭᠠᠴᠢᠯᠠᠭᠤᠯᠬᠤ ᠶᠢ ᠨᠢ | ᠴᠠᠭᠠᠵᠠᠯᠠᠵᠤ ᠂ ᠳᠠᠭᠠᠭᠠᠴᠢᠯᠠᠭᠰᠠᠨ ᠨᠢᠭᠡᠴᠢ ᠲᠡᠭᠦᠨ ᠤ ᠥᠪᠡᠷ ᠤᠨ ᠳᠠᠭᠠᠭᠠᠨ ᠠᠪᠤᠭᠰᠠᠨ ᠪᠠᠷᠢᠯᠭ᠎ᠠ ᠪᠠᠨ | ᠰᠢᠯᠵᠢᠭᠦᠯᠦᠨ ᠳᠠᠭᠠᠭᠠᠴᠢᠯᠠᠭᠤᠯᠬᠤ ᠶᠢ ᠴᠠᠭᠠᠵᠠᠯᠠᠬᠤ ᠬᠡᠷᠡᠭᠲᠡᠢ ᠃ | ᠠᠷᠪᠠᠨ ᠨᠢᠭᠡ ᠂ ᠵᠠᠳᠠᠭᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭᠠᠯ ᠶᠣᠰᠣᠭᠠᠷ ᠪᠦᠬᠦ | ᠠᠵᠢᠯᠯᠠᠭᠰᠠᠳ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠲᠤᠰᠢᠶᠠᠨ ᠥᠭᠴᠦ ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠭᠤᠯᠬᠤ ᠬᠡᠷᠡᠭᠲᠡᠢ ᠃ | ᠠᠷᠪᠠᠨ ᠬᠤᠶᠠᠷ ᠂ ᠵᠠᠳᠠᠭᠠᠢ ᠨᠡᠭᠦᠷᠡᠰᠦᠨ ᠠᠭᠤᠷᠬᠠᠢ ᠶᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ ᠂ | ᠠᠳᠠᠯᠢ ᠨᠢᠭᠡ ᠤᠬᠤᠵᠤ ᠮᠠᠯᠲᠠᠬᠤ ᠪᠦᠰᠡ ᠂ ᠮᠠᠯᠲᠠᠵᠤ ᠱᠠᠭᠠᠯᠬᠤ ᠲᠥᠬᠦᠭᠡᠷᠦᠮᠵᠢ ᠶᠢᠨ ᠬᠤᠭᠤᠷᠣᠨᠳᠤᠬᠢ ᠠᠮᠤᠷ | ᠲᠦᠪᠰᠢᠨ ᠤ ᠵᠠᠢ ᠨᠢ 50 ᠮᠧᠲᠷ ᠠᠴᠠ ᠣᠶᠢᠷ᠎ᠠ ᠪᠠᠶᠢᠵᠤ ᠪᠣᠯᠬᠤ ᠦᠭᠡᠢ ᠂ ᠲᠡᠭᠡᠭᠡᠪᠦᠷᠢ ᠶᠢᠨ ᠲᠥᠬᠦᠭᠡᠷᠦᠮᠵᠢ ᠶᠢᠨ | ᠬᠤᠭᠤᠷᠣᠨᠳᠤᠬᠢ ᠠᠮᠤᠷ ᠲᠦᠪᠰᠢᠨ ᠤ ᠵᠠᠢ ᠨᠢ 30 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ ᠃ 300 | ᠮᠧᠲᠷ ᠤᠨ ᠠᠵᠢᠯᠯᠠᠬᠤ ᠱᠤᠭᠤᠮ ᠤᠨ ᠬᠡᠪᠴᠢᠶᠡᠨ ᠳᠣᠲᠣᠷ᠎ᠠ ᠂ ᠳᠡᠭᠡᠷ᠎ᠡ ᠠᠴᠠ ᠳᠣᠷᠣᠭᠰᠢ ᠪᠦᠬᠦ ᠳᠡᠭᠲᠡᠷ ᠲᠤ ᠳᠠᠩ | ᠡᠭᠡᠯᠵᠢ ᠶᠢᠨ ᠠᠵᠢᠯᠯᠠᠬᠤ ᠬᠥᠮᠥᠨ ᠤ ᠲᠤᠭ᠎ᠠ ᠨᠢ 29 ᠬᠥᠮᠥᠨ ᠠᠴᠠ ᠢᠯᠡᠭᠦᠦ ᠪᠠᠶᠢᠵᠤ ᠪᠣᠯᠬᠤ ᠦᠭᠡᠢ ᠃ | ᠠᠷᠪᠠᠨ ᠭᠤᠷᠪᠠ ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠲᠠᠢ ᠬᠠᠮᠲᠤᠷᠠᠨ ᠂ ᠵᠠᠳᠠᠭᠠᠢ ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠂ ᠦᠢᠯᠡᠳᠪᠦᠷᠢᠯᠡᠯ ᠪᠠ ᠠᠵᠢᠯ ᠢᠶᠠᠨ | ᠵᠣᠭᠰᠣᠭᠠᠭᠰᠠᠨ ᠰᠢᠯᠲᠠᠭᠠᠨ ᠂ ᠦᠢᠯᠡᠳᠪᠦᠷᠢᠯᠡᠯ ᠪᠠ ᠠᠵᠢᠯ ᠢᠶᠠᠨ ᠰᠡᠷᠭᠦᠭᠡᠭᠰᠡᠨ ᠴᠣᠬᠤᠯᠠᠪᠤᠷᠢ ᠵᠡᠷᠭᠡ ᠪᠠᠶᠢᠳᠠᠯ ᠢ | ᠴᠠᠭ ᠲᠤᠬᠠᠢ ᠳᠤ ᠨᠢ ᠨᠡᠶᠢᠭᠡᠮ ᠳᠤ ᠢᠯᠡ ᠪᠣᠯᠭᠠᠵᠤ ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ | ᠬᠡᠷᠡᠭᠲᠡᠢ ᠃ | ᠠᠷᠪᠠᠨ ᠳᠥᠷᠪᠡ ᠂ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠨᠡᠭᠦᠷᠡᠰᠦᠨ ᠤ | ᠠᠵᠢᠯ ᠲᠥᠷᠥᠯ ᠤᠨ ᠬᠠᠮᠢᠶᠠᠷᠤᠯᠲᠠ ᠂ ᠨᠡᠭᠦᠷᠡᠰᠦᠨ ᠠᠭᠤᠷᠬᠠᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠂ | ᠠᠭᠤᠷᠬᠠᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠢ ᠶᠢᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠦᠨ ᠂ ᠨᠡᠶᠢᠭᠡᠮ ᠳᠤ ᠢᠯᠡᠴᠢᠯᠡᠨ ᠮᠡᠳᠡᠭᠦᠯᠬᠦ ᠤᠲᠠᠰᠤ ᠪᠠᠨ ᠢᠯᠡ ᠪᠣᠯᠭᠠᠵᠤ ᠂ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠨᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ | ᠬᠡᠷᠡᠭᠲᠡᠢ ᠃ | ᠠᠷᠪᠠᠨ ᠲᠠᠪᠤ ᠂ ᠵᠠᠳᠠᠭᠠᠢ ᠨᠡᠭᠦᠷᠡᠰᠦᠨ ᠠᠭᠤᠷᠬᠠᠢ ᠳᠤ ︽ ᠳᠥᠷᠪᠡᠨ ᠨᠢᠭᠡ ᠪᠦᠯᠦᠭ ︾ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ ᠃ | ︵ ᠨᠢᠭᠡ ︶ ᠨᠢᠭᠡ ᠪᠦᠯᠦᠭ ᠢ ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠨ᠎ᠠ ᠃ ᠬᠦᠨᠳᠦ ᠶᠡᠭᠡ ᠠᠳᠡᠯ ᠤᠨ | ᠳᠠᠯᠳᠠ ᠭᠡᠮ ᠣᠷᠣᠰᠢᠵᠤ ᠂ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠠᠮᠤᠷ ᠲᠦᠪᠰᠢᠨ ᠤ | ᠨᠥᠬᠦᠴᠡᠯ ᠳᠤ ᠬᠦᠷᠴᠦ ᠳᠡᠶᠢᠯᠬᠦ ᠦᠭᠡᠢ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ | ᠬᠠᠭᠠᠯᠭᠠᠨ ᠵᠣᠭᠰᠣᠭᠠᠵᠤ ᠪᠤᠴᠠᠭᠠᠨ ᠭᠠᠷᠭᠠᠬᠤ ᠬᠡᠷᠡᠭᠲᠡᠢ ᠃ | ︵ ᠬᠤᠶᠠᠷ ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ ᠃ ᠡᠬᠢ | ᠪᠠᠶᠠᠯᠢᠭ ᠤᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ ᠂ ᠵᠦᠢ ᠵᠣᠬᠢᠰ ᠦᠭᠡᠢ ᠪᠠᠶᠢᠵᠤ ᠂ ᠠᠭᠤᠷᠬᠠᠢ ᠶᠢᠨ | ᠰᠠᠪᠠ ᠶᠢᠨ ᠲᠠᠯᠠᠪᠠᠢ ᠨᠢ ᠪᠠᠭ᠎ᠠ ᠂ ᠬᠡᠪ ᠤᠨ ᠮᠠᠯᠲᠠᠵᠤ ᠴᠡᠪᠡᠷᠯᠡᠬᠦ ᠠᠵᠢᠯ ᠢ ᠪᠡᠶᠡᠯᠡᠭᠦᠯᠬᠦ ᠶᠢᠨ ᠠᠷᠭ᠎ᠠ ᠦᠭᠡᠢ ᠂ | ᠡᠰᠡᠬᠦᠯ᠎ᠡ ᠬᠠᠵᠠᠭᠤ ᠬᠠᠪᠢ ᠪᠠᠷ ᠬᠢ ᠨᠡᠭᠦᠷᠡᠰᠦᠨ ᠠᠭᠤᠷᠬᠠᠢ ᠠᠶᠤᠯ ᠦᠭᠡᠢ ᠦᠢᠯᠡᠳᠪᠦᠷᠢᠯᠡᠯ ᠢ ᠨᠢ ᠨᠥᠯᠥᠭᠡᠯᠡᠵᠦ | ᠪᠠᠶᠢᠭ᠎ᠠ ᠵᠠᠳᠠᠭᠠᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠵᠤ ᠂ ᠵᠢᠵᠢᠭ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠲᠣᠮᠣ ᠬᠡᠯᠪᠡᠷᠢ ᠶᠢᠨ ᠠᠭᠤᠷᠬᠠᠢ | ᠲᠡᠶᠢᠰᠢ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠨ ᠂ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠬᠤ ᠂ | ᠨᠡᠭᠡᠭᠡᠨ ᠮᠠᠯᠲᠠᠬᠤ ᠶᠢ ᠣᠶᠤᠨᠴᠢᠯᠠᠬᠤ ᠂ ᠲᠣᠨᠤᠭ ᠲᠥᠬᠦᠭᠡᠷᠦᠮᠵᠢ ᠶᠢ ᠬᠦᠨᠳᠦ ᠬᠡᠯᠪᠡᠷᠢᠵᠢᠭᠦᠯᠬᠦ ᠂ ᠡᠩᠨᠡᠭᠡ ᠶᠢ | ᠲᠤᠰᠬᠠᠶᠢᠵᠢᠭᠤᠯᠬᠤ ᠂ ᠬᠠᠮᠢᠶᠠᠷᠤᠯᠲᠠ ᠶᠢ ᠨᠠᠷᠢᠯᠢᠭᠵᠢᠭᠤᠯᠬᠤ ᠪᠠ ᠠᠮᠢ ᠠᠬᠤᠢ ᠶᠢ ᠡᠬᠢ ᠪᠠᠶᠠᠯᠢᠭᠵᠢᠭᠤᠯᠬᠤ ᠶᠢ | ᠪᠡᠶᠡᠯᠡᠭᠦᠯᠬᠦ ᠬᠡᠷᠡᠭᠲᠡᠢ ᠃ | ︵ ᠭᠤᠷᠪᠠ ︶ ᠨᠢᠭᠡ ᠪᠦᠯᠦᠭ ᠢ ᠥᠭᠡᠷᠡᠴᠢᠯᠡᠨ ᠰᠠᠶᠢᠵᠢᠷᠠᠭᠤᠯᠤᠨ᠎ᠠ ᠃ ᠣᠲᠣ ᠶᠢᠨ ᠪᠠᠶᠢᠭ᠎ᠠ | ᠬᠠᠳᠠᠭᠠᠯᠠᠭᠳᠠᠴᠠ ᠪᠠᠷ ᠠᠷᠪᠢᠨ ᠂ ᠲᠤᠬᠠᠢ ᠶᠢᠨ ᠲᠠᠯᠠᠪᠤᠷ ᠢ ᠰᠠᠶᠢᠲᠤᠷ ᠬᠠᠮᠢᠶᠠᠷᠤᠭᠰᠠᠨ ᠂ ᠮᠡᠷᠭᠡᠵᠢᠯ ᠤᠨ ᠠᠵᠢᠯᠲᠠᠨ ᠤ | ᠲᠣᠬᠢᠷᠠᠭᠤᠯᠤᠯᠲᠠ ᠨᠢ ᠰᠠᠶᠢᠨ ᠪᠠᠶᠢᠬᠤ ᠵᠠᠳᠠᠭᠠᠢ ᠨᠡᠭᠦᠷᠡᠰᠦᠨ ᠠᠭᠤᠷᠬᠠᠢ ᠳᠤ ᠵᠢᠯᠣᠭᠤᠴᠢ ᠦᠭᠡᠢ ᠂ ᠬᠠᠵᠠᠭᠤ | ᠪᠠᠯ ᠤᠨ ᠷᠠᠳᠠᠷ ᠤᠨ ᠬᠢᠨᠠᠨ ᠰᠢᠨᠵᠢᠯᠲᠡ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ ᠂ | ᠣᠶᠤᠨᠴᠢᠯᠠᠯᠲᠠ ᠂ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠᠷ ᠳᠠᠮᠵᠢᠭᠤᠯᠤᠨ ᠂ | ᠠᠶᠤᠯ ᠦᠭᠡᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃ | ︵ ᠳᠥᠷᠪᠡ ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠎ᠡ ᠃ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠭᠦᠢᠴᠡᠳ | ᠤᠶᠠᠯᠳᠤᠭᠤᠯᠤᠨ ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ | ᠠᠬᠢᠭᠤᠯᠵᠤ ᠂ ᠣᠳᠣᠬᠢᠴᠢᠯᠠᠭᠰᠠᠨ ᠲᠣᠮᠣ ᠬᠡᠯᠪᠡᠷᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢ ᠰᠢᠨ᠎ᠡ ᠪᠠᠷ ᠪᠠᠶᠢᠭᠤᠯᠬᠤ | ᠬᠡᠷᠡᠭᠲᠡᠢ ᠃ | ᠠᠷᠪᠠᠨ ᠵᠢᠷᠭᠤᠭ᠎ᠠ ᠂ ᠡᠯ᠎ᠡ ᠭᠠᠵᠠᠷ ᠣᠷᠣᠨ ᠨᠢ ᠵᠠᠳᠠᠭᠠᠢ ᠨᠡᠭᠦᠷᠡᠰᠦᠨ ᠠᠭᠤᠷᠬᠠᠢ ᠶᠢᠨ ᠠᠶᠤᠯ ᠦᠭᠡᠢ | ᠦᠢᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠢ ᠶᠢᠨ ᠠᠰᠢᠭᠯᠠᠯᠲᠠ ᠂ ᠠᠭᠤᠷᠬᠠᠢ ᠶᠢᠨ ᠠᠵᠢᠯ | ᠲᠦᠷᠦᠯ ᠤᠨ ᠡᠷᠬᠡ ᠳᠠᠪᠬᠤᠴᠠᠭᠰᠠᠨ ᠵᠡᠷᠭᠡ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ | ᠰᠢᠢᠳᠪᠦᠷᠢᠯᠡᠵᠦ ᠂ ᠬᠠᠵᠠᠭᠤ ᠬᠠᠪᠢ ᠪᠠᠷ ᠬᠢ ᠵᠠᠳᠠᠭᠠᠢ ᠨᠡᠭᠦᠷᠡᠰᠦᠨ ᠠᠭᠤᠷᠬᠠᠢ ᠶᠢᠨ ᠳᠠᠷᠤᠭᠳᠠᠵᠤ ᠪᠠᠶᠢᠭ᠎ᠠ ᠮᠠᠯᠲᠠᠭ᠎ᠠ | ᠦᠭᠡᠢ ᠨᠡᠭᠦᠷᠡᠰᠦᠨ ᠤ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠃ | ᠠᠷᠪᠠᠨ ᠳᠣᠯᠤᠭ᠎ᠠ ᠂ ᠠᠭᠤᠷᠬᠠᠢ ᠶᠢᠨ ᠠᠵᠢᠯ ᠲᠦᠷᠦᠯ ᠤᠨ ᠡᠷᠬᠡ ᠶᠢᠨ ᠲᠣᠬᠢᠷᠠᠭᠤᠯᠤᠯᠲᠠ ᠂ ᠮᠠᠯᠲᠠᠵᠤ ᠪᠣᠯᠬᠤ | ᠬᠦᠷᠢᠶ᠎ᠡ ᠬᠡᠪᠴᠢᠶ᠎ᠡ ᠂ ᠭᠠᠢ ᠭᠠᠮᠰᠢᠭ ᠤᠨ ᠲᠦᠭᠰᠢᠭᠦᠷᠢ ᠵᠡᠷᠭᠡ ᠬᠦᠴᠦᠨ ᠵᠦᠢᠯ ᠤᠳ ᠢ ᠶᠡᠷᠦᠩᠬᠡᠶᠢᠯᠡᠨ | ᠪᠣᠳᠣᠯᠬᠢᠯᠠᠵᠤ ᠂ ᠰᠢᠨᠵᠢᠯᠡᠬᠦ ᠤᠬᠠᠭᠠᠨᠴᠢ ᠪᠠᠷ ᠨᠤᠲᠠᠯᠠᠨ ᠂ ᠵᠠᠳᠠᠭᠠᠢ ᠨᠡᠭᠦᠷᠡᠰᠦᠨ ᠠᠭᠤᠷᠬᠠᠢ ᠠᠴᠠ ᠠᠭᠤᠷᠬᠠᠢ ᠶᠢᠨ | ᠬᠤᠳᠳᠤᠭ ᠲᠤ ᠂ ᠠᠭᠤᠷᠬᠠᠢ ᠶᠢᠨ ᠬᠤᠳᠳᠤᠭ ᠠᠴᠠ ᠵᠠᠳᠠᠭᠠᠢ ᠨᠡᠭᠦᠷᠡᠰᠦᠨ ᠠᠭᠤᠷᠬᠠᠢ ᠳᠤ ᠮᠠᠯᠲᠠᠬᠤ ᠪᠣᠯᠭᠠᠨ | ᠬᠤᠪᠢᠷᠠᠭᠠᠬᠤ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠭᠤᠭᠴᠤᠭ᠎ᠠ ᠶᠢ ᠴᠢᠩᠭ᠎ᠠ | ᠠᠳᠬᠤᠬᠤ ᠬᠡᠷᠡᠭᠲᠡᠢ ᠃ | ᠠᠷᠪᠠᠨ ᠨᠠᠢᠮᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠲᠠᠳ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ ᠂ ᠵᠣᠷᠢᠭᠲᠠᠢ ᠪᠠᠷ ᠲᠡᠮᠡᠴᠡᠵᠦ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠂ | ᠵᠠᠳᠠᠭᠠᠢ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠶᠠᠪᠤᠴᠠ ᠳᠤ ᠠᠮᠵᠢᠯᠲᠠ | ᠪᠦᠲᠦᠮᠵᠢ ᠪᠠᠷ ᠳᠣᠪᠣᠶᠢᠭᠰᠠᠨ ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠶᠢᠨ ᠦᠶ᠎ᠡ ᠳᠤ ᠢᠳᠡᠪᠬᠢᠲᠡᠢ ᠪᠠᠷ | ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ ︔ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | 2023 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2023 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠳᠠᠷᠤᠮᠠᠯᠯᠠᠨ | ᠲᠠᠷᠬᠠᠭᠠᠪᠠ | ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |