607.7 ᠳ᠋ᠦᠩᠰᠢᠭᠤᠷ︕
ᠨᠡᠶᠢᠲᠡᠯᠡᠭᠰᠡᠨ ᠴᠠᠭ᠄
2023/5/16
      ᠬᠥᠬᠡᠬᠤᠲᠠ ᠪᠣᠭᠤᠮᠲᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠰᠠᠷ᠎ᠠ ᠳᠠᠷᠠᠭᠠᠯᠠᠨ ᠰᠠᠶᠢᠵᠢᠷᠠᠵᠤ᠂ ᠲᠦᠷᠦᠭᠦᠸ 4 ᠰᠠᠷ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ  ᠨᠢ 607.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.1% ᠪᠠᠷ ᠨᠡᠮᠡᠭᠳᠡᠨ᠂ ᠪᠥᠬᠦ ᠤᠯᠤᠰ ᠤᠨ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠬᠤᠷᠳᠤᠴᠠ ᠠᠴᠠ 39.3 ᠵᠠᠭᠤᠨ ᠤ ᠴᠡᠭ ᠥᠨᠳᠥᠷ ᠪᠣᠯᠵᠠᠢ᠃ ᠡᠭᠦᠨ ᠳᠤ᠂ ᠭᠠᠳᠠᠭᠠᠳᠤ ᠭᠠᠷᠭᠠᠯᠲᠠ ᠶᠢᠨ ᠥᠷᠲᠡᠭ 233.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.6% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ ᠶᠢᠨ ᠥᠷᠲᠡᠭ 373.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.6% ᠪᠠᠷ ᠨᠡᠮᠡᠭᠳᠡᠵᠡᠢ᠃      ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ 377.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠤᠨ 62.2% ᠢ ᠡᠵᠡᠯᠡᠪᠡ᠃ ᠠᠳᠠᠯᠢ ᠬᠤᠭᠤᠴᠠᠭᠠᠨ ᠳᠤ᠂ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ 123.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 161.4% ᠪᠠᠷ ᠨᠡᠮᠡᠭᠳᠡᠵᠦ᠂ 20.3% ᠶᠢ ᠡᠵᠡᠯᠡᠪᠡ︔ ᠭᠠᠶᠢᠯᠢ ᠦᠭᠡᠢ ᠪᠠᠷᠠᠭᠠᠨ ᠤ ᠭᠦᠢᠯᠭᠡᠭᠡ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 80.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ89.5% ᠪᠠᠷ ᠨᠡᠮᠡᠭᠳᠡᠵᠦ᠂ 13.2% ᠢ ᠡᠵᠡᠯᠡᠪᠡ᠃ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ ᠂ ᠮᠣᠩᠭᠤᠯ ᠤᠯᠤᠰ  ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 222.2 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 146.5% ᠪᠠᠷ ᠨᠡᠮᠡᠭᠳᠡᠵᠡᠢ ︔ ᠣᠷᠣᠰ  ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 108.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 103.3% ᠪᠠᠷ ᠨᠡᠮᠡᠭᠳᠡᠪᠡ︔ ᠠᠮᠧᠷᠢᠺᠠ  ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 24.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ21.3% ᠪᠠᠷ ᠨᠡᠮᠡᠭᠳᠡᠪᠡ᠃ ᠠᠳᠠᠯᠢ ᠬᠤᠭᠤᠴᠠᠭᠠᠨ ᠳᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 426.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 79.7% ᠪᠠᠷ ᠨᠡᠮᠡᠭᠳᠡᠪᠡ︔ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 28.5 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ ᠃      ᠡᠭᠦᠨ ᠠᠴᠠ ᠭᠠᠳᠠᠨ᠎ᠠ᠂ ᠲᠦᠷᠦᠭᠦᠸ 4 ᠰᠠᠷ᠎ᠠ ᠳᠤ ᠭᠠᠳᠠᠭᠠᠳᠤ ᠳᠤ ᠭᠠᠷᠭᠠᠭᠰᠠᠨ ᠭᠤᠣᠯ ᠪᠣᠯᠬᠤ ᠲᠠᠸᠠᠷ ᠪᠣᠯᠬᠤ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ ᠵᠢᠴᠢ ᠪᠣᠯᠣᠳ ᠮᠠᠲ᠋ᠧᠷᠢᠶᠠᠯ ᠤᠨ ᠭᠠᠳᠠᠭᠠᠳᠤ ᠭᠠᠷᠭᠠᠯᠲᠠ  ᠨᠢ ᠲᠣᠰ ᠲᠣᠰ 143.6%᠂ 24%᠂ 29.6% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠭᠤᠣᠯ ᠪᠣᠯᠬᠤ ᠦᠢᠯᠡᠳᠬᠦᠨ ᠪᠣᠯᠬᠤ ᠨᠡᠭᠦᠷᠡᠰᠦ ᠂ ᠵᠡᠰ ᠤᠨ ᠬᠦᠳᠡᠷ ᠤᠨ ᠡᠯᠡᠰᠦ ᠂ ᠲᠦᠭᠦᠬᠡᠢ ᠴᠢᠯᠠᠭᠤᠨ ᠲᠤᠰᠤᠨ ᠤ ᠭᠠᠳᠠᠭᠠᠳᠤ ᠣᠷᠣᠭᠤᠯᠤᠯᠲᠠ  ᠨᠢ ᠨᠡᠯᠢᠶᠡᠳ ᠲᠦᠷᠭᠡᠨ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 439.3% ᠂ 40.8% ᠂ 92.3%  ᠪᠠᠷ ᠨᠡᠮᠡᠭᠳᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号