ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠴᠥᠮ᠎ᠡ ᠶᠢᠨ ᠴᠠᠬᠢᠯᠭᠠᠨ ᠤ ᠮᠡᠷᠭᠡᠵᠢᠯ ᠤᠨ ᠬᠦᠷᠢᠶᠡᠨ ᠳᠠᠬᠢ ︽ᠪᠣᠭᠤᠮᠢ︾ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/5/16
      ᠣᠶᠢᠷ᠎ᠠ ᠳᠤ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠡᠭᠦᠷᠭᠡᠯᠡᠭᠰᠡᠨ ︽ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠮᠡᠷᠭᠡᠵᠢᠯ ︱ ᠨᠠᠲᠷᠢ ᠶᠢᠨ ᠬᠥᠷᠥᠭᠡᠯᠲᠡ ᠶᠢᠨ ᠵᠢᠱᠢᠶ᠎ᠡ ᠦᠵᠡᠭᠦᠯᠬᠦ ᠲᠦᠷᠭᠡᠨ ᠵᠤᠤᠬ᠎ᠠ ᠳᠤ ᠬᠡᠷᠡᠭᠯᠡᠬᠦ TP316H ᠬᠠᠯᠠᠭᠤᠨ ᠳᠤ ᠲᠡᠰᠪᠦᠷᠢᠲᠡᠢ ᠬᠡᠲᠦ ᠴᠡᠪᠡᠷ ᠵᠢᠪᠡᠷᠡᠬᠦ ᠦᠭᠡᠢ ᠪᠣᠯᠣᠳ ᠬᠤᠭᠤᠯᠠᠢ ᠶᠢ ᠰᠤᠳᠤᠯᠤᠨ ᠨᠡᠭᠡᠭᠡᠬᠦ︾ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠰᠢᠯᠭᠠᠵᠤ ᠬᠤᠷᠢᠶᠠᠨ ᠠᠪᠬᠤ ᠶᠢ ᠤᠷᠤᠭᠰᠢᠲᠠᠢ ᠥᠩᠭᠡᠷᠡᠭᠡᠭᠰᠡᠨ ᠪᠥᠭᠡᠳ 300 ᠲᠦᠮᠡᠨ ᠲᠥᠭᠦᠷᠢᠭ ᠤᠨ ᠲᠤᠰᠠᠯᠠᠮᠵᠢ ᠶᠢᠨ ᠵᠠᠷᠤᠳᠠᠯ ᠣᠯᠣᠭᠰᠠᠨ ᠪᠠᠶᠢᠨ᠎ᠠ᠃      ᠲᠤᠰ ᠲᠦᠷᠦᠯ ᠵᠦᠢᠯ ᠨᠢ ᠤᠯᠤᠰ ᠤᠨ ᠳᠣᠲᠣᠭᠠᠳᠤ ᠶᠢᠨ ᠳᠥᠷᠪᠡᠳᠦᠭᠡᠷ ᠦᠶ᠎ᠡ ᠶᠢᠨ ᠴᠥᠮ᠎ᠡ ᠶᠢᠨ ᠴᠠᠬᠢᠯᠭᠠᠨ ᠤ ᠨᠠᠲᠷᠢ ᠶᠢᠨ ᠬᠥᠷᠥᠭᠡᠯᠲᠡ ᠶᠢᠨ ᠲᠦᠷᠭᠡᠨ ᠵᠤᠤᠬ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠳᠤ ᠬᠡᠷᠡᠭᠯᠡᠬᠦ ᠬᠡᠳᠦ ᠴᠡᠪᠡᠷ ᠨᠠᠷᠢᠨ ᠲᠠᠯᠠᠰᠲᠤ ᠥᠨᠳᠥᠷ ᠳᠤᠯᠠᠭᠠᠨ ᠳᠤ ᠲᠡᠰᠪᠦᠷᠢᠲᠡᠢ ᠲᠣᠮᠣ ᠠᠮᠠᠰᠠᠷᠲᠤ ᠵᠢᠪᠡᠷᠡᠬᠦ ᠦᠭᠡᠢ ᠪᠣᠯᠣᠳ ᠬᠤᠭᠤᠯᠠᠢ ᠪᠠᠷ ᠪᠠᠷᠠᠭ᠎ᠠ ᠬᠠᠩᠭᠠᠬᠤ ︽ᠪᠣᠭᠤᠮᠢ︾ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠨᠡ ᠨᠢ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠣᠨᠴᠠ ᠪᠣᠯᠣᠳ ᠬᠠᠪᠲᠠᠰᠤ ᠶᠢᠨ ᠬᠡᠰᠡᠭ ᠨᠢ ᠥᠪᠡᠷᠲᠡᠭᠡᠨ ᠵᠠᠰᠠᠬᠤ ᠣᠷᠣᠨ ᠤ ᠲᠡᠰ᠂ ᠴᠡᠷᠢᠭ ᠤᠨ ᠵᠡᠪᠰᠡᠭ ᠤᠨ ᠪᠦᠯᠦᠭᠯᠡᠯ ᠤᠨ ᠲᠡᠰ᠂ ᠤᠯᠤᠰ ᠤᠨ ᠲᠡᠰ ᠤᠨ ᠰᠤᠳᠤᠯᠭᠠᠨ ᠤ ᠰᠡᠳᠦᠪ ᠤᠨ ᠲᠠᠯ᠎ᠠ ᠪᠠᠷ ᠴᠥᠮ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠣᠳᠣᠬᠠᠨ ᠳᠤ ᠦᠷ᠎ᠡ ᠪᠦᠲᠦᠭᠡᠯ ᠢ ᠭᠤᠶᠤᠴᠢᠯᠠᠨ ᠮᠡᠳᠡᠭᠦᠯᠦᠭᠰᠡᠨ ᠰᠤᠳᠤᠯᠭᠠᠨ ᠬᠢᠵᠦ ᠪᠠᠶᠢᠭ᠎ᠠ ᠲᠦᠷᠦᠯ ᠵᠦᠢᠯ ᠨᠡᠶᠢᠳᠡ 10 ᠪᠤᠢ᠃ ᠡᠭᠦᠨ ᠳᠤ᠂ 300 ᠲᠦᠮᠡᠨ ᠲᠥᠭᠦᠷᠢᠭ ᠠᠴᠠ ᠳᠡᠭᠡᠭᠰᠢᠬᠢ ᠲᠤᠰᠠᠯᠠᠮᠵᠢ ᠶᠢᠨ ᠵᠠᠷᠤᠳᠠᠯ ᠣᠯᠣᠭᠰᠠᠨ ᠲᠥᠷᠥᠯ ᠵᠦᠢᠯ ᠨᠡᠶᠢᠲᠡ 7 ᠪᠠᠶᠢᠵᠤ᠂ ᠶᠡᠷᠦᠩᠬᠡᠢ ᠵᠠᠷᠤᠳᠠᠯ ᠨᠢ 4738 ᠲᠦᠮᠡᠨ ᠲᠥᠭᠦᠷᠢᠭ ᠲᠤ ᠬᠦᠷᠴᠡᠢ᠃      ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠣᠨᠴᠠ ᠲᠦᠷᠦᠯ ᠤᠨ ᠪᠣᠯᠣᠳ ᠢᠶᠠᠨ ︽ᠳᠡᠭᠡᠳᠦ᠂ ᠨᠠᠷᠢᠯᠢᠭ᠂ ᠣᠨᠴᠠᠭᠠᠢ᠂ ᠰᠢᠯᠢᠳᠡᠭ︾ ᠬᠥᠭᠵᠢᠯᠲᠡ ᠶᠢᠨ ᠴᠢᠭᠯᠡᠯ ᠢᠶᠠᠷ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠣᠨᠴᠠ ᠲᠦᠷᠦᠯ ᠤᠨ ᠮᠠᠲ᠋ᠧᠷᠢᠶᠠᠯ ᠤᠨ ᠭᠤᠣᠯᠯᠠᠭᠴᠢ ᠮᠡᠷᠭᠡᠵᠢᠯ ᠤᠨ ᠰᠠᠭᠤᠷᠢ ᠪᠠᠨ ᠤᠯᠠᠮ ᠨᠢᠭᠡ ᠠᠯᠬᠤᠮ ᠪᠠᠲᠤᠳᠬᠠᠪᠠ᠃ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠵᠤ᠂ ᠳᠡᠭᠡᠳᠦ ᠲᠠᠰ ᠤᠨ ᠵᠤᠵᠠᠭᠠᠨ ᠬᠠᠨᠠᠲᠤ ᠵᠠᠭᠠᠳᠠᠰᠤ ᠦᠭᠡᠢ ᠪᠣᠯᠣᠳ ᠬᠤᠭᠤᠯᠠᠢ ᠶᠢᠨ ᠳᠠᠭᠠᠭᠤᠯᠤᠭᠴᠢ᠂ ᠣᠨᠴᠠ ᠲᠥᠷᠥᠯ ᠤᠨ ᠮᠠᠲ᠋ᠧᠷᠢᠶᠠᠯ ᠦᠢᠯᠡᠳᠬᠦ ᠰᠢᠨ᠎ᠡ ᠡᠭᠦᠳᠦᠨ ᠠᠬᠢᠭᠤᠯᠤᠭᠴᠢ ᠪᠠ ᠳᠡᠭᠡᠳᠦ ᠲᠠᠰ ᠤᠨ ᠵᠠᠭᠪᠤᠷ ᠤᠨ ᠪᠣᠯᠣᠳ ᠬᠠᠩᠭᠠᠭᠴᠢ ᠶᠢ ᠪᠥᠬᠦ ᠲᠠᠯ᠎ᠠ ᠪᠠᠷ ᠪᠣᠶ ᠪᠣᠯᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号