ᠰᠢ ᠶᠢᠨ ᠫᠢᠩ ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2023/5/15
      ᠯᠢ ᠴᠢᠶᠠᠩ  ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠤ  ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ

4.jpg

      5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂

ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ

ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ

ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠢᠷᠤᠭ ᠪᠣᠯ 12 ᠤᠨ ᠦᠳᠡ ᠶᠢᠨ

ᠬᠤᠶᠢᠨ᠎ᠠ᠂          ᠰᠢ ᠶᠢᠨ ᠫᠢᠩ ᠱᠢ ᠵᠢᠶᠠ ᠵᠤᠸᠠᠩ ᠬᠤᠲᠠ ᠳᠤ ᠪᠡᠭᠡᠵᠢᠩ ᠲᠢᠶᠠᠨᠵᠢᠨ ᠾᠧᠪᠧᠢ ᠶᠢᠨ

ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ

ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ

5.jpg

      5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂

ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ

ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ

ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠢᠷᠤᠭ ᠪᠣᠯ 11 ᠤ ᠦᠳᠡ ᠶᠢᠨ

ᠡᠮᠦᠨ᠎ᠡ᠂ ᠰᠢ ᠶᠢᠨ ᠫᠢᠩ ᠼᠠᠩᠵᠸᠦ ᠬᠤᠲᠠ ᠶᠢᠨ ᠬᠤᠸᠠᠩ ᠬᠤᠸᠠ ᠬᠤᠲᠠ ᠶᠢᠨ ᠵᠢᠦᠴᠧᠩ ᠪᠠᠯᠭᠠᠰᠤᠨ ᠤ ᠰᠢᠶᠠᠨ

ᠵᠤᠸᠠᠩ ᠲᠣᠭᠤᠷᠢᠭ ᠤᠨ ᠬᠠᠭᠤᠷᠠᠢ ᠬᠤᠵᠢᠷᠯᠢᠭ ᠭᠠᠵᠠᠷ ᠤᠨ ᠪᠤᠭᠤᠳᠠᠢ ᠶᠢᠨ ᠲᠠᠷᠢᠶ᠎ᠠ ᠪᠠᠷ ᠰᠢᠨᠵᠢᠯᠡᠨ

ᠪᠠᠶᠢᠴᠠᠭᠠᠬᠤ ᠳᠠᠭᠠᠨ ᠲᠠᠷᠢᠮᠠᠯ ᠤᠨ ᠡᠷᠦᠭᠡ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠠᠢ

ᠳᠣᠲᠣᠨᠣ ᠪᠠᠷ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ

      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ       ᠰᠢ ᠶᠢᠨ ᠫᠢᠩ ᠣᠶᠢᠷ᠎ᠠ ᠳᠤ ᠾᠧᠪᠧᠢ ᠳᠤ ᠰᠢᠨᠵᠢᠯᠡᠨ

ᠪᠠᠶᠢᠴᠠᠭᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ

ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠢᠲᠡᠭᠡᠯ ᠵᠣᠷᠢᠭ ᠢᠶᠠᠨ

ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠠᠵᠠ ᠲᠣᠭᠢᠶᠠᠯ ᠢ ᠠᠳᠬᠤᠬᠤ᠂ ᠥᠷᠢᠰᠦᠯᠳᠦᠭᠡᠨ ᠢ

ᠠᠷᠭᠠᠴᠠᠭᠠᠬᠤ᠂ ᠬᠢᠮᠤᠷᠠᠯ ᠢ ᠠᠷᠢᠯᠭᠠᠬᠤ᠂ ᠠᠵᠠ ᠲᠣᠭᠢᠶᠠᠯ ᠢ ᠪᠤᠢ ᠪᠣᠯᠭᠠᠬᠤ ᠴᠢᠳᠠᠪᠤᠷᠢ ᠪᠠᠨ ᠴᠢᠩᠭᠠᠳᠬᠠᠵᠤ᠂

ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠩ ᠢᠯᠡᠭᠦᠦ ᠡᠷᠡᠮᠡᠬᠡᠶᠢᠯᠡᠨ ᠲᠡᠮᠡᠴᠡᠵᠦ

ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ

ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠲᠠᠰᠤᠷᠠᠯᠳᠠ ᠦᠭᠡᠢ ᠰᠢᠨ᠎ᠡ

ᠳᠡᠭᠲᠡᠷ ᠲᠤ ᠭᠠᠷᠭᠠᠵᠤ᠂ ᠪᠡᠭᠡᠵᠢᠩ ᠲᠢᠶᠠᠨᠵᠢᠨ ᠾᠧᠪᠧᠢ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ

ᠪᠦᠲᠦᠭᠡᠨ ᠪᠠᠶᠢᠭᠤᠯᠤᠯᠲᠠ ᠶᠢᠨ ᠤᠷᠢᠳ ᠢᠶᠠᠷ ᠬᠡᠷᠡᠭᠵᠢᠭᠦᠯᠬᠦ ᠣᠷᠣᠨ᠂ ᠵᠢᠱᠢᠶ᠎ᠡ ᠦᠵᠡᠭᠦᠯᠭᠦ ᠣᠷᠣᠨ ᠪᠣᠯᠭᠠᠬᠤ ᠪᠠᠷ

ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂

ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ

ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ

ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ

ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ

ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃

      5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ

ᠬᠤᠷᠢᠶ᠎ᠠ ᠶᠢᠨ ᠱᠦᠵᠢ ᠨᠢᠢ ᠶᠤᠸᠠᠢ ᠹᠧᠩ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ

ᠤᠷᠢᠳ ᠬᠤᠵᠢᠳ ᠼᠠᠩᠵᠸᠦ᠂ ᠱᠢ ᠵᠢᠶᠠ ᠵᠤᠸᠠᠩ ᠵᠡᠷᠭᠡ ᠭᠠᠵᠠᠷ ᠲᠤ ᠬᠦᠷᠴᠦ᠂ ᠬᠥᠳᠡᠭᠡ ᠲᠣᠰᠬᠤᠨ᠂ ᠭᠠᠷᠠᠮ᠂

ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠵᠡᠷᠭᠡ ᠳᠤ ᠭᠦᠨᠵᠡᠭᠡᠶᠢᠷᠡᠨ᠂ ᠪᠡᠭᠡᠵᠢᠩ ᠲᠢᠶᠠᠨᠵᠢᠨ ᠾᠧᠪᠧᠢ ᠶᠢᠨ

ᠬᠠᠮᠵᠢᠯᠴᠠᠨ ᠬᠥᠭᠵᠢᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃

      11 ᠤ ᠦᠳᠡ ᠶᠢᠨ ᠡᠮᠦᠨ᠎ᠡ᠂ ᠰᠢ ᠶᠢᠨ ᠫᠢᠩ ᠼᠠᠩᠵᠸᠦ ᠬᠤᠲᠠ ᠳᠤ ᠬᠦᠷᠴᠦ᠂ ᠬᠤᠸᠠᠩ ᠬᠤᠸᠠ

ᠬᠤᠲᠠ ᠶᠢᠨ ᠵᠢᠦᠴᠧᠩ ᠪᠠᠯᠭᠠᠰᠤᠨ ᠤ ᠰᠢᠶᠠᠨ ᠵᠤᠸᠠᠩ ᠲᠣᠭᠤᠷᠢᠭ ᠤᠨ ᠬᠠᠭᠤᠷᠠᠢ ᠬᠤᠵᠢᠷᠯᠢᠭ ᠭᠠᠵᠠᠷ ᠤᠨ

ᠪᠤᠭᠤᠳᠠᠢ ᠶᠢᠨ ᠲᠠᠷᠢᠶ᠎ᠠ ᠪᠠᠷ ᠰᠢᠨᠵᠢᠯᠡᠨ ᠪᠠᠶᠢᠴᠠᠭᠠᠵᠤ᠂ ᠬᠤᠵᠢᠷᠯᠢᠭ ᠭᠠᠵᠠᠷ ᠢ ᠴᠡᠭᠴᠡᠯᠡᠨ ᠵᠠᠰᠠᠭᠰᠠᠨ᠂ ᠬᠠᠭᠤᠷᠠᠢ

ᠬᠤᠵᠢᠷᠯᠢᠭ ᠭᠠᠵᠠᠷ ᠤᠨ ᠪᠤᠭᠤᠳᠠᠢ ᠶᠢ ᠲᠠᠷᠢᠵᠦ ᠳᠡᠯᠭᠡᠷᠡᠭᠦᠯᠦᠭᠰᠡᠨ ᠵᠢᠴᠢ ᠠᠵᠤ ᠦᠢᠯᠡᠰᠵᠢᠭᠦᠯᠦᠭᠰᠡᠨ ᠪᠠᠶᠢᠳᠠᠯ ᠢ

ᠣᠶᠢᠯᠠᠭᠠᠪᠠ᠃ ᠰᠢ ᠶᠢᠨ ᠫᠢᠩ ᠪᠤᠭᠤᠳᠠᠢ ᠶᠢᠨ ᠲᠠᠷᠢᠶᠠᠨ ᠳᠤ ᠠᠯᠬᠤᠨ ᠣᠷᠣᠵᠤ᠂ ᠪᠤᠭᠤᠳᠠᠢ ᠶᠢᠨ ᠤᠷᠭᠤᠯᠲᠠ ᠶᠢᠨ

ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠶᠠᠭ ᠰᠠᠶᠢᠬᠠᠨ ᠲᠠᠷᠢᠶᠠᠨ ᠳᠠᠭᠠᠨ ᠬᠥᠳᠡᠯᠮᠦᠷᠢᠯᠡᠵᠦ ᠪᠠᠶᠢᠭᠰᠠᠨ

ᠲᠠᠷᠢᠮᠠᠯ ᠤᠨ ᠡᠷᠦᠭᠡ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠠᠴᠠ ᠬᠠᠭᠤᠷᠠᠢ ᠬᠤᠵᠢᠷᠯᠢᠭ

ᠭᠠᠵᠠᠷ ᠤᠨ ᠪᠤᠭᠤᠳᠠᠢ ᠶᠢᠨ ᠤᠨᠠᠯᠲᠠ᠂ ᠦᠨ᠎ᠡ ᠬᠠᠩᠰᠢ᠂ ᠶᠠᠰᠤ ᠴᠢᠨᠠᠷ᠂ ᠠᠰᠢᠭ ᠣᠷᠣᠯᠭ᠎ᠠ ᠵᠡᠷᠭᠡ ᠶᠢ ᠯᠠᠪᠯᠠᠨ

ᠠᠰᠠᠭᠤᠪᠠ᠃ ᠰᠢ ᠶᠢᠨ ᠫᠢᠩ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠬᠦ ᠪᠣᠯ ᠨᠢᠭᠡᠨ

ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠮᠥᠨ᠂ ᠡᠷᠬᠡᠪᠰᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠮᠠᠨ ᠤ

ᠤᠯᠤᠰ ᠤᠨ ᠬᠤᠵᠢᠷᠯᠢᠭ ᠭᠠᠵᠠᠷ ᠣᠯᠠᠨ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠶᠡᠭᠡ ᠪᠠᠶᠢᠬᠤ ᠪᠣᠳᠠᠲᠤ

ᠪᠠᠶᠢᠳᠠᠯ ᠳᠤ ᠰᠠᠭᠤᠷᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠵᠠᠩᠭᠢᠯᠠᠭ᠎ᠠ ᠶᠢᠨ

ᠦᠢᠯᠡᠳᠦᠯ ᠢ ᠪᠠᠳᠠᠷᠠᠭᠤᠯᠵᠤ᠂ ᠬᠤᠵᠢᠷᠯᠢᠭ ᠭᠠᠵᠠᠷ ᠢ ᠥᠭᠡᠷᠡᠴᠢᠯᠡᠨ ᠳᠡᠭᠡᠭᠰᠢᠯᠡᠭᠦᠯᠬᠦ ᠡᠷᠴᠢᠮ ᠢᠶᠠᠨ

ᠴᠢᠩᠭᠠᠷᠠᠭᠤᠯᠤᠨ᠂ ᠬᠤᠵᠢᠷᠯᠢᠭ ᠭᠠᠵᠠᠷ ᠲᠤ ᠲᠣᠬᠢᠷᠠᠬᠤ ᠲᠠᠷᠢᠮᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ

ᠳᠡᠯᠭᠡᠷᠡᠭᠦᠯᠬᠦ ᠶᠢ ᠴᠢᠩᠭᠠᠳᠬᠠᠵᠤ᠂ ᠲᠣᠬᠢᠷᠠᠬᠤ ᠲᠠᠷᠢᠮᠠᠯ ᠤᠨ ᠲᠠᠷᠢᠬᠤ ᠲᠠᠯᠠᠪᠠᠶ ᠶᠢ ᠪᠦᠲᠦᠮᠵᠢᠲᠡᠢ ᠥᠷᠭᠡᠳᠬᠡᠨ᠂

ᠨᠠᠷᠢᠯᠢᠭ ᠡᠳ᠋ᠰᠢᠭᠦᠯᠬᠦ ᠶᠢ ᠢᠳᠡᠪᠬᠢᠲᠡᠢ ᠬᠥᠭᠵᠢᠭᠦᠯᠵᠦ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠭᠡᠬᠦ

ᠡᠨᠡ ᠬᠦ ᠲᠣᠮᠣ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃

      11 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠸᠠᠩ ᠬᠤᠸᠠ ᠭᠠᠷᠠᠮ ᠤᠨ ᠨᠡᠭᠦᠷᠡᠰᠦᠨ ᠤ ᠭᠠᠷᠠᠮ ᠤᠨ

ᠲᠣᠭᠤᠷᠢᠭ ᠤᠨ ᠭᠠᠷᠠᠮ ᠳᠤ ᠬᠦᠷᠴᠦ᠂ ᠾᠧᠪᠧᠢ ᠮᠤᠵᠢ ᠶᠢᠨ ᠭᠠᠷᠠᠮ ᠢ ᠨᠡᠶᠢᠳᠬᠡᠨ ᠬᠥᠭᠵᠢᠭᠦᠯᠬᠦ ᠪᠠ ᠬᠤᠸᠠᠩ

ᠬᠤᠸᠠ ᠭᠠᠷᠠᠮ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ

ᠣᠶᠢᠯᠠᠭᠠᠪᠠ᠃ ᠰᠢ ᠶᠢᠨ ᠫᠢᠩ᠂ ᠾᠧᠪᠧᠢ ᠶᠢᠨ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ᠂ ᠲᠠᠯᠠᠢ ᠶᠢᠨ

ᠲᠡᠭᠡᠭᠡᠪᠦᠷᠢ ᠶᠢᠨ ᠨᠥᠬᠦᠴᠡᠯ ᠲᠦᠭᠦᠮ᠂ ᠭᠠᠷᠠᠮ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠡᠬᠢ

ᠪᠠᠶᠠᠯᠢᠭ ᠢ ᠨᠡᠶᠢᠳᠬᠡᠬᠦ ᠶᠢ ᠦᠷᠭᠦᠯᠵᠢᠯᠡᠨ ᠠᠬᠢᠭᠤᠯᠵᠤ᠂ ᠭᠠᠷᠠᠮ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ

ᠰᠢᠯᠢᠳᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ᠂ ᠰᠢᠶᠦ᠋ᠩ ᠠᠨ ᠰᠢᠨ᠎ᠡ

ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠢ

ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ

ᠬᠡᠷᠡᠭᠴᠡᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ

ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠨᠡᠩ ᠶᠡᠭᠡ

ᠦᠢᠯᠡᠳᠦᠯ ᠪᠠᠳᠠᠷᠠᠭᠤᠯᠬᠤ ᠬᠡᠷᠡᠭᠲᠡᠢ᠃ ᠬᠤᠸᠠᠩ ᠬᠤᠸᠠ ᠭᠠᠷᠠᠮ ᠨᠢ ᠮᠠᠨ ᠤ ᠤᠯᠤᠰ ᠤᠨ ᠪᠠᠷᠠᠭᠤᠨ ᠣᠷᠣᠨ ᠤ

ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠴᠢᠬᠤᠯᠠ ᠬᠦᠢᠰᠦ

ᠭᠠᠷᠠᠮ ᠪᠣᠯᠤᠭᠰᠠᠨ ᠤ ᠬᠤᠪᠢ ᠳᠤ᠂ ᠭᠠᠷᠠᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂

ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠤᠯᠠᠨ ᠴᠢᠳᠠᠮᠵᠢᠲᠤ᠂

ᠶᠡᠷᠦᠩᠬᠡᠶᠢᠯᠡᠭᠰᠡᠨ ᠴᠢᠨᠠᠷᠲᠠᠢ᠂ ᠣᠳᠣᠬᠢᠴᠢᠯᠠᠭᠰᠠᠨ ᠶᠡᠭᠡ ᠭᠠᠷᠠᠮ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

12 ᠤᠨ ᠦᠳᠡ ᠶᠢᠨ ᠡᠮᠦᠨ᠎ᠡ᠂ ᠰᠢ ᠶᠢᠨ ᠫᠢᠩ ᠱᠢ ᠵᠢᠶᠠ ᠵᠤᠸᠠᠩ ᠬᠤᠳᠠ ᠳᠤ ᠪᠠᠶᠢᠭ᠎ᠠ ᠳᠤᠮᠳᠠᠳᠤ ᠤᠯᠤᠰ ᠤᠨ

ᠡᠯᠧᠺᠲᠷᠣᠨ ᠤ ᠰᠢᠨᠵᠢᠯᠡᠬᠦ ᠤᠬᠠᠭᠠᠨ ᠤ ᠠᠵᠤ ᠦᠢᠯᠡᠰ ᠤᠨ ᠰᠠᠭᠤᠷᠢ ᠰᠤᠳᠤᠯᠭᠠᠨ ᠤ ᠬᠦᠷᠢᠶᠡᠯᠡᠩ ᠳᠤ ᠰᠢᠨᠵᠢᠯᠡᠨ

ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠵᠢᠴᠢ ᠦᠢᠯᠡᠳᠬᠦᠨ ᠢ ᠰᠤᠳᠤᠯᠤᠨ ᠨᠡᠭᠡᠭᠡᠵᠦ

ᠪᠠᠶᠢᠬᠤ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ ᠪᠠᠶᠢᠬᠤ᠂ ᠪᠡᠶ᠎ᠡ ᠪᠠᠨ ᠳᠠᠭᠠᠭᠠᠭᠰᠠᠨ

ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ ᠪᠠᠶᠢᠬᠤ ᠵᠡᠷᠭᠡ ᠪᠠᠶᠢᠳᠠᠯ ᠢ ᠣᠶᠢᠯᠠᠭᠠᠵᠤ᠂

ᠦᠢᠯᠡᠳᠪᠦᠷᠢᠯᠡᠯ ᠤᠨ ᠲᠠᠰᠤᠭ ᠲᠤ ᠣᠷᠣᠵᠤ ᠢᠯᠲᠠᠰᠤ ᠶᠢᠨ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ

᠃ ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ

ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂

ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ

ᠪᠣᠳᠣᠯᠭ᠎ᠠ ᠶᠢᠨ ᠲᠤᠯᠭᠠᠭᠤᠷᠢᠯᠠᠯ ᠮᠥᠨ᠂ ᠡᠷᠬᠡᠪᠰᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ

ᠬᠠᠨᠳᠤᠭᠤᠯᠵᠤ᠂ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠰᠲ᠋ᠧᠮ ᠲᠠᠢ ᠪᠠᠶᠢᠷᠢᠰᠢᠭᠤᠯᠵᠤ᠂

ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠳᠠᠪᠠᠭᠤᠯᠢᠭ ᠢ ᠪᠠᠳᠠᠷᠠᠭᠤᠯᠵᠤ᠂

ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ

ᠬᠡᠷᠡᠭᠲᠡᠢ ᠭᠡᠵᠦ ᠵᠢᠭᠠᠵᠤ ᠭᠠᠷᠭᠠᠵᠠᠢ᠃ ᠲᠡᠷᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ

ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠣᠷᠭᠢᠯ ᠳᠤ

ᠵᠣᠷᠢᠭᠲᠠᠢ ᠠᠪᠠᠷᠢᠵᠤ᠂ ᠬᠤᠰᠢᠭᠤᠷᠠᠯ ᠮᠡᠷᠭᠡᠵᠢᠯ ᠢ ᠲᠠᠰᠤᠷᠠᠯᠲᠠ ᠦᠭᠡᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠣᠮᠣ ᠤᠯᠤᠰ ᠤᠨ ᠴᠢᠬᠤᠯᠠ

ᠲᠣᠨᠣᠭᠯᠠᠯ ᠢ ᠨᠠᠩ ᠣᠯᠠᠨ ᠦᠢᠯᠡᠳᠦᠭᠡᠷᠡᠢ ᠭᠡᠵᠦ ᠵᠣᠷᠢᠭᠵᠢᠭᠤᠯᠪᠠ᠃

      ᠰᠢ ᠶᠢᠨ ᠫᠢᠩ ᠳᠠᠷᠠᠭ᠎ᠠ ᠨᠢ ᠱᠢ ᠵᠢᠶᠠ ᠵᠤᠸᠠᠩ ᠬᠤᠳᠠ ᠶᠢᠨ ᠳᠡᠯᠡᠬᠡᠢ ᠶᠢᠨ ᠠᠮᠢᠳᠤ ᠪᠣᠳᠠᠰ ᠤᠨ ᠡᠮ

ᠡᠮᠨᠡᠯᠭᠡ ᠶᠢᠨ ᠬᠦᠷᠢᠶᠡᠯᠡᠩ ᠤᠨ ᠲᠥᠯᠦᠪᠵᠢᠭᠦᠯᠭᠡ ᠶᠢᠨ ᠦᠵᠡᠭᠦᠯᠭᠡ ᠶᠢᠨ ᠣᠷᠳᠣᠨ ᠳᠤ ᠰᠢᠨᠵᠢᠯᠡᠨ ᠪᠠᠶᠢᠴᠠᠭᠠᠵᠤ᠂

ᠱᠢ ᠵᠢᠶᠠ ᠵᠤᠸᠠᠩ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ

ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮ ᠡᠮᠨᠡᠯᠭᠡ ᠶᠢᠨ ᠪᠦᠲᠦᠭᠡᠭᠳᠡᠬᠦᠨ ᠤ ᠦᠵᠡᠭᠦᠯᠭᠡ ᠶᠢ ᠪᠠᠶᠢᠴᠠᠭᠠᠨ

ᠦᠵᠡᠵᠦ᠂ ᠡᠮ ᠤᠨ ᠵᠦᠢᠯᠡᠰ ᠢ ᠰᠤᠳᠤᠯᠤᠨ ᠨᠡᠭᠡᠭᠡᠵᠦ ᠦᠢᠯᠡᠳᠪᠦᠷᠢᠯᠡᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠰᠢ

 ᠶᠢᠨ ᠫᠢᠩ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠤᠯᠤᠰ ᠤᠨ ᠡᠳ᠋ ᠤᠨ ᠵᠠᠰᠠᠭ ᠠᠷᠠᠳ ᠤᠨ

ᠠᠮᠢᠳᠤᠷᠠᠯ ᠪᠣᠯᠣᠨ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ

ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ᠎ᠠ᠃ ᠰᠠᠭᠤᠷᠢ ᠰᠤᠳᠤᠯᠭᠠᠨ ᠪᠣᠯᠣᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠡᠮ

ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠠᠮᠢᠨ ᠰᠤᠳᠠᠰᠤ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ

ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠤᠮᠳᠠᠳᠤ

ᠤᠯᠤᠰ ᠤᠨ ᠬᠥᠮᠥᠨ ᠤ ᠠᠮᠢ ᠨᠠᠰᠤᠨ ᠤ ᠭᠧᠨ ᠤ ᠤᠯᠠᠮᠵᠢᠯᠠᠯ ᠪᠣᠯᠣᠨ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠤᠨ

ᠣᠨᠴᠠᠯᠢᠭ ᠲᠤ ᠲᠣᠬᠢᠷᠠᠬᠤ ︽ᠳᠤᠮᠳᠠᠳᠤ ᠤᠯᠤᠰ ᠤᠨ ᠡᠮ︾ ᠢ ᠨᠡᠩ ᠤᠯᠠᠨ ᠰᠤᠳᠤᠯᠤᠨ ᠨᠡᠭᠡᠭᠡᠵᠦ

ᠦᠢᠯᠡᠳᠪᠦᠷᠢᠯᠡᠨ᠂ ᠢᠯᠠᠩᠭᠤᠶ᠎ᠠ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ

ᠬᠥᠭᠵᠢᠭᠦᠯᠬᠦ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃

      12 ᠤᠨ ᠦᠳᠡ ᠶᠢᠨ ᠬᠤᠶᠢᠨ᠎ᠠ᠂ ᠰᠢ ᠶᠢᠨ ᠫᠢᠩ ᠱᠢ ᠵᠢᠶᠠ ᠵᠤᠸᠠᠩ ᠬᠤᠳᠠ ᠳᠤ ᠪᠡᠭᠡᠵᠢᠩ ᠲᠢᠶᠠᠨᠵᠢᠨ

ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ

᠃ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ᠂ ᠲᠢᠶᠠᠨᠵᠢᠨ ᠬᠤᠲᠠ ᠶᠢᠨ ᠨᠠᠮ ᠤᠨ

ᠬᠤᠷᠢᠶ᠎ᠠ ᠶᠢᠨ ᠱᠦᠵᠢ ᠴᠧᠨ ᠮᠢᠨ ᠡᠯ ᠤᠷᠢᠳ ᠬᠤᠵᠢᠳ ᠦᠭᠡ ᠬᠡᠯᠡᠵᠦ᠂ ᠪᠡᠭᠡᠵᠢᠩ ᠬᠤᠲᠠ ᠶᠢᠨ ᠨᠠᠮ ᠤᠨ

ᠬᠤᠷᠢᠶ᠎ᠠ ᠶᠢᠨ ᠱᠦᠵᠢ ᠶᠢᠨ ᠯᠢ ᠪᠢᠴᠢᠭ ᠤᠨ ᠬᠡᠯᠪᠡᠷᠢ ᠪᠠᠷ ᠦᠭᠡ ᠬᠡᠯᠡᠵᠦ᠂ ᠪᠡᠭᠡᠵᠢᠩ ᠲᠢᠶᠠᠨᠵᠢᠨ ᠾᠧᠪᠧᠢ ᠶᠢᠨ

ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠦ᠂ ᠰᠠᠨᠠᠯ

ᠰᠠᠨᠠᠭᠤᠯᠭ᠎ᠠ ᠳᠤᠷᠠᠳᠪᠠ᠃

      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ

ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠾᠧᠪᠧᠢ ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠣᠯᠣᠭᠰᠠᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠂ ᠾᠧᠪᠧᠢ ᠶᠢᠨ ᠬᠢᠨ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ

ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ

ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ

ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂

ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠠᠮ ᠢ ᠨᠡᠭᠡᠭᠡᠵᠦ᠂

ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠ ᠰᠢᠶᠦ᠋ᠩ ᠠᠨ ᠰᠢᠨ᠎ᠡ

ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤᠮᠳᠠ ᠰᠢᠨ᠎ᠡ ᠡᠭᠦᠷᠭᠡᠯᠡᠯ ᠢ

ᠢᠯᠡᠷᠡᠭᠦᠯᠵᠦ᠂ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤᠮᠳᠠ

ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠰᠢᠨ᠎ᠡ

ᠳᠠᠪᠠᠭᠤᠯᠢᠭ ᠢ ᠪᠣᠶᠢᠵᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ

ᠭᠠᠷᠭᠠᠵᠤ᠂ ᠠᠵᠤ ᠠᠬᠤᠢ ᠶᠢᠨ ᠬᠦᠴᠦᠷᠬᠡᠭ ᠮᠤᠵᠢ᠂ ᠦᠵᠡᠰᠬᠦᠯᠡᠩᠲᠦ ᠰᠠᠶᠢᠬᠠᠨ ᠾᠧᠪᠧᠢ ᠶᠢ ᠲᠦᠷᠭᠡᠳᠬᠡᠨ

ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠠᠬᠢ

ᠾᠧᠪᠧᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠪᠡ᠃

      ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ

ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠪᠡᠭᠡᠵᠢᠩ ᠲᠢᠶᠠᠨᠵᠢᠨ ᠾᠧᠪᠧᠢ 3 ᠮᠤᠵᠢ

ᠬᠤᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠥᠪ ᠤᠨ ᠬᠤᠯᠪᠣᠭᠳᠠᠯ ᠪᠦᠬᠦᠢ

ᠰᠠᠯᠠᠭ᠎ᠠ ᠮᠥᠴᠢᠷ ᠪᠠ ᠨᠢᠭᠡᠴᠢ ᠶᠡᠭᠡ ᠪᠠᠷ ᠳᠡᠮᠵᠢᠨ ᠬᠠᠮᠵᠢᠯᠴᠠᠵᠤ᠂ ᠶᠡᠭᠡ ᠬᠡᠮᠵᠢᠶᠡᠨ ᠤ ᠦᠷ᠎ᠡ ᠪᠦᠲᠦᠮᠵᠢᠲᠡᠢ ᠠᠵᠢᠯ

ᠬᠢᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠨᠢ ᠰᠢᠨ᠎ᠡ ᠢᠯᠡᠷᠬᠡᠢ ᠦᠷ᠎ᠡ ᠪᠦᠲᠦᠮᠵᠢ ᠣᠯᠵᠤ

᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠠᠵᠢᠯ ᠠᠩᠬ᠎ᠠ ᠠᠯᠬᠤᠮ ᠦᠷ᠎ᠡ

ᠪᠦᠲᠦᠮᠵᠢ ᠣᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠱᠠᠲᠤᠴᠢ

ᠴᠢᠨᠠᠷᠲᠠᠢ ᠦᠷ᠎ᠡ ᠪᠦᠲᠦᠭᠡᠯ ᠣᠯᠵᠤ᠂ ᠪᠡᠭᠡᠵᠢᠩ ᠤᠨ ᠬᠤᠲᠠ ᠶᠢᠨ ᠳᠡᠳ᠋ ᠲᠥᠪ ᠤᠨ ᠴᠢᠨᠠᠷ ᠰᠠᠶᠢᠲᠠᠢ

ᠬᠥᠭᠵᠢᠯᠲᠡ ᠶᠢᠨ ᠠᠯᠬᠤᠴᠠ ᠲᠦᠷᠭᠡᠳᠴᠦ᠂ ︽ᠵᠢᠮᠳᠤ ᠵᠠᠮ ᠳᠡᠭᠡᠷᠡᠬᠢ ᠪᠡᠭᠡᠵᠢᠩ ᠲᠢᠶᠠᠨᠵᠢᠨ ᠾᠧᠪᠧᠢ︾ ᠲᠦᠷᠭᠡᠨ

ᠪᠦᠷᠢᠯᠳᠦᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠪᠡᠭᠡᠵᠢᠩ ᠲᠢᠶᠠᠨᠵᠢᠨ

ᠾᠧᠪᠧᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ

ᠦᠷᠭᠦᠯᠵᠢᠯᠡᠨ ᠳᠡᠭᠡᠭᠰᠢᠯᠡᠪᠡ᠃ ᠪᠡᠭᠡᠵᠢᠩ ᠲᠢᠶᠠᠨᠵᠢᠨ ᠾᠧᠪᠧᠢ ᠵᠡᠷᠭᠡ ᠴᠢᠬᠤᠯᠠ ᠶᠡᠭᠡ ᠣᠷᠣᠨ ᠪᠦᠰᠡ ᠶᠢᠨ

ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠨᠢ ᠮᠠᠨ ᠤ ᠤᠯᠤᠰ ᠤᠨ ᠰᠢᠨ᠎ᠡ

ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ ᠭᠡᠳᠡᠭ ᠢ

ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠡᠨᠡ ᠬᠦ

ᠵᠢᠯᠣᠭᠤ ᠶᠢ ᠴᠢᠩᠭ᠎ᠠ ᠠᠳᠬᠤᠵᠤ᠂ ᠢᠳᠡᠪᠬᠢᠲᠡᠢ ᠯᠠᠪᠳᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ

ᠪᠠᠷᠢᠮᠲᠠᠯᠠᠵᠤ᠂ ᠨᠡᠮᠡᠭᠳᠡᠯ ᠢ ᠡᠵᠡᠮᠳᠡᠬᠦ ᠪᠠ ᠨᠥᠭᠡᠴᠡ ᠶᠢᠨ ᠬᠡᠮᠵᠢᠶ᠎ᠡ ᠶᠢ ᠪᠠᠭᠠᠰᠬᠠᠬᠤ ᠶᠢ ᠤᠶᠠᠯᠳᠤᠭᠤᠯᠵᠤ᠂

ᠳᠣᠲᠣᠭᠠᠳᠤ ᠴᠢᠳᠠᠮᠵᠢ ᠶᠢ ᠲᠠᠭᠢᠨ ᠨᠡᠶᠢᠳᠬᠡᠬᠦ ᠪᠠ ᠭᠠᠳᠠᠭᠰᠢ ᠵᠢᠯᠣᠭᠤᠳᠤᠨ ᠨᠠᠪᠲᠠᠷᠡᠭᠦᠯᠵᠦ ᠰᠢᠯᠵᠢᠭᠦᠯᠬᠦ ᠶᠢ

ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠢᠯᠣᠭᠤᠳᠤᠨ ᠨᠡᠪᠲᠡᠷᠡᠭᠦᠯᠬᠦ ᠠᠵᠢᠯ ᠢ ᠬᠦᠴᠦᠲᠡᠢ ᠡᠮᠬᠢ ᠵᠢᠷᠤᠮ ᠲᠠᠢ

ᠪᠦᠲᠦᠮᠵᠢᠲᠡᠢ ᠠᠬᠢᠭᠤᠯᠬᠤ ᠬᠡᠷᠡᠭᠲᠡᠢ᠃ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠭᠠᠳᠠᠭᠰᠢ ᠵᠢᠯᠣᠭᠤᠳᠤᠨ

ᠨᠡᠪᠲᠡᠷᠡᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠬᠤᠶᠠᠳᠤᠭᠠᠷ ᠪᠦᠯᠦᠭ ᠤᠨ ᠵᠢᠯᠣᠭᠤᠳᠤᠨ ᠨᠠᠪᠲᠠᠷᠡᠭᠦᠯᠵᠦ

ᠡᠬᠢᠯᠡᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ᠂

ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ ᠬᠡᠰᠡᠭ

ᠵᠡᠷᠭᠡ ᠶᠢ ᠦᠷᠭᠦᠯᠵᠢᠯᠡᠨ ᠲᠥᠯᠥᠪᠵᠢᠭᠦᠯᠬᠦ ᠬᠡᠷᠡᠭᠲᠡᠢ᠃ ᠵᠢᠯᠣᠭᠤᠳᠤᠨ ᠨᠡᠪᠲᠡᠷᠡᠭᠦᠯᠬᠦ ᠵᠣᠷᠢᠭᠵᠢᠭᠤᠯᠬᠤ ᠬᠢᠵᠠᠭᠠᠷᠯᠠᠬᠤ

ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ

ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯ ᠤᠨ ᠠᠷᠭ᠎ᠠ

ᠪᠠᠷᠢᠯ ᠢᠶᠠᠷ ᠭᠠᠳᠠᠭᠰᠢ ᠵᠢᠯᠣᠭᠤᠳᠤᠨ ᠨᠡᠪᠲᠡᠷᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ᠃

ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢᠨ ᠨᠡᠮᠡᠭᠳᠡᠯ ᠢ ᠡᠬᠢ ᠡᠭᠦᠰᠦᠯ ᠠᠴᠠ ᠨᠢ ᠤᠯᠠᠮ ᠴᠢᠨᠠᠭᠰᠢᠳᠠ

ᠴᠢᠩᠭ᠎ᠠ ᠬᠢᠵᠠᠭᠠᠷᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠪᠡᠭᠡᠵᠢᠩ ᠤᠨ ︽ᠰᠢᠨ᠎ᠡ ᠬᠤᠶᠠᠷ ᠵᠢᠭᠦᠷ︾ ᠤᠨ ᠪᠦᠲᠦᠭᠡᠨ ᠪᠠᠶᠢᠭᠤᠯᠤᠯᠲᠠ ᠶᠢᠨ ᠨᠡᠩ

ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠪᠡᠭᠡᠵᠢᠩ ᠤᠨ ᠬᠤᠳᠠ ᠶᠢᠨ ᠳᠡᠳ᠋ ᠲᠥᠪ ᠤᠨ

ᠪᠦᠲᠦᠭᠡᠨ ᠪᠠᠶᠢᠭᠤᠯᠤᠯᠲᠠ ᠨᠢ ᠰᠢᠶᠦ᠋ᠩ ᠠᠨ ᠰᠢᠨ᠎ᠡ ᠲᠣᠭᠤᠷᠢᠭ ᠯᠤᠭ᠎ᠠ ᠶᠢᠨ ᠬᠠᠷᠢᠴᠠᠭ᠎ᠠ ᠶᠢ ᠰᠠᠶᠢᠲᠤᠷ

ᠰᠢᠢᠳᠪᠦᠷᠢᠯᠡᠵᠦ᠂ ︽ᠬᠤᠶᠠᠷ ᠵᠢᠭᠦᠷ︾ ᠤᠨ ᠬᠢᠨ ᠬᠠᠮᠵᠢᠯᠴᠠᠨ ᠬᠦᠴᠦᠯᠡᠵᠦ᠂ ᠪᠡᠭᠡᠵᠢᠩ ᠤᠨ ︽ᠶᠡᠭᠡ ᠬᠤᠳᠠ ᠶᠢᠨ

ᠡᠪᠡᠳᠴᠢᠨ︾ ᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠭᠤᠣᠯ ᠬᠤᠳᠠ ᠲᠣᠭᠤᠷᠢᠭ ᠯᠤᠭ᠎ᠠ ᠶᠢᠨ

ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠡᠳ᠋ ᠨᠢ ᠭᠤᠣᠯ ᠢ ᠬᠠᠪᠰᠤᠷᠬᠤ᠂ ᠭᠤᠣᠯ ᠳᠡᠳ᠋ ᠬᠠᠮᠲᠤ ᠪᠠᠷ

ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠪᠡᠭᠡᠵᠢᠩ ᠬᠤᠳᠠ ᠶᠢᠨ ᠬᠤᠶᠠᠳᠤᠭᠠᠷ ᠪᠦᠯᠦᠭ ᠤᠨ ᠵᠠᠰᠠᠭ ᠵᠠᠬᠢᠷᠭ᠎ᠠ ᠠᠵᠤ

ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠳᠡᠳ᠋ ᠲᠥᠪ ᠲᠤ ᠨᠡᠭᠦᠯᠭᠡᠨ ᠣᠷᠣᠭᠤᠯᠬᠤ ᠶᠢ ᠲᠦᠷᠭᠡᠳᠬᠡᠨ

ᠠᠬᠢᠭᠤᠯᠵᠤ᠂ ᠰᠤᠯᠠᠯᠠᠵᠤ ᠭᠠᠷᠭᠠᠭᠰᠠᠨ ᠣᠷᠣᠨ ᠵᠠᠢ ᠶᠢ ᠭᠤᠣᠯᠳᠠᠭᠤ ᠨᠡᠶᠢᠰᠯᠡᠯ ᠤᠨ ᠭᠤᠣᠯᠯᠠᠬᠤ ᠴᠢᠳᠠᠮᠵᠢ ᠶᠢᠨ

ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠢ᠃ ᠡᠷᠭᠢᠨ ᠲᠣᠭᠤᠷᠢᠨ ᠤ ᠭᠠᠵᠠᠷ ᠣᠷᠣᠨ

 ᠯᠤᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠷᠭᠢᠨ ᠲᠣᠭᠤᠷᠢᠨ ᠤ ᠠᠭᠤᠯᠵᠠᠷ ᠭᠠᠵᠠᠷ ᠣᠷᠣᠨ ᠤ

ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠪᠡᠭᠡᠵᠢᠩ ᠲᠢᠶᠠᠨᠵᠢᠨ ᠾᠧᠪᠧᠢ ᠨᠢ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ

ᠬᠥᠲᠥᠯᠥᠨ ᠳᠠᠭᠠᠭᠤᠯᠬᠤ ᠭᠤᠷᠪᠠᠨ ᠴᠢᠬᠤᠯᠠ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠨᠢᠭᠡ ᠪᠣᠯᠤᠭᠰᠠᠨ ᠤ

ᠬᠤᠪᠢ ᠳᠤ᠂ ᠮᠠᠰᠢ ᠤᠯᠠᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠪᠠ ᠳᠡᠭᠡᠳᠦ ᠲᠡᠰ ᠤᠨ ᠰᠤᠳᠤᠯᠭᠠᠨ ᠤ

ᠴᠢᠳᠠᠪᠤᠷᠢᠲᠠᠨ ᠲᠠᠢ ᠶᠤᠮ᠂ ᠰᠢᠨ᠎ᠡ ᠶᠢ ᠡᠭᠦᠳᠬᠦ ᠰᠠᠭᠤᠷᠢ ᠪᠠᠲᠤ ᠪᠠᠬᠢ᠂ ᠪᠣᠳᠠᠲᠤ ᠬᠦᠴᠦᠨ ᠭᠦᠨ ᠵᠤᠵᠠᠭᠠᠨ ᠶᠤᠮ᠂

ᠬᠠᠮᠵᠢᠯᠴᠠᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ

ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ

ᠪᠡᠶᠡᠯᠡᠭᠦᠯᠬᠦ ᠳᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠪᠡᠭᠡᠵᠢᠩ ᠤᠨ

ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠥᠨᠳᠥᠷ

ᠲᠦᠪᠰᠢᠨ ᠪᠦᠬᠦᠢ ᠴᠢᠳᠠᠪᠤᠷᠢᠲᠠᠨ ᠤ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠮᠠᠨ ᠤ ᠤᠯᠤᠰ ᠤᠨ ᠪᠡᠶ᠎ᠡ ᠪᠠᠨ

ᠳᠠᠭᠠᠭᠠᠵᠤ ᠰᠢᠨ᠎ᠡ ᠶᠢ ᠡᠭᠦᠳᠬᠦ ᠴᠢᠬᠤᠯᠠ ᠡᠬᠢ ᠡᠭᠦᠰᠦᠯ ᠪᠣᠯᠣᠨ ᠤᠤᠭᠠᠯ ᠡᠭᠦᠳᠦᠯᠲᠡ ᠶᠢᠨ ᠭᠤᠣᠯ ᠭᠤᠯᠣᠮᠲᠠ ᠶᠢ

ᠬᠦᠴᠦᠯᠡᠨ ᠴᠣᠭᠴᠠᠯᠠᠬᠤ ᠬᠡᠷᠡᠭᠲᠡᠢ᠃ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠨ᠎ᠡ ᠵᠠᠭᠪᠤᠷ ᠢ

ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠷᠣᠨ ᠪᠦᠰᠡ ᠶᠢᠨ

ᠳᠣᠲᠣᠷ᠎ᠠ ᠪᠠᠨ ᠣᠨᠳᠣᠣᠰᠢᠭᠤᠯᠬᠤ ᠦᠷ᠎ᠡ ᠪᠦᠲᠦᠮᠵᠢ ᠪᠠ ᠬᠤᠪᠢ ᠶᠢᠨ ᠵᠢᠩ ᠢ ᠳᠡᠭᠡᠭᠰᠢᠯᠡᠭᠦᠯᠬᠦ ᠬᠡᠷᠡᠭᠲᠡᠢ᠃ ᠠᠵᠤ

ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠨᠢᠭᠡ ᠪᠦᠯᠦᠭ

ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠳᠡᠯᠡᠬᠡᠢ ᠳᠡᠭᠡᠷᠡᠬᠢ ᠥᠷᠢᠰᠦᠯᠳᠦᠬᠦ

ᠬᠦᠴᠦᠨ ᠲᠠᠢ ᠰᠢᠨ᠎ᠡ ᠶᠢ ᠡᠭᠦᠳᠬᠦ ᠮᠠᠶ᠋ᠢᠭ ᠤᠨ ᠳᠠᠭᠠᠭᠤᠯᠤᠭᠴᠢ ᠠᠵᠤ ᠠᠬᠤᠶᠢᠯᠠᠯ ᠢ ᠪᠦᠷᠢᠯᠳᠦᠭᠦᠯᠬᠦ ᠬᠡᠷᠡᠭᠲᠡᠢ᠃

ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠬᠤᠷᠠᠮᠠᠯ ᠴᠠᠬᠢᠯᠭᠠᠨ

ᠬᠡᠯᠬᠢᠶ᠎ᠡ᠂ ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠯᠭᠠᠨ ᠬᠦᠴᠦᠨ ᠤ

ᠲᠣᠨᠣᠭᠯᠠᠯ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠣᠭᠯᠠᠯ ᠵᠡᠷᠭᠡ ᠪᠠᠶᠢᠯᠳᠤᠬᠤ ᠪᠣᠳᠣᠯᠭ᠎ᠠ ᠶᠢᠨ

ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠶᠢᠨ ᠳᠣᠲᠣᠷᠠᠬᠢ

ᠭᠤᠣᠯᠳᠠᠯᠭ᠎ᠠ ᠪᠣᠯᠭᠠᠵᠤ᠂ ᠳᠡᠯᠡᠬᠡᠢ ᠶᠢᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠦᠴᠦᠯᠡᠨ

ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ

ᠡᠴᠦᠰ ᠲᠡᠭᠡᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ

ᠳᠡᠭᠡᠷ᠎ᠡ ᠢᠯᠡᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠤᠯᠠᠨ

ᠲᠦᠮᠡᠨ ᠤ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠠᠷᠠᠳ ᠲᠦᠮᠡᠨ ᠤ ᠬᠠᠯᠠᠮᠵᠢᠯᠠᠵᠤ ᠪᠠᠶᠢᠭ᠎ᠠ

ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂

ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃

ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ

᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠪᠡᠭᠡᠵᠢᠩ ᠲᠢᠶᠠᠨᠵᠢᠨ

ᠾᠧᠪᠧᠢ ᠣᠷᠣᠨ ᠤ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃

ᠪᠡᠭᠡᠵᠢᠩ ᠲᠢᠶᠠᠨᠵᠢᠨ ᠤ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠰᠤᠷᠭᠠᠨ ᠬᠥᠮᠦᠵᠢᠯ ᠤᠨ ᠡᠬᠢ

ᠪᠠᠶᠠᠯᠢᠭ ᠢ ᠾᠧᠪᠧᠢ ᠲᠠᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ

ᠰᠤᠷᠭᠠᠭᠤᠯᠢ ᠶᠢᠨ ᠪᠠᠭᠰᠢ ᠶᠢᠨ ᠡᠩᠨᠡᠭᠡ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠦᠷ᠎ᠡ ᠪᠦᠲᠦᠭᠡᠯ ᠢ

ᠣᠨᠳᠣᠣᠰᠢᠭᠤᠯᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ᠡᠮᠴᠢᠯᠡᠭᠡᠨ ᠤ

ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠲᠢᠶᠠᠨᠵᠢᠨ ᠤ ᠨᠠᠰᠤᠵᠢᠯ ᠤᠨ

ᠠᠰᠠᠷᠠᠮᠵᠢ ᠶᠢᠨ ᠲᠦᠷᠦᠯ ᠵᠦᠢᠯ ᠢ ᠾᠧᠪᠧᠢ ᠶᠢᠨ ᠨᠥᠬᠦᠴᠡᠯ ᠪᠦᠷᠢᠳᠦᠭᠰᠡᠨ ᠭᠠᠵᠠᠷ ᠣᠷᠣᠨ ᠲᠡᠶᠢᠰᠢ ᠤᠷᠲᠤᠳᠬᠠᠨ

ᠪᠠᠶᠢᠷᠢᠰᠢᠭᠤᠯᠬᠤ ᠬᠡᠷᠡᠭᠲᠡᠢ᠃ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠵᠡᠷᠭᠡ ᠠᠮᠢ ᠠᠬᠤᠢ ᠶᠢ ᠬᠠᠮᠠᠭᠠᠯᠠᠬᠤ

ᠪᠠ ᠰᠡᠷᠭᠦᠭᠡᠬᠦ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ

ᠠᠳᠬᠤᠵᠤ᠂ ᠪᠣᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ

ᠶᠡᠭᠡ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ

ᠦᠷᠭᠦᠯᠵᠢᠯᠡᠨ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠳᠣᠲᠣᠭᠠᠳᠤ ᠶᠢᠨ ᠬᠠᠮᠵᠢᠯᠴᠠᠭ᠎ᠠ ᠶᠢ ᠭᠦᠨᠵᠡᠭᠡᠢ

ᠠᠬᠢᠭᠤᠯᠬᠤ ᠬᠡᠷᠡᠭᠲᠡᠢ᠃ ᠪᠡᠭᠡᠵᠢᠩ ᠲᠢᠶᠠᠨᠵᠢᠨ ᠤ ︽ᠬᠤᠶᠠᠷ ᠬᠤᠳᠠ ᠶᠢᠨ ᠲᠡᠮᠳᠡᠭᠯᠡᠯ︾ ᠢ ᠰᠠᠶᠢᠲᠤᠷ ᠳᠠᠭᠤᠯᠠᠵᠤ᠂

ᠬᠠᠮᠲᠤᠷᠠᠯᠴᠠᠭᠠᠨ ᠤ ᠥᠷᠭᠡᠴᠡ ᠪᠣᠯᠣᠨ ᠭᠦᠨᠴᠡ ᠶᠢ ᠥᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠶᠢᠨ

ᠥᠨᠳᠦᠷᠯᠢᠭ ᠢ ᠬᠠᠮᠲᠤ ᠪᠠᠷ ᠴᠣᠭᠴᠠᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠳᠡᠯᠡᠬᠡᠢ ᠶᠢᠨ ᠲᠡᠰ ᠤᠨ

ᠬᠤᠳᠠ ᠶᠢᠨ ᠪᠦᠯᠦᠭᠵᠢᠯ ᠢ ᠪᠦᠲᠦᠭᠡᠨ ᠪᠠᠶᠢᠭᠤᠯᠬᠤ ᠳᠤ ᠨᠥᠯᠥᠭᠡᠯᠡᠨ ᠳᠠᠶᠢᠴᠢᠯᠠᠬᠤ ᠪᠠ ᠳᠡᠭᠡᠳᠦ ᠲᠡᠰ ᠤᠨ

ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ ᠳᠠᠪᠠᠭᠤᠯᠢᠭ ᠪᠠ ᠲᠢᠶᠠᠨᠵᠢᠨ ᠤ ᠲᠡᠷᠢᠭᠦᠨ ᠤ ᠦᠢᠯᠡᠳᠬᠦ ᠦᠢᠯᠡᠰ ᠤᠨ ᠰᠤᠳᠤᠯᠤᠨ

ᠨᠡᠭᠡᠭᠡᠬᠦ ᠳᠠᠪᠠᠭᠤᠯᠢᠭ ᠢ ᠤᠶᠠᠯᠳᠤᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠠᠯ᠎ᠠ ᠪᠠᠷ ᠬᠠᠮᠲᠤᠷᠠᠨ

ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ

ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠤᠨ ᠰᠢᠨ᠎ᠡ ᠶᠢ ᠡᠭᠦᠳᠬᠦ ᠨᠡᠮᠡᠭᠳᠡᠯ ᠤᠨ ᠬᠥᠳᠡᠯᠭᠡᠭᠦᠷ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃

ᠾᠧᠪᠧᠢ ᠪᠡᠭᠡᠵᠢᠩ ᠲᠢᠶᠠᠨᠵᠢᠨ ᠢ ᠲᠣᠭᠤᠷᠢᠭᠰᠠᠨ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠳᠠᠯᠢ

ᠪᠤᠰᠤ ᠴᠢᠭᠯᠡᠯ ᠢᠶᠠᠷ ᠪᠡᠭᠡᠵᠢᠩ ᠲᠢᠶᠠᠨᠵᠢᠨ ᠢ ᠬᠤᠯᠪᠣᠭᠰᠠᠨ ᠠᠵᠤ ᠠᠬᠤᠢ ᠶᠢᠨ ᠬᠤᠩᠭᠢᠯ ᠢ ᠪᠠᠶᠢᠭᠤᠯᠵᠤ᠂ ᠪᠡᠭᠡᠵᠢᠩ᠂

ᠲᠢᠶᠠᠨᠵᠢᠨ ᠨᠢ ᠾᠧᠪᠧᠢ ᠶᠢ ᠬᠠᠪᠰᠤᠷᠤᠨ ᠲᠡᠳᠬᠦᠬᠦ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠾᠧᠪᠧᠢ ᠶᠢᠨ

ᠨᠥᠬᠦᠴᠡᠯ ᠲᠠᠢ ᠭᠠᠵᠠᠷ ᠣᠷᠣᠨ ᠢ ᠳᠠᠶᠢᠴᠢᠯᠠᠨ ᠪᠡᠭᠡᠵᠢᠩ ᠲᠢᠶᠠᠨᠵᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠳᠠᠪᠠᠭᠤᠯᠢᠭ ᠦᠢᠯᠡᠳᠦᠯ ᠪᠠ ᠠᠵᠤ ᠦᠢᠯᠡᠰ ᠤᠨ ᠰᠢᠯᠵᠢᠯᠲᠡ ᠶᠢ ᠨᠠᠩ ᠰᠠᠶᠢᠲᠤᠷ ᠵᠣᠯᠭᠠᠭᠤᠯᠬᠤ ᠬᠡᠷᠡᠭᠲᠡᠢ᠃

ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠴᠢᠨᠠᠭᠰᠢᠳᠠ ᠠᠬᠢᠭᠤᠯᠬᠤ ᠪᠠ ᠭᠠᠳᠠᠭᠠᠳᠤ ᠨᠡᠭᠡᠭᠡᠯᠲᠡ ᠶᠢ

ᠥᠷᠭᠡᠳᠬᠡᠵᠦ᠂ ᠶᠡᠭᠡ ᠬᠦᠴᠦ ᠣᠷᠣᠭᠤᠯᠵᠤ ᠪᠠᠶᠢᠭᠠᠳ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ

ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠤᠰᠤᠳ ᠭᠠᠵᠠᠷ ᠣᠷᠣᠨ ᠯᠤᠭ᠎ᠠ ᠢᠳᠡᠪᠬᠢᠲᠡᠢ

ᠣᠯᠣᠯᠴᠠᠨ ᠵᠣᠯᠭᠠᠭᠤᠯᠵᠤ᠂ ᠪᠦᠭᠦ ᠤᠯᠤᠰ ᠤᠨ ᠭᠠᠳᠠᠭᠠᠳᠤ ᠨᠡᠭᠡᠭᠡᠯᠲᠡ ᠶᠢᠨ ᠥᠨᠳᠦᠷᠯᠢᠭ ᠢ ᠪᠦᠲᠦᠭᠡᠨ ᠪᠠᠶᠢᠭᠤᠯᠬᠤ

ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠡᠨᠡ ᠵᠢᠯ ᠤᠨ ᠨᠠᠮ ᠤᠨ

ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠣᠯᠣᠨ᠎ᠠ᠃ ᠪᠡᠭᠡᠵᠢᠩ᠂ ᠲᠢᠶᠠᠨᠵᠢᠨ᠂ ᠾᠧᠪᠧᠢ

3 ᠮᠤᠵᠢ ᠬᠤᠳᠠ ᠶᠢᠨ ᠨᠠᠮ ᠤᠨ ᠬᠤᠷᠢᠶ᠎ᠠ ᠨᠢ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠠ

ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ

ᠦᠨᠡᠨ ᠬᠦ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ

ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ ᠴᠢᠩᠭᠠᠳᠬᠠᠵᠤ᠂ ᠪᠡᠭᠡᠵᠢᠩ

ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠡᠷᠡᠰ ᠪᠠᠲᠤ ᠪᠠᠲᠤᠯᠠᠭ᠎ᠠ ᠬᠠᠩᠭᠠᠬᠤ ᠬᠡᠷᠡᠭᠲᠡᠢ

ᠭᠡᠵᠦ ᠴᠢᠬᠤᠯᠠᠴᠢᠯᠠᠪᠠ᠃

      ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠶᠡᠭᠡ ᠲᠠᠯ᠎ᠠ ᠠᠴᠠ ᠪᠣᠳᠣᠯᠬᠢᠯᠠᠨ ᠠᠵᠢᠯᠯᠠᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ

ᠬᠥᠭᠵᠢᠬᠦ ᠶᠢ ᠨᠡᠩ ᠡᠷᠴᠢᠮᠲᠡᠢ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠶᠢ

ᠳᠣᠪᠤᠶᠢᠯᠭᠠᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠶᠢᠨ ᠲᠣᠭᠤᠷᠢᠨ ᠳᠤ

ᠡᠬᠢ ᠪᠠᠶᠠᠯᠢᠭ᠂ ᠲᠥᠷᠥ ᠶᠢᠨ ᠪᠣᠳᠣᠯᠭ᠎ᠠ᠂ ᠬᠦᠴᠦᠨ ᠤ ᠲᠥᠪᠯᠡᠷᠡᠯ ᠢ ᠠᠬᠢᠭᠤᠯᠵᠤ᠂ ᠪᠡᠯᠭᠡ ᠲᠡᠮᠳᠡᠭ ᠤᠨ ᠴᠢᠨᠠᠷᠲᠠᠢ

ᠵᠢᠯᠣᠭᠤᠳᠤᠨ ᠨᠡᠪᠲᠡᠷᠡᠭᠦᠯᠬᠦ ᠲᠥᠷᠥᠯ ᠵᠦᠢᠯ ᠤᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃

ᠣᠷᠣᠨ ᠪᠦᠰᠡ ᠶᠢᠨ ᠵᠥᠷᠢᠶ᠎ᠡ ᠶᠢ ᠡᠵᠡᠮᠳᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠬᠦᠴᠦᠯᠡᠨ

ᠠᠬᠢᠭᠤᠯᠵᠤ᠂ ᠲᠤᠰ ᠲᠤᠰ ᠤᠨ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠪᠠᠷᠠᠬᠤ ᠦᠭᠡᠢ ᠪᠠᠰᠠ ᠬᠠᠮᠲᠤ ᠶᠢᠨ

ᠳᠠᠪᠠᠭᠤᠯᠢᠭ ᠢ ᠪᠤᠢ ᠪᠣᠯᠭᠠᠵᠤ᠂ ᠬᠥᠭᠵᠢᠯᠲᠡ ᠶᠢᠨ ᠵᠥᠷᠢᠶ᠎ᠡ ᠶᠢᠨ ᠪᠠᠶᠢᠷᠢ ᠶᠢᠨ ᠡᠨᠧᠷᠭᠢ ᠶᠢ ᠬᠠᠮᠵᠢᠯᠴᠠᠨ ᠬᠥᠭᠵᠢᠬᠦ

ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠵᠤ᠂ ᠤᠯᠠᠨ ᠲᠦᠮᠡᠨ ᠳᠤ ᠨᠡᠩ ᠴᠢᠩᠭ᠎ᠠ ᠬᠦᠷᠲᠡᠮᠵᠢ ᠶᠢᠨ ᠲᠥᠷᠥᠭᠳᠡᠯ

ᠣᠯᠭᠤᠬᠤ ᠬᠡᠷᠡᠭᠲᠡᠢ᠃ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠨᠡᠩ ᠨᠢᠭᠲᠠ

ᠬᠠᠮᠵᠢᠯᠴᠠᠨ ᠠᠬᠢᠭᠤᠯᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃

      ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ

ᠰᠤᠷᠤᠯᠴᠠᠨ ᠲᠤᠭᠤᠰᠢᠯᠠᠭᠤᠯᠵᠤ᠂ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠪᠠᠷ ᠬᠠᠲᠠᠭᠤ

ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠤᠷᠳᠤ

ᠤᠳᠠᠭᠠᠨ ᠢᠶᠠᠷ ᠪᠠᠷᠢᠮᠲᠠᠯᠠᠨ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ

ᠠᠬᠢᠭᠤᠯᠵᠤ ᠰᠢᠨ᠎ᠡ ᠲᠦᠪᠰᠢᠨ ᠳᠤ ᠬᠦᠷᠭᠡᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ

ᠳᠡᠰ ᠳᠡᠪᠰᠢᠭᠦᠯᠬᠦ ᠶᠢ ᠲᠦᠷᠭᠡᠳᠬᠡᠵᠦ᠂ ᠡᠨᠧᠷᠭᠢ ᠶᠡᠭᠡ ᠬᠤᠷᠣᠭᠳᠠᠭᠤᠯᠬᠤ᠂ ᠪᠣᠬᠢᠷᠳᠤᠯ ᠶᠡᠭᠡ ᠭᠠᠳᠠᠭᠰᠢᠯᠠᠭᠤᠯᠬᠤ᠂

ᠳᠣᠣᠷ᠎ᠠ ᠲᠦᠪᠰᠢᠨ ᠲᠠᠢ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠬᠯᠠᠨ᠎ᠠ︔

ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ

ᠬᠤᠪᠢᠷᠠᠬᠤ ᠶᠢ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ

ᠴᠢᠩᠭᠠᠳᠬᠠᠨ᠂ ᠰᠢᠨ᠎ᠡ ᠡᠨᠧᠷᠭᠢ ᠶᠢᠨ ᠰᠤᠷᠪᠤᠯᠵᠢ ᠪᠠ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠶᠡᠭᠡ ᠪᠠᠷ

ᠭᠦᠭᠵᠢᠭᠦᠯᠦᠨ᠎ᠡ︔ ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠲᠠᠭᠠᠯᠭ᠎ᠠ ᠶᠢᠨ

ᠲᠣᠰᠣᠨ ᠤ ᠪᠣᠬᠢᠷᠳᠤᠯ ᠤᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠨ᠎ᠠ︔ ᠠᠭᠠᠷ ᠮᠠᠨᠳᠠᠯ ᠤᠨ

ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ

ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ

ᠬᠠᠮᠢᠶᠠᠷᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ ᠭᠡᠵᠦ ᠢᠯᠡᠳᠬᠡᠪᠡ᠃

      ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ

ᠬᠤᠷᠠᠯ ᠳᠤ ᠣᠷᠣᠯᠴᠠᠵᠤ᠂ ᠦ᠋ ᠵᠧᠩ ᠯᠦᠩ᠂ ᠮᠦ ᠬᠤᠩ ᠵᠢᠴᠢ ᠭᠤᠣᠯ ᠰᠡᠳᠦᠪᠲᠦ ᠬᠥᠮᠦᠵᠢᠯ ᠤᠨ ᠲᠥᠪ ᠤᠨ

ᠬᠤᠶᠠᠳᠤᠭᠠᠷ ᠵᠢᠯᠤᠭᠤᠳᠬᠤ ᠳᠤᠭᠤᠶᠢᠯᠠᠩ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ

ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ

ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃

      ︵ᠰᠢᠨᠬᠤᠸᠠ ᠬᠤᠷᠢᠶ᠎ᠠ ᠶᠢᠨ ᠱᠢ ᠵᠢᠶᠠ ᠵᠤᠸᠠᠩ ᠤᠨ 5 ᠰᠠᠷ᠎ᠠ ᠶᠢᠨ 12 ᠤᠨ ᠴᠠᠬᠢᠯᠭᠠᠨ ᠮᠡᠳᠡᠭᠡ︶

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号