ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠠᠷᠯᠢᠭ | 258 ᠳ᠋ᠤᠭᠠᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ︾ ᠶᠢ 2022 ᠣᠨ ᠤ 12 | ᠳ᠋ᠤᠭᠠᠷ ᠰᠠᠷ᠎ᠠ ᠶᠢᠨ 19 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠴᠢᠨ | ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠨᠡᠶᠢᠲᠡᠯᠡᠪᠡ ᠂ | 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | | ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ | 2022 ᠣᠨ ᠤ 12 | ᠳ᠋ᠤᠭᠠᠷ ᠰᠠᠷ᠎ᠠ ᠶᠢᠨ 28 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠦᠢᠯᠡ ᠠᠵᠢᠯᠯᠠᠭ᠎ᠠ ᠶᠢ ᠵᠠᠰᠠᠵᠤ ᠂ ᠵᠠᠰᠠᠮᠠᠯ ᠵᠠᠮ ᠤᠨ ᠠᠮᠤᠷ ᠲᠦᠪᠰᠢᠨ ᠂ ᠬᠡᠪ ᠢᠶᠠᠷ ᠪᠠ | ᠰᠠᠭᠠᠳ ᠦᠭᠡᠢ ᠨᠡᠪᠲᠡᠷᠡᠬᠦ ᠶᠢ ᠪᠠᠲᠤᠯᠠᠨ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢᠨ ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ | ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ | ᠬᠠᠤᠯᠢ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠲᠣᠰ | ᠠᠷᠭ᠎ᠠ ᠶᠢ ᠲᠣᠭᠲᠠᠭᠠᠪᠠ ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ | ᠵᠠᠰᠠᠬᠤ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ ᠃ | ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠭᠡᠳᠡᠭ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠪᠠᠷᠠᠭᠠᠨ ᠤ | ᠭᠠᠳᠠᠷ ᠬᠦᠪᠡᠭᠡ ᠶᠢᠨ ᠬᠡᠮᠵᠢᠶ᠎ᠡ ᠂ ᠲᠡᠩᠭᠡᠯᠢᠭ ᠤᠨ ᠳᠠᠭᠠᠭᠠᠴᠠ ᠂ ᠶᠡᠷᠦᠩᠬᠡᠢ ᠮᠠᠰ ᠨᠢ ᠤᠯᠤᠰ ᠤᠨ ᠲᠣᠭᠲᠠᠭᠠᠭᠰᠠᠨ | ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ ᠂ ᠵᠠᠰᠠᠮᠠᠯ ᠵᠠᠮ ᠤᠨ ᠬᠥᠭᠦᠷᠭᠡ ᠂ ᠵᠠᠰᠠᠮᠠᠯ ᠵᠠᠮ ᠤᠨ ᠨᠦᠬᠡᠨ | ᠵᠠᠮ ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ ᠂ ᠥᠨᠳᠥᠷ ᠢ | ᠬᠢᠵᠠᠭᠠᠷᠯᠠᠬᠤ ᠂ ᠥᠷᠭᠡᠨ ᠢ ᠬᠢᠵᠠᠭᠠᠷᠯᠠᠬᠤ ᠂ ᠤᠷᠳᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ ᠪᠤᠢ ᠃ | | ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ ᠂ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠬᠦ ᠂ ᠦᠡᠭᠭᠡᠨ ᠲᠠᠯ᠎ᠠ ᠪᠠ ᠤᠭ ᠦᠨᠳᠦᠰᠦ ᠶᠢ ᠨᠢ ᠵᠡᠷᠭᠡ ᠪᠠᠷ ᠵᠠᠰᠠᠬᠤ ᠂ ᠤᠷᠳᠤ | ᠬᠤᠭᠤᠴᠠᠭ᠎ᠠ ᠪᠠᠷ ᠦᠷ᠎ᠡ ᠪᠦᠲᠦᠮᠵᠢᠲᠡᠢ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠤᠳᠤᠷᠢᠳᠬᠤ ᠪᠠᠨ ᠴᠢᠩᠭᠠᠳᠬᠠᠵᠤ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ | ᠬᠠᠮᠲᠤᠷᠠᠭᠰᠠᠨ ᠬᠤᠷᠠᠯ ᠪᠠ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠣᠨ ᠤ ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠪᠠᠨ | ᠣᠷᠣᠭᠤᠯᠬᠤ ᠬᠡᠷᠡᠭᠲᠡᠢ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ | ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ ᠃ | | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠂ ᠲᠣᠰ ᠵᠠᠰᠠᠭ | ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢᠶᠠᠨ ᠬᠠᠷᠢᠭᠤᠴᠠᠬᠤ ᠬᠡᠷᠡᠭᠲᠡᠢ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠂ ᠪᠠᠶᠢᠭᠠᠯᠢ ᠶᠢᠨ ᠡᠬᠢ | ᠪᠠᠶᠠᠯᠢᠭ ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ | ᠬᠢᠬᠦ ᠬᠡᠷᠡᠭᠲᠡᠢ ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠥᠷᠨᠢᠭᠦᠯᠬᠦ ᠶᠢ ᠨᠢ ᠳᠡᠮᠵᠢᠬᠦ ᠪᠠ | ᠲᠡᠭᠦᠨ ᠳᠤ ᠬᠠᠮᠵᠢᠬᠤ ᠬᠡᠷᠡᠭᠲᠡᠢ ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠵᠠᠰᠠᠬᠤ ᠠᠵᠢᠯ ᠤᠨ ᠮᠡᠳᠡᠭᠡ ᠵᠠᠩᠭᠢᠵᠢᠭᠤᠯᠬᠤ ᠂ ᠣᠶᠤᠨᠴᠢᠯᠠᠬᠤ ᠪᠠᠶᠢᠭᠤᠯᠤᠯᠲᠠ ᠪᠠᠨ ᠴᠢᠩᠭᠠᠳᠬᠠᠵᠤ ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ ᠂ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ | ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠂ | ᠪᠠᠶᠢᠭᠠᠯᠢ ᠶᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠵᠡᠷᠭᠡ ᠶᠢ ᠮᠡᠳᠡᠭᠡ ᠵᠠᠩᠭᠢ ᠬᠠᠮᠲᠤ ᠳᠤ ᠪᠠᠨ ᠬᠦᠷᠲᠡᠬᠦ ᠲᠠᠪᠴᠠᠩ ᠳᠤ ᠪᠠᠨ ᠣᠷᠣᠭᠤᠯᠵᠤ ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠂ ᠵᠠᠰᠠᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠲᠡᠢ ᠃ | ᠳᠣᠯᠣᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ | ᠡᠵᠡᠩᠨᠡᠭᠴᠢ ᠨᠢ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠬᠡᠷᠡᠭᠲᠡᠢ ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ | ᠠᠴᠢᠶᠠᠯᠠᠬᠤ ᠬᠢᠵᠠᠭᠠᠷ ᠬᠡᠮᠵᠢᠭᠳᠡᠯ ᠪᠠ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ ᠤᠨ ᠲᠣᠳᠣᠷᠬᠠᠶᠢᠯᠠᠭᠰᠠᠨ | ᠳᠠᠭᠠᠭᠠᠴᠠ ᠶᠢ ᠬᠢᠵᠠᠭᠠᠷᠯᠠᠬᠤ ᠂ ᠥᠨᠳᠥᠷ ᠢ ᠬᠢᠵᠠᠭᠠᠷᠯᠠᠬᠤ ᠂ ᠥᠷᠭᠡᠨ ᠢ ᠬᠢᠵᠠᠭᠠᠷᠯᠠᠬᠤ ᠂ ᠤᠷᠳᠤ ᠶᠢ ᠬᠢᠵᠠᠭᠠᠷᠯᠠᠬᠤ | ᠪᠠᠷᠢᠮᠵᠢᠶ᠎ᠠ ᠪᠠᠷ ᠠᠴᠢᠶᠠᠯᠠᠬᠤ ᠂ ᠲᠡᠭᠡᠭᠡᠪᠦᠷᠢᠯᠡᠬᠦ ᠪᠠ ᠡᠵᠡᠩᠨᠡᠬᠦ ᠪᠠᠨ ᠵᠢᠷᠤᠮᠵᠢᠭᠤᠯᠬᠤ ᠬᠡᠷᠡᠭᠲᠡᠢ ᠃ | ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠵᠠᠮ ᠭᠤᠳᠣᠰ ᠤᠨ ᠪᠠᠷᠠᠭ᠎ᠠ ᠲᠡᠭᠡᠭᠡᠪᠦᠷᠢ ᠶᠢᠨ | ᠦᠷᠳᠡᠭᠡ ︵ᠲᠠᠯᠠᠪᠤᠷ︶ ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ ᠂ ᠬᠦᠳᠡᠷ ᠂ ᠪᠣᠯᠣᠳ | ᠮᠠᠲ᠋ᠧᠷᠢᠶᠠᠯ ᠂ ᠱᠦᠢᠨᠢ ᠂ ᠪᠧᠲ᠋ᠤᠨ ᠂ ᠬᠠᠶᠢᠷ ᠴᠢᠯᠠᠭᠤ ᠂ ᠰᠢᠪᠠᠷ ᠰᠢᠷᠣᠢ ᠂ ᠲᠠᠸᠠᠷ ᠤᠨ ᠲᠡᠷᠭᠡ ᠂ ᠬᠦᠨᠳᠦ ᠶᠡᠭᠡ | ᠲᠣᠨᠤᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠶᠢᠨ ᠢᠲᠡᠭᠡᠮᠵᠢ ᠶᠢᠨ ᠳᠦᠷᠢᠮ ᠢ ᠪᠠᠶᠢᠭᠤᠯᠵᠤ ᠂ | ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠂ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠂ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠳᠤ | ᠪᠠᠨ ᠣᠷᠣᠭᠤᠯᠵᠤ ᠂ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠣᠷᠣᠭᠤᠯᠬᠤ ᠬᠡᠷᠡᠭᠲᠡᠢ ᠃ | ᠶᠢᠰᠦᠳᠦᠭᠡᠷ ᠵᠦᠢᠯ ᠷᠠᠳᠢᠣ᠋ ᠂ ᠲᠧᠯᠸᠢᠰ ᠂ ᠰᠣᠨᠢᠨ ᠰᠡᠳᠬᠦᠯ ᠂ ᠰᠦᠯᠵᠢᠶ᠎ᠡ ᠵᠡᠷᠭᠡ ᠵᠠᠭᠤᠴᠢᠯᠠᠭᠤᠷ ᠨᠢ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ | ᠵᠠᠰᠠᠬᠤ ᠬᠠᠤᠯᠢ ᠴᠠᠭᠠᠵᠠ ᠂ ᠬᠠᠤᠯᠢ ᠲᠣᠭᠲᠠᠭᠠᠯ ᠬᠢᠭᠡᠳ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠥᠷᠨᠢᠭᠦᠯᠵᠦ ᠂ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ | ᠦᠢᠯᠡ ᠠᠵᠢᠯᠯᠠᠭ᠎ᠠ ᠳᠠᠬᠢ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠪᠠᠨ ᠴᠢᠩᠭᠠᠳᠬᠠᠬᠤ ᠬᠡᠷᠡᠭᠲᠡᠢ ᠃ | ᠠᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠴᠥᠮ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠂ ᠢᠯᠡᠴᠢᠯᠡᠨ ᠮᠡᠳᠡᠭᠦᠯᠬᠦ ᠡᠷᠬᠡ ᠲᠠᠢ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ | ᠵᠠᠭᠠᠯᠳᠤᠬᠤ ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢᠶᠠᠨ ᠨᠡᠶᠢᠭᠡᠮ ᠳᠤ ᠢᠯᠡ | ᠨᠡᠶᠢᠲᠡᠯᠡᠵᠦ ᠂ ᠬᠠᠤᠯᠢ ᠶᠣᠰᠣᠭᠠᠷ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ ᠂ ᠵᠠᠭᠠᠯᠳᠤᠭᠴᠢ ᠢᠯᠡᠴᠢᠯᠡᠨ | ᠮᠡᠳᠡᠭᠦᠯᠦᠭᠴᠢ ᠳᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠢ ᠃ | ᠬᠤᠶᠠᠳᠤᠭᠠᠷ ᠪᠦᠯᠦᠭ ᠡᠬᠢ ᠡᠭᠦᠰᠦᠯ ᠠᠴᠠ ᠨᠢ ᠵᠠᠰᠠᠬᠤ | ᠠᠷᠪᠠᠨ ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ ᠂ ᠥᠭᠡᠷᠡᠴᠢᠯᠡᠨ | ᠤᠭᠰᠠᠷᠠᠬᠤ ᠳᠤ ᠲᠡᠷᠭᠡ ᠶᠢᠨ ᠭᠠᠳᠠᠷ ᠬᠦᠪᠡᠭᠡ ᠶᠢᠨ ᠬᠡᠮᠵᠢᠶ᠎ᠡ ᠂ ᠲᠡᠩᠭᠡᠯᠢᠭ ᠤᠨ ᠳᠠᠭᠠᠭᠠᠴᠠ ᠂ ᠮᠠᠰ ᠤᠨ ᠬᠢᠵᠠᠭᠠᠷ | ᠬᠡᠮᠵᠢᠭᠳᠡᠯ ᠵᠡᠷᠭᠡ ᠶᠢᠨ ᠲᠤᠬᠠᠢ ᠤᠯᠤᠰ ᠤᠨ ᠮᠠᠰᠢᠨᠲᠤ ᠲᠡᠷᠭᠡ ᠶᠢᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠃ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠥᠯᠥ | ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠦᠢᠯᠡᠳᠪᠦᠷᠢᠯᠡᠬᠦ ᠂ ᠬᠡᠷᠡᠭᠯᠡᠬᠦ ᠂ ᠪᠣᠷᠣᠯᠠᠭᠤᠯᠬᠤ ᠶᠢ | ᠴᠠᠭᠠᠵᠠᠯᠠᠨ᠎ᠠ ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠭᠠᠳᠠᠷ ᠬᠡᠯᠪᠡᠷᠢ ᠪᠠ ᠨᠢᠭᠡᠨᠲᠡ | ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠦᠭᠡᠢ ᠃ | ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ | ᠴᠢᠬᠤᠯᠠᠲᠠᠢ ᠪᠣᠯ ᠂ ᠵᠣᠬᠢᠬᠤ ᠬᠢᠷᠢ ᠬᠡᠮ ᠲᠠᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠢᠶᠠᠷ | ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠫᠠᠷᠠᠮᠧᠲᠷ ᠢᠶᠠᠷ ᠥᠭᠡᠷᠡᠴᠢᠯᠡᠨ ᠤᠭᠰᠠᠷᠠᠭᠤᠯᠬᠤ ᠶᠢᠨ ᠬᠠᠮᠲᠤ ᠂ | ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ ᠪᠠᠷ | ᠭᠤᠶᠤᠴᠢᠯᠠᠬᠤ ᠬᠡᠷᠡᠭᠲᠡᠢ ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠳᠠᠩᠰᠠᠯᠠᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠳᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠶᠢᠯᠡᠭᠦᠯᠵᠦ ᠤᠭᠰᠠᠷᠠᠭᠰᠠᠨ ᠂ ᠥᠭᠡᠷᠡᠴᠢᠯᠡᠨ | ᠤᠭᠰᠠᠷᠠᠭᠰᠠᠨ ᠪᠠᠶᠢᠳᠠᠯ ᠢ ᠪᠠᠶᠢᠴᠠᠭᠠᠨ ᠰᠢᠯᠭᠠᠬᠤ ᠬᠡᠷᠡᠭᠲᠡᠢ ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠬᠦ ᠦᠭᠡᠢ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠳᠠᠩᠰᠠᠯᠠᠯᠲᠠ ᠬᠢᠬᠦ ᠂ ᠦᠨᠡᠮᠯᠡᠯ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ | ᠣᠯᠭᠤᠵᠤ ᠪᠣᠯᠬᠤ | ᠦᠭᠡᠢ ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠤᠭᠠᠳᠤᠢ | ᠪᠠ ᠨᠡᠶᠢᠯᠡᠭᠦᠯᠵᠦ ᠤᠭᠰᠠᠷᠠᠭᠰᠠᠨ ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠡᠵᠡᠩᠨᠡᠯᠲᠡ ᠶᠢᠨ ᠦᠨᠡᠮᠯᠡᠯ ᠭᠦᠢᠴᠡᠳᠬᠡᠨ ᠥᠭᠴᠦ ᠪᠣᠯᠬᠤ ᠦᠭᠡᠢ ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ ᠂ ᠬᠠᠤᠯᠢ ᠪᠤᠰᠤ ᠪᠠᠷ ᠥᠭᠡᠷᠡᠴᠢᠯᠡᠵᠦ ᠤᠭᠰᠠᠷᠠᠬᠤ ᠠᠵᠢᠯ ᠡᠷᠬᠢᠯᠡᠵᠤ ᠪᠠᠶᠢᠭ᠎ᠠ ᠪᠤᠶᠤ | ᠡᠶᠢᠮᠦᠷᠬᠦᠦ ᠲᠡᠷᠭᠡ ᠶᠢ ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠪᠠᠶᠢᠴᠠᠭᠠᠨ | ᠰᠢᠢᠳᠪᠦᠷᠢᠯᠡᠬᠦ ᠬᠡᠷᠡᠭᠲᠡᠢ ᠃ ᠪᠠᠶᠢᠴᠠᠭᠠᠨ ᠮᠡᠳᠡᠭᠰᠡᠨ ᠨᠡᠶᠢᠯᠡᠭᠦᠯᠵᠦ ᠤᠭᠰᠠᠷᠠᠭᠰᠠᠨ ᠂ ᠬᠠᠤᠯᠢ ᠪᠤᠰᠤ ᠪᠠᠷ ᠥᠭᠡᠷᠡᠴᠢᠯᠡᠨ | ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠨᠢᠭᠡᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ ᠵᠠᠷᠯᠢᠭᠳᠠᠵᠤ | ᠥᠪᠡᠷᠰᠡᠳ ᠢᠶᠠᠷ ᠨᠢ ᠵᠠᠳᠠᠯᠤᠨ ᠰᠠᠯᠭᠠᠭᠤᠯᠬᠤ ᠬᠡᠷᠡᠭᠲᠡᠢ ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ ᠤᠳ ᠢ | ᠵᠣᠬᠢᠶᠠᠨ ᠪᠠᠶᠢᠭᠤᠯᠵᠤ ᠂ ᠲᠣᠰ ᠵᠠᠰᠠᠭ ᠵᠠᠬᠢᠷᠭᠠᠨ ᠤ ᠣᠷᠣᠨ ᠳᠠᠬᠢ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ | ᠨᠢᠭᠡᠴᠢ ᠶᠢ ᠪᠠᠨ ᠬᠠᠷᠭᠤᠭᠤᠯᠤᠨ ᠪᠠᠶᠢᠴᠠᠭᠠᠵᠤ ᠂ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ | ᠨᠡᠷᠡᠰ ᠢ ᠨᠠᠶᠢᠷᠠᠭᠤᠯᠤᠨ ᠲᠣᠭᠲᠠᠭᠠᠵᠤ ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ ᠦᠨᠳᠦᠰᠦᠯᠡᠨ ᠂ | ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢ ᠲᠣᠭᠲᠠᠭᠠᠵᠤ ᠂ ᠨᠡᠶᠢᠭᠡᠮ ᠳᠤ | ᠨᠡᠶᠢᠲᠡᠯᠡᠬᠦ ᠶᠢᠨ ᠬᠠᠮᠲᠤ ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ ᠃ | ᠠᠷᠪᠠᠨ ᠲᠠᠪᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷ᠎ᠠ | ᠵᠢᠭᠰᠠᠭᠠᠭᠰᠠᠨ ᠲᠣᠭᠲᠠᠭᠠᠯ ᠤᠳ ᠢ ᠵᠢᠷᠤᠮᠯᠠᠬᠤ ᠬᠡᠷᠡᠭᠲᠡᠢ ᠄ | ︵ᠨᠢᠭᠡ︶ ᠬᠤᠯᠪᠣᠭᠳᠠᠯ ᠪᠦᠬᠦᠢ ᠠᠵᠢᠯ ᠡᠷᠬᠢᠯᠡᠭᠰᠡᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ︔ | ︵ᠬᠤᠶᠠᠷ︶ ᠪᠠᠷᠠᠭ᠎ᠠ ᠲᠡᠭᠡᠭᠡᠪᠦᠷᠢ ᠶᠢ ᠬᠡᠮᠵᠢᠵᠦ ᠬᠦᠨᠳᠦ ᠶᠢ ᠬᠡᠮᠵᠢᠬᠦ ᠪᠠ ᠬᠢᠨᠠᠨ ᠡᠵᠡᠮᠳᠡᠬᠦ ᠶᠢᠨ ᠤᠯᠤᠰ ᠤᠨ | ᠪᠠᠷᠢᠮᠵᠢᠶ᠎ᠠ ᠳᠤ ᠨᠡᠶᠢᠴᠡᠭᠰᠡᠨ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠳᠦᠬᠦᠷᠵᠢᠭᠦᠯᠦᠨ ᠲᠣᠬᠢᠷᠠᠭᠤᠯᠬᠤ ᠶᠢᠨ | ᠬᠠᠮᠲᠤ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶᠡᠵᠢᠭᠦᠯᠬᠦ ᠬᠡᠷᠡᠭᠲᠡᠢ ︔ | ︵ ᠭᠤᠷᠪᠠ︶ ᠪᠠᠷᠠᠭ᠎ᠠ ᠠᠴᠢᠶᠠᠯᠠᠬᠤ ᠂ ᠬᠦᠨᠳᠦ ᠶᠢ ᠬᠡᠮᠵᠢᠬᠦ ᠂ ᠪᠠᠷᠢᠮᠲᠠ ᠭᠠᠷᠭᠠᠬᠤ ᠵᠡᠷᠭᠡ ᠬᠤᠯᠪᠣᠭᠳᠠᠯ | ᠪᠦᠬᠦᠢ ᠠᠵᠢᠯ ᠡᠷᠬᠢᠯᠡᠭᠰᠡᠳ ᠲᠤ ᠪᠣᠯᠪᠠᠰᠤᠷᠠᠯ ᠬᠢᠬᠦ ᠬᠡᠷᠡᠭᠲᠡᠢ ︔ | ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠬᠢᠭᠡᠳ ᠵᠢᠯᠣᠭᠤᠴᠢ ᠶᠢᠨ ᠲᠡᠷᠭᠡ ᠵᠠᠮᠨᠠᠭᠤᠯᠬᠤ | ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ | ᠨᠢ ᠳᠠᠩᠰᠠᠯᠠᠨ ᠲᠡᠮᠳᠡᠭᠯᠡᠬᠦ ᠬᠡᠷᠡᠭᠲᠡᠢ ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ | ᠪᠦᠷᠢᠨᠰᠢᠭᠦᠯᠬᠦ ᠶᠢᠨ ᠬᠠᠮᠲᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ ︔ | ︵ᠵᠢᠷᠭᠤᠭ᠎ᠠ︶ ᠬᠠᠤᠯᠢ ᠬᠡᠷᠡᠭᠵᠢᠭᠦᠯᠦᠭᠴᠢ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ ᠂ ᠲᠣᠭᠤᠷᠢᠨ | ᠪᠠᠶᠢᠴᠠᠭᠠᠬᠤ ᠪᠠ ᠬᠤᠸᠠᠷᠠᠩᠨᠠᠬᠤ ᠬᠥᠮᠥᠰ ᠲᠤ ᠴᠢᠬᠤᠯᠠ ᠪᠦᠬᠦᠢ ᠲᠥᠬᠦᠮ ᠨᠥᠬᠦᠴᠡᠯ ᠬᠠᠩᠭᠠᠵᠤ ᠂ ᠬᠤᠯᠪᠣᠭᠳᠠᠯ | ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠢ ᠪᠠᠷ ᠬᠠᠩᠭᠠᠬᠤ ᠬᠡᠷᠡᠭᠲᠡᠢ ᠃ | ᠠᠷᠪᠠᠨ ᠵᠢᠷᠭᠤᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠳᠤ ᠳᠣᠣᠷᠠᠬᠢ ᠦᠢᠯᠡ | ᠠᠵᠢᠯᠯᠠᠭ᠎ᠠ ᠪᠠᠶᠢᠵᠤ ᠪᠣᠯᠬᠤ ᠦᠭᠡᠢ ᠄ | ︵ᠨᠢᠭᠡ︶ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠦᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠬᠡᠭᠦᠯᠦᠭᠡᠳᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ | ᠲᠡᠭᠡᠭᠡᠪᠦᠷᠢ ᠲᠣᠬᠢᠷᠠᠭᠤᠯᠤᠭᠰᠠᠨ ︔ | ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠣᠭᠠᠳᠤᠢ ᠵᠢᠯᠣᠭᠤᠴᠢ ᠶᠢᠨ | ᠵᠢᠯᠣᠭᠤᠳᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ | ᠲᠣᠬᠢᠷᠠᠭᠤᠯᠤᠭᠰᠠᠨ ︔ | ︵ᠭᠤᠷᠪᠠ︶ ᠨᠡᠶᠢᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ︔ | ︵ ᠳᠥᠷᠪᠡ︶ ᠪᠠᠷᠢᠮᠵᠢᠶ᠎ᠠ ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ ︔ | ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠬᠤ ᠪᠠᠷ ᠬᠤᠳᠠᠯ ᠬᠠᠭᠤᠷᠮᠠᠭ ᠭᠡᠷᠡᠴᠢ | ᠬᠠᠩᠭᠠᠭᠰᠠᠨ ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠸᠠᠷᠠᠩᠨᠠᠬᠤ | ᠪᠤᠶᠤ ᠲᠣᠭᠤᠷᠢᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ ᠂ ᠭᠤᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ ᠃ | ᠠᠷᠪᠠᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠣᠰ ᠠᠵᠢᠯ ᠲᠦᠷᠦᠯ ᠤᠨ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠪᠠᠷᠠᠭ᠎ᠠ ᠠᠴᠢᠶᠠᠯᠠᠭᠰᠠᠨ ᠂ ᠲᠡᠭᠡᠭᠡᠪᠦᠷᠢ ᠲᠣᠬᠢᠷᠠᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ ᠃ ᠬᠢᠨᠠᠯᠲᠠ ᠲᠠᠯᠪᠢᠵᠤ ᠪᠠᠶᠢᠴᠠᠭᠠᠬᠤ ᠳᠤ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠣᠯᠵᠤ ᠮᠡᠳᠡᠪᠡᠯ ᠂ ᠪᠠᠷᠠᠭ᠎ᠠ ᠲᠡᠭᠡᠭᠡᠪᠦᠷᠢ ᠶᠢᠨ ᠡᠬᠢ | ᠡᠭᠦᠰᠦᠯ ᠤᠨ ᠨᠢᠭᠡᠴᠢ ᠶᠢ ᠴᠡᠭᠴᠡᠯᠡᠨ ᠵᠠᠰᠠᠬᠤ ᠪᠠᠷ ᠱᠠᠭᠠᠷᠳᠠᠬᠤ ᠬᠡᠷᠡᠭᠲᠡᠢ ︔ ᠲᠣᠰ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃ | ᠠᠷᠪᠠ ᠶᠢᠰᠦᠳᠦᠭᠡᠷ ᠵᠦᠢᠯ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ | ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠬᠠᠮᠵᠢᠵᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠢ ᠰᠠᠶᠢᠲᠤᠷ ᠬᠢᠵᠦ ᠂ ᠲᠡᠭᠦᠨ ᠤ | ᠰᠢᠯᠵᠢᠭᠦᠯᠦᠨ ᠬᠦᠷᠭᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ | ᠬᠤᠷᠢᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠡᠵᠡᠩᠨᠡᠭᠴᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ | ᠵᠢᠷᠤᠮᠯᠠᠬᠤ ᠬᠡᠷᠡᠭᠲᠡᠢ ᠄ | ︵ᠨᠢᠭᠡ︶ ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠠᠮᠤᠷ | ᠲᠦᠪᠰᠢᠨ ᠤ ᠮᠡᠳᠡᠯᠭᠡ ᠶᠢᠨ ᠪᠣᠯᠪᠠᠰᠤᠷᠠᠯ ᠬᠢᠵᠦ ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡ | ᠬᠠᠩᠭᠠᠵᠤ ᠲᠡᠭᠡᠭᠡᠪᠦᠷᠢ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠎ᠡ ︔ | ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠳᠤ ᠲᠣᠭᠲᠠᠭᠠᠭᠰᠠᠨ ᠲᠡᠷᠭᠡ | ᠬᠥᠰᠬᠡ ᠶᠢᠨ ᠳᠠᠭᠠᠭᠠᠵᠤ ᠳᠡᠶᠢᠯᠬᠦ ᠬᠢᠵᠠᠭᠠᠷ ᠬᠡᠮᠵᠢᠭᠳᠡᠯ ᠢᠶᠠᠷ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠨ᠎ᠠ ︔ | | ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠦᠭᠡᠢ ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠵᠢᠯᠣᠭᠤᠴᠢ ᠶᠢ ᠵᠢᠭᠠᠨ ᠳᠣᠬᠢᠵᠤ ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠪᠠᠷᠠᠭ᠎ᠠ | ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠦᠭᠡᠢ ︔ | ︵ᠳᠥᠷᠪᠡ︶ ᠪᠠᠷᠠᠭ᠎ᠠ ᠠᠴᠢᠶᠠᠯᠠᠭᠰᠠᠨ ᠡᠬᠢ ᠡᠭᠦᠰᠦᠯ ᠤᠨ ᠨᠢᠭᠡᠴᠢ ᠠᠶᠤᠯ ᠦᠭᠡᠢ ᠦᠢᠯᠡᠳᠪᠦᠷᠢᠯᠡᠯ ᠤᠨ | ᠡᠭᠦᠷᠭᠡ ᠪᠠᠨ ᠭᠦᠢᠴᠡᠳᠬᠡᠬᠦ ᠦᠭᠡᠢ ᠪᠤᠶᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ ︔ | ︵ ᠲᠠᠪᠤ︶ ᠬᠠᠤᠯᠢ ᠴᠠᠭᠠᠵᠠ ᠂ ᠬᠠᠤᠯᠢ ᠲᠣᠭᠲᠠᠭᠠᠯ ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠭᠦᠷᠭᠡ ᠤᠳ ᠃ | ᠭᠤᠷᠪᠠᠳᠤᠭᠠᠷ ᠪᠦᠯᠦᠭ ᠵᠠᠮ ᠳᠡᠭᠡᠷᠡᠬᠢ ᠶᠢ ᠵᠠᠰᠠᠬᠤ | ᠬᠤᠷᠢᠨ ᠨᠢᠭᠡᠳᠦᠭᠡᠷ ᠵᠦᠢᠯ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠠᠮ ᠳᠤ ᠭᠠᠷᠬᠤ ᠶᠢ ᠴᠠᠭᠠᠵᠠᠯᠠᠨ᠎ᠠ ᠃ | ᠵᠠᠳᠠᠷᠠᠵᠤ ᠪᠣᠯᠣᠰᠢ ᠦᠭᠡᠢ ᠪᠣᠳᠠᠰ ᠢ ᠲᠡᠭᠡᠭᠡᠪᠦᠷᠢᠯᠡᠭᠰᠡᠨ ᠪᠥᠭᠡᠳ ᠤᠯᠤᠰ ᠤᠨ ᠵᠠᠰᠠᠮᠠᠯ ᠵᠡᠮ ᠤᠨ ᠲᠡᠷᠭᠡ | ᠬᠥᠰᠬᠡ ᠶᠢᠨ ᠨᠡᠪᠲᠡᠷᠡᠬᠦ ᠬᠢᠵᠠᠭᠠᠷ ᠬᠡᠮᠵᠢᠭᠳᠡᠯ ᠠᠴᠠ ᠬᠡᠲᠦᠷᠡᠭᠦᠯᠲᠡᠯᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ | ᠬᠥᠰᠬᠡ ᠨᠢ ᠵᠠᠰᠠᠮᠠᠯ ᠵᠡᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠢ ᠬᠠᠤᠯᠢ ᠶᠣᠰᠣᠭᠠᠷ | ᠭᠦᠢᠴᠡᠳᠬᠡᠵᠦ ᠂ ᠵᠢᠭᠠᠨ ᠲᠣᠭᠲᠠᠭᠠᠭᠰᠠᠨ ᠴᠠᠭ ᠂ ᠵᠠᠮ ᠱᠤᠭᠤᠮ ᠂ ᠬᠤᠷᠳᠤᠴᠠ ᠪᠠᠷ ᠶᠠᠪᠤᠬᠤ ᠶᠢᠨ ᠬᠠᠮᠲᠤ ᠂ | ᠢᠯᠡᠷᠬᠡᠢ ᠲᠡᠮᠳᠡᠭ ᠡᠯᠭᠦᠬᠦ ᠬᠡᠷᠡᠭᠲᠡᠢ ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠬᠤ ᠳᠤ ᠪᠠᠨ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠠᠴᠠ ᠪᠠᠶᠢᠴᠠᠭᠠᠨ ᠰᠢᠨᠵᠢᠬᠦ ᠂ ᠰᠢᠯᠵᠢᠯᠲᠡ | ᠲᠠᠢ ᠪᠠᠷ ᠪᠠᠶᠢᠴᠠᠭᠠᠨ ᠰᠢᠨᠵᠢᠬᠦ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ | ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠴᠠᠭᠠᠨ ᠰᠢᠨᠵᠢᠬᠦ ᠵᠡᠷᠭᠡ ᠠᠷᠭ᠎ᠠ ᠶᠢ ᠠᠪᠴᠤ | ᠪᠣᠯᠣᠨ᠎ᠠ ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠵᠢᠭᠦᠯᠬᠦ ᠂ | ᠵᠦᠢ ᠵᠣᠬᠢᠰᠲᠠᠢ ᠪᠠᠶᠢᠷᠢᠰᠢᠭᠤᠯᠬᠤ ᠂ ᠶᠡᠷᠦᠩᠬᠡᠢ ᠬᠡᠮᠵᠢᠶ᠎ᠡ ᠶᠢ ᠨᠢ ᠬᠢᠵᠠᠭᠠᠷᠯᠠᠬᠤ ᠂ ᠴᠠᠭ ᠲᠤᠬᠠᠢ ᠳᠤ ᠨᠢ | ᠲᠣᠬᠢᠷᠠᠭᠤᠯᠤᠯᠲᠠ ᠬᠢᠬᠦ ᠵᠠᠷᠴᠢᠮ ᠶᠣᠰᠣᠭᠠᠷ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠶᠢᠷᠢᠯᠠᠭᠤᠯᠬᠤ ᠲᠥᠰᠥᠯ | ᠳᠤᠷᠠᠳᠬᠤ ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠨᠠᠯ | ᠬᠤᠷᠢᠶᠠᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ ᠃ | ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠂ ᠥᠭᠡᠷᠡᠴᠢᠯᠡᠨ ᠪᠠᠶᠢᠭᠤᠯᠬᠤ ᠂ ᠥᠷᠭᠡᠳᠬᠡᠨ ᠪᠠᠶᠢᠭᠤᠯᠬᠤ ᠳᠤ ᠂ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠤᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠣᠰᠣᠭᠠᠷ ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠴᠡᠭ ᠂ ᠲᠡᠷᠭᠡ ᠬᠥᠰᠬᠡ ᠶᠢ ᠪᠠᠶᠢᠴᠠᠭᠠᠨ | ᠰᠢᠨᠵᠢᠬᠦ ᠂ ᠲᠡᠷᠭᠡ ᠬᠥᠰᠬᠡ ᠶᠢᠨ ᠬᠦᠨᠳᠦ ᠶᠢ ᠵᠢᠩᠯᠡᠬᠦ ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ | ᠵᠠᠰᠠᠮᠠᠯ ᠵᠠᠮ ᠤᠨ ᠳᠠᠭᠠᠯᠲᠠ ᠪᠡᠯᠡᠳᠬᠡᠮᠵᠢ ᠪᠠᠷ ᠬᠠᠮᠲᠤ ᠳᠤ ᠨᠢ ᠪᠠᠷᠢᠯᠭ᠎ᠠ ᠶᠢᠨ ᠲᠥᠰᠥᠪ ᠲᠤ ᠣᠷᠣᠭᠤᠯᠵᠤ ᠂ ᠵᠠᠰᠠᠮᠠᠯ | ᠵᠠᠮ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ ᠂ ᠵᠡᠷᠭᠡ ᠳᠤ ᠨᠢ | ᠪᠦᠲᠦᠭᠡᠨ ᠪᠠᠶᠢᠭᠤᠯᠵᠤ ᠂ ᠵᠡᠷᠭᠡ ᠳᠤ ᠨᠢ ᠰᠢᠯᠭᠠᠨ ᠠᠪᠴᠤ ᠠᠵᠢᠯᠯᠠᠭᠤᠯᠬᠤ ᠬᠡᠷᠡᠭᠲᠡᠢ ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠲᠦᠷᠭᠡᠨ ᠤ ᠵᠠᠮ ᠤᠨ ᠣᠷᠤᠴᠠ ᠭᠠᠷᠴᠠ ᠂ ᠲᠡᠷᠭᠡᠨ ᠤ ᠵᠣᠭᠰᠣᠭᠠᠯ ᠂ | ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ ᠤᠯᠠᠨ ᠡᠭᠦᠰᠳᠡᠭ ᠵᠠᠮ ᠤᠨ ᠬᠡᠰᠡᠭ ᠂ ᠵᠠᠩᠭᠢᠯᠠᠭ᠎ᠠ | ᠴᠡᠭ ᠲᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠷᠳᠡᠭᠡ ᠠᠴᠠ ᠵᠠᠶᠢᠯᠠᠵᠤ ᠲᠣᠭᠤᠷᠢᠵᠤ ᠶᠠᠪᠤᠬᠤ ᠂ | ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠨᠵᠢᠵᠦ ᠪᠣᠯᠣᠨ᠎ᠠ ᠃ | ᠰᠢᠯᠵᠢᠯᠲᠡ ᠲᠠᠢ ᠪᠠᠷ ᠪᠠᠶᠢᠴᠠᠭᠠᠨ ᠰᠢᠨᠵᠢᠭᠰᠡᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠣᠯ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ | ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠴᠡᠭ ᠪᠤᠶᠤ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠪᠥᠭᠡᠳ ᠨᠡᠶᠢᠲᠡᠯᠡᠭᠰᠡᠨ | ᠬᠠᠤᠯᠢ ᠬᠡᠷᠡᠭᠵᠢᠭᠦᠯᠬᠦ ᠥᠷᠲᠡᠭᠡ ᠭᠠᠵᠠᠷ ᠂ ᠲᠡᠷᠭᠡᠨ ᠤ ᠵᠣᠭᠰᠣᠭᠠᠯ ᠂ ᠪᠠᠷᠠᠭ᠎ᠠ ᠪᠠᠭᠤᠯᠭᠠᠬᠤ ᠲᠠᠯᠠᠪᠠᠶ ᠵᠡᠷᠭᠡ ᠲᠡᠷᠭᠡ | ᠵᠣᠭᠰᠤᠭᠠᠬᠤ ᠵᠢᠴᠢ ᠪᠠᠷᠠᠭ᠎ᠠ ᠪᠠᠭᠤᠯᠭᠠᠬᠤ ᠨᠥᠬᠦᠴᠡᠯ ᠲᠠᠢ ᠭᠠᠵᠠᠷ ᠪᠤᠶᠤ ᠲᠠᠯᠠᠪᠤᠷ ᠲᠤ ᠳᠠᠭᠠᠭᠤᠯᠤᠨ ᠬᠦᠷᠭᠡᠵᠦ | ᠰᠢᠢᠳᠪᠦᠷᠢᠯᠡᠨ᠎ᠡ ᠃ | ᠲᠦᠷᠭᠡᠨ ᠤ ᠵᠠᠮ ᠤᠨ ᠡᠵᠡᠩᠨᠡᠯᠲᠡ ᠶᠢᠨ ᠨᠢᠭᠡᠴᠢ ᠨᠢ ᠬᠠᠷᠢᠶᠠᠨ ᠳᠠᠬᠢ ᠲᠦᠷᠭᠡᠨ ᠤ ᠵᠠᠮ ᠤᠨ ᠣᠷᠤᠴᠠ | ᠭᠠᠷᠴᠠ ᠳᠠᠬᠢ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠠᠴᠠ ᠴᠤᠭᠯᠠᠭᠤᠯᠤᠭᠰᠠᠨ ᠬᠠᠤᠯᠢ ᠠᠴᠠ ᠵᠥᠷᠢᠴᠡᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠢ ᠳᠤ ᠨᠢ | ᠳᠠᠮᠵᠢᠭᠤᠯᠤᠨ ᠬᠦᠷᠭᠡᠬᠦ ᠬᠡᠷᠡᠭᠲᠡᠢ ᠃ | ᠬᠤᠷᠢᠨ ᠲᠠᠪᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠦᠷᠲᠡᠭᠡ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠲᠤᠷᠠᠨ ᠬᠠᠤᠯᠢ | ᠬᠡᠷᠡᠭᠵᠢᠭᠦᠯᠦᠨ᠎ᠡ ᠃ | ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠥᠷᠲᠡᠭᠡ ᠳᠤ ᠥᠷᠲᠡᠭᠡᠨ ᠳᠤ ᠣᠷᠣᠬᠤ ᠠᠴᠠ ᠡᠮᠦᠨ᠎ᠡ ᠤᠷᠤᠰᠬᠠᠯ ᠢ ᠵᠠᠯᠠᠬᠤ ᠂ | ᠠᠮᠤᠷ ᠲᠦᠪᠰᠢᠨ ᠤ ᠲᠥᠬᠦᠭᠡᠷᠦᠮᠵᠢ ᠲᠣᠬᠢᠷᠠᠭᠤᠯᠵᠤ ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ | ᠪᠠ ᠪᠠᠶᠢᠴᠠᠭᠠᠨ ᠰᠢᠨᠵᠢᠬᠦ ᠂ ᠠᠴᠢᠶᠠᠯᠠᠵᠤ ᠪᠠᠭᠤᠯᠭᠠᠬᠤ ᠂ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ ᠲᠠᠭᠠᠷᠠᠭᠤᠯᠵᠣ ᠂ | ᠥᠷᠲᠡᠭᠡᠨ ᠳᠠᠬᠢ ᠢᠯᠡᠷᠬᠡᠢ ᠪᠠᠶᠢᠷᠢᠨ ᠳᠤ ᠵᠥᠪᠰᠢᠶᠡᠷᠡᠭᠰᠡᠨ ᠪᠠᠶᠢᠭᠤᠯᠭ᠎ᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠣᠭᠴᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠂ ᠬᠢᠨᠠᠯᠲᠠ ᠲᠠᠯᠪᠢᠵᠤ ᠢᠯᠡᠴᠢᠯᠡᠨ | ᠮᠡᠳᠡᠭᠦᠯᠬᠦ ᠤᠲᠠᠰᠤ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠮᠠᠭᠠᠳᠯᠠᠨ ᠲᠣᠭᠲᠠᠭᠠᠬᠤ | ᠪᠠᠷᠢᠮᠵᠢᠶ᠎ᠠ ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠴᠤᠪᠤᠷᠠᠯ ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠨ᠎ᠡ ᠃ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ | ᠰᠢᠨᠵᠢᠬᠦ ᠦᠷᠲᠡᠭᠡ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠤᠷᠤᠰᠬᠠᠯ ᠤᠨ ᠬᠡᠮᠵᠢᠶ᠎ᠡ ᠶᠢ ᠦᠨᠳᠦᠰᠦᠯᠡᠨ ᠂ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠪᠠᠶᠢᠴᠠᠭᠠᠨ ᠰᠢᠨᠵᠢᠬᠦ ᠨᠡᠪᠳᠡᠷᠡᠯ ᠵᠠᠮ ᠂ ᠲᠡᠷᠭᠡ ᠬᠥᠰᠬᠡ ᠶᠢ ᠵᠠᠮᠴᠢᠯᠠᠨ | ᠳᠠᠭᠠᠭᠤᠯᠬᠤ ᠵᠠᠮ ᠢᠶᠠᠨ ᠵᠦᠢ ᠵᠣᠬᠢᠰᠲᠠᠢ ᠪᠠᠶᠢᠷᠢᠯᠠᠭᠤᠯᠬᠤ ᠪᠠ ᠵᠣᠬᠢᠬᠤ ᠬᠡᠪᠴᠢᠶᠡᠨ ᠤ ᠲᠡᠷᠭᠡᠨ ᠤ ᠵᠣᠭᠰᠣᠭᠠᠯ ᠂ | ᠪᠠᠷᠠᠭ᠎ᠠ ᠪᠠᠭᠤᠯᠭᠠᠬᠤ ᠭᠠᠵᠠᠷ ᠢ ᠲᠣᠬᠢᠷᠠᠭᠤᠯᠤᠨ ᠪᠠᠶᠢᠭᠤᠯᠬᠤ ᠬᠡᠷᠡᠭᠲᠡᠢ ᠂ ᠲᠡᠷᠭᠡ ᠬᠥᠰᠬᠡ ᠶᠢ ᠪᠠᠶᠢᠴᠠᠭᠠᠨ | ᠰᠢᠨᠵᠢᠬᠦ ᠠᠴᠠ ᠪᠣᠯᠵᠤ ᠪᠤᠰᠤᠳ ᠲᠡᠷᠭᠡ ᠬᠥᠰᠬᠡ ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ | ᠲᠦᠪᠰᠢᠨ ᠢ ᠨᠥᠯᠥᠭᠡᠯᠡᠵᠦ ᠪᠣᠯᠬᠤ ᠦᠭᠡᠢ ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠢᠨᠵᠢᠵᠦ ᠮᠠᠭᠠᠳᠯᠠᠨ ᠲᠣᠭᠲᠠᠭᠠᠭᠰᠠᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠳᠣᠣᠷᠠᠬᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠄ | ︵ᠨᠢᠭᠡ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠶᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ | ᠲᠠᠯᠠᠪᠤᠷ ᠲᠤ ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯ ᠂ ᠲᠤᠬᠠᠢ ᠶᠢᠨ ᠬᠥᠮᠥᠨ ᠢ | ᠵᠠᠷᠯᠢᠭᠳᠠᠵᠤ ᠪᠠᠶᠢᠭᠠᠳ ᠥᠪᠡᠷ ᠢᠶᠠᠨ ᠪᠠᠷᠠᠭ᠎ᠠ ᠪᠠᠨ ᠪᠠᠭᠤᠯᠭᠠᠬᠤ ᠂ ᠰᠠᠯᠭᠠᠨ ᠠᠴᠢᠶᠠᠯᠠᠬᠤ ᠵᠡᠷᠭᠡ ᠵᠠᠯᠠᠷᠠᠭᠤᠯᠬᠤ | ᠠᠷᠭ᠎ᠠ ᠬᠡᠮᠵᠢᠶ᠎ᠡ ᠪᠠᠷ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ ᠬᠡᠷᠡᠭᠲᠡᠢ ᠃ ᠪᠠᠷᠠᠭ᠎ᠠ ᠪᠠᠨ ᠪᠠᠭᠤᠯᠭᠠᠭᠰᠠᠨ ᠂ | ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠲᠠᠬᠢᠨ ᠪᠠᠶᠢᠴᠠᠭᠠᠵᠤ ᠂ | ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ ᠭᠠᠷᠭᠠᠨ ᠶᠠᠪᠤᠭᠤᠯᠵᠤ ᠪᠣᠯᠣᠨ᠎ᠠ ︔ | ︵ᠬᠤᠶᠠᠷ︶ ᠰᠠᠯᠭᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠶᠢᠨ ᠲᠠᠯᠠᠪᠠᠢ ᠳᠤ | ᠨᠢ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠪᠣᠯ ᠲᠤᠬᠠᠢ ᠶᠢᠨ ᠬᠥᠮᠥᠨ ᠢ ᠵᠠᠷᠯᠢᠭᠳᠠᠵᠤ | ᠪᠠᠶᠢᠭᠠᠳ ᠣᠶᠢᠷ᠎ᠠ ᠬᠠᠪᠢ ᠶᠢᠨ ᠪᠠᠷᠠᠭ᠎ᠠ ᠪᠠᠭᠤᠯᠭᠠᠬᠤ ᠨᠥᠬᠦᠴᠡᠯ ᠢ ᠪᠦᠷᠢᠳᠦᠭᠦᠯᠦᠭᠰᠡᠨ ᠲᠠᠯᠠᠪᠤᠷ ᠲᠤ ᠬᠦᠷᠴᠦ | ᠪᠠᠷᠠᠭ᠎ᠠ ᠪᠠᠨ ᠪᠠᠭᠤᠯᠭᠠᠵᠤ ᠂ ᠰᠠᠯᠭᠠᠨ ᠲᠡᠭᠡᠭᠡᠪᠦᠷᠢᠯᠡᠭᠦᠯᠵᠦ ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠬᠤ | ᠬᠡᠷᠡᠭᠲᠡᠢ ᠃ ᠪᠠᠷᠠᠭ᠎ᠠ ᠪᠠᠨ ᠪᠠᠭᠤᠯᠭᠠᠭᠰᠠᠨ ᠂ ᠰᠠᠯᠭᠠᠨ ᠲᠡᠭᠡᠭᠡᠪᠦᠷᠢᠯᠡᠭᠰᠡᠨ ᠤ ᠳᠠᠷᠠᠭ᠎ᠠ ᠨᠢ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠲᠠᠬᠢᠨ ᠪᠠᠶᠢᠴᠠᠭᠠᠵᠤ ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠲᠠᠷᠠᠭ᠎ᠠ ᠵᠠᠮ ᠳᠤ | ᠭᠠᠷᠭᠠᠨ ᠶᠠᠪᠤᠭᠤᠯᠵᠤ ᠪᠣᠯᠣᠨ᠎ᠠ ︔ | ︵ ᠭᠤᠷᠪᠠ ︶ ᠵᠠᠳᠠᠷᠠᠵᠤ ᠪᠣᠯᠣᠰᠢ ᠦᠭᠡᠢ ᠲᠣᠮᠣ ᠪᠣᠳᠠᠰ ᠢ ᠲᠡᠭᠡᠭᠡᠪᠦᠷᠢᠯᠡᠬᠦ ᠳᠤ ᠪᠠᠨ ᠬᠡᠮᠵᠢᠶ᠎ᠡ ᠠᠴᠠ | ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠭᠰᠡᠨ ᠦᠭᠡᠢ ᠪᠣᠯ ᠂ ᠲᠤᠬᠠᠢ ᠶᠢᠨ ᠬᠥᠮᠥᠨ ᠢ | ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠪᠠᠶᠢᠳᠠᠯ ᠢ ᠠᠷᠢᠯᠭᠠᠵᠤ ᠂ ᠪᠠᠶᠢᠴᠠᠭᠠᠨ ᠰᠢᠢᠳᠪᠦᠷᠢᠯᠡᠬᠦ ᠶᠢ | ᠬᠦᠯᠢᠶᠡᠬᠦ ᠶᠢᠨ ᠬᠠᠮᠲᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ | ᠲᠡᠭᠡᠭᠡᠪᠦᠷᠢᠯᠡᠬᠦ ᠵᠥᠪᠰᠢᠶᠡᠷᠡᠯ ᠤᠨ ᠭᠠᠷ ᠭᠦᠢᠴᠡᠳᠬᠡᠯ ᠬᠢᠯᠭᠡᠬᠦ ᠪᠠᠷ ᠭᠤᠶᠤᠴᠢᠯᠠᠬᠤ ᠶᠢ ᠲᠤᠬᠠᠢ ᠶᠢᠨ ᠬᠥᠮᠥᠨ ᠳᠤ | ᠮᠡᠳᠡᠭᠳᠡᠬᠦ ᠬᠡᠷᠡᠭᠲᠡᠢ ︔ | ︵ ᠳᠥᠷᠪᠡ︶ ᠨᠣᠴᠣᠮᠠᠲᠠᠭᠠᠢ ᠂ ᠳᠡᠯᠪᠡᠷᠡᠮᠡᠲᠡᠭᠡᠢ ᠂ ᠳᠣᠭᠰᠢᠨ ᠬᠤᠣᠷ ᠂ ᠰᠠᠴᠤᠷᠠᠭ ᠢᠳᠡᠪᠬᠢ ᠴᠢᠨᠠᠷ ᠲᠠᠢ | ᠵᠡᠷᠭᠡ ᠠᠶᠤᠯᠲᠠᠢ ᠪᠣᠳᠠᠰ ᠢ ᠲᠡᠭᠡᠭᠡᠪᠦᠷᠢᠯᠡᠭᠰᠡᠨ ᠪᠤᠶᠤ ᠬᠤᠯᠢᠯᠳᠤᠭᠤᠯᠤᠨ ᠰᠠᠪᠠᠯᠠᠭᠰᠠᠨ ᠪᠣᠯ ᠂ ᠬᠤᠯᠪᠣᠭᠳᠠᠯ ᠪᠦᠬᠦᠢ | ᠬᠠᠤᠯᠢ ᠴᠠᠭᠠᠵᠠ ᠂ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ ᠃ | ᠳᠠᠭᠠᠭᠠᠨ ᠲᠡᠭᠡᠭᠡᠪᠦᠷᠢᠯᠡᠭᠴᠢ ᠠᠴᠠ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ | ᠰᠢᠢᠳᠪᠦᠷᠢᠯᠡᠬᠦ ᠬᠡᠷᠡᠭᠲᠡᠢ ︔ ᠬᠤᠭᠤᠴᠠᠭ᠎ᠠ ᠬᠡᠲᠦᠷᠡᠭᠡᠳ ᠰᠢᠢᠳᠪᠦᠷᠢᠯᠡᠭᠰᠡᠨ ᠦᠭᠡᠢ ᠪᠣᠯ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ᠃ | ᠬᠤᠷᠢᠨ ᠨᠠᠢᠮᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠪᠠᠶᠢᠴᠠᠭᠠᠨ ᠰᠢᠨᠵᠢᠬᠦ ᠵᠢᠭᠠᠯᠲᠠ ᠲᠡᠮᠳᠡᠭ ᠪᠤᠶᠤ ᠬᠠᠤᠯᠢ | ᠬᠡᠷᠡᠭᠵᠢᠭᠦᠯᠬᠦ ᠠᠵᠢᠯᠲᠠᠨ ᠤ ᠵᠢᠯᠣᠭᠤᠳᠤᠯᠭ᠎ᠠ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢᠨ ᠪᠠᠶᠢᠴᠠᠭᠠᠨ ᠰᠢᠨᠵᠢᠬᠦ ᠶᠢ ᠬᠦᠯᠢᠶᠡᠵᠦ ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ ᠂ | ᠠᠯᠪᠠᠳᠠᠯᠭ᠎ᠠ ᠪᠠᠷ ᠪᠣᠭᠤᠮᠲᠠ ᠬᠤᠷᠢᠭ᠎ᠠ ᠳᠠᠭᠠᠷᠢᠬᠤ ᠪᠤᠶᠤ ᠪᠤᠰᠤᠳ ᠠᠷᠭ᠎ᠠ ᠪᠠᠷ ᠪᠠᠶᠢᠴᠠᠭᠠᠨ ᠰᠢᠨᠵᠢᠬᠦ ᠶᠢᠨ ᠡᠮᠬᠢ | ᠳᠢᠭᠯᠢᠮ ᠢ ᠰᠠᠮᠠᠭᠤᠷᠠᠭᠤᠯᠵᠤ ᠪᠣᠯᠬᠤ ᠦᠭᠡᠢ ᠂ ᠣᠶᠢᠷ᠎ᠠ ᠵᠠᠮ ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ ᠪᠠᠷ | ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠵᠤ ᠪᠣᠯᠬᠤ ᠦᠭᠡᠢ ᠃ | ᠬᠤᠷᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠰᠦᠢᠳᠬᠡᠯ | ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢ ᠶᠢᠨ ᠭᠤᠣᠯ | ᠨᠡᠪᠲᠡᠷᠡᠯ ᠵᠠᠮ ᠂ ᠴᠢᠬᠤᠯᠠ ᠬᠥᠭᠦᠷᠭᠡ ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠶᠢᠨ | ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠵᠠᠮ ᠤᠨ ᠬᠡᠰᠡᠭ ᠪᠠ ᠵᠠᠩᠭᠢᠯᠠᠭ᠎ᠠ ᠶᠢᠨ ᠴᠡᠭ ᠲᠤ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ ᠶᠢᠨ ᠬᠠᠮᠲᠤ ᠂ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠶᠢ ᠪᠠᠶᠢᠴᠠᠭᠠᠨ ᠰᠢᠨᠵᠢᠭᠰᠡᠨ ᠮᠡᠳᠡᠭᠡ ᠵᠠᠩᠭᠢ ᠪᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ | ᠲᠤᠬᠠᠢ ᠳᠤ ᠨᠢ ᠳᠠᠮᠵᠢᠭᠤᠯᠤᠨ ᠬᠦᠷᠭᠡᠵᠦ ᠂ ᠣᠯᠵᠤ ᠮᠡᠳᠡᠭᠰᠡᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠵᠤ ᠪᠠᠶᠢᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠰᠢᠢᠳᠪᠦᠷᠢᠯᠡᠨ᠎ᠡ ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠶᠣᠰᠣᠭᠠᠷ ᠂ ᠬᠥᠳᠡᠯᠦᠩᠭᠦᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ | ᠡᠵᠡᠮᠳᠡᠬᠦ ᠲᠥᠬᠦᠭᠡᠷᠦᠮᠵᠢ ᠂ ᠲᠦᠷᠭᠡᠨ ᠤ ᠵᠠᠮ ᠤᠨ ᠣᠷᠤᠴᠠ ᠭᠠᠷᠴᠠ ᠮᠡᠷᠭᠡᠵᠢᠯ ᠤᠨ ᠪᠠᠶᠢᠴᠠᠭᠠᠨ ᠰᠢᠨᠵᠢᠵᠦ ᠬᠢᠨᠠᠨ | ᠡᠵᠡᠮᠳᠡᠬᠦ ᠲᠥᠬᠦᠭᠡᠷᠦᠮᠵᠢ ᠪᠠᠷ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠴᠤᠭᠯᠠᠭᠤᠯᠵᠤ | ᠲᠣᠭᠲᠠᠪᠤᠷᠢᠵᠢᠭᠤᠯᠤᠭᠰᠠᠨ ᠪᠣᠯ ᠂ ᠬᠠᠤᠯᠢ ᠳᠦᠷᠢᠮ ᠪᠠ ᠮᠡᠷᠭᠡᠵᠢᠯ ᠤᠨ ᠬᠢᠨᠠᠨ ᠬᠠᠷᠭᠤᠭᠤᠯᠤᠯᠲᠠ ᠪᠠᠷ ᠳᠠᠮᠵᠢᠭᠤᠯᠤᠨ ᠂ | ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ | ᠪᠠᠲᠤᠯᠠᠵᠤ ᠂ ᠲᠣᠬᠢᠷᠠᠭᠤᠯᠤᠯᠲᠠ ᠶᠢ ᠨᠢ ᠵᠦᠢ ᠵᠣᠬᠢᠰᠲᠠᠢ ᠂ ᠢᠯᠡᠳᠬᠡᠮᠵᠢ ᠲᠡᠮᠳᠡᠭ ᠢ ᠨᠢ ᠢᠯᠡᠷᠬᠡᠢ ᠪᠠᠶᠢᠯᠭᠠᠵᠤ ᠂ | ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ ᠂ ᠴᠤᠭᠯᠠᠭᠤᠯᠤᠭᠰᠠᠨ ᠡᠯᠧᠺᠲᠷᠣᠨ ᠲᠤᠭ᠎ᠠ | ᠪᠠᠷᠢᠮᠲᠠ ᠶᠢ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠣᠨ᠎ᠠ ᠃ | ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠲᠡᠮᠳᠡᠭᠯᠡᠭᠰᠡᠨ ᠬᠠᠤᠯᠢ ᠶᠢ ᠵᠥᠷᠢᠴᠡᠭᠰᠡᠨ | ᠪᠣᠳᠠᠲᠤ ᠬᠡᠷᠡᠭ ᠨᠢ ᠦᠨᠡᠨ ᠪᠣᠳᠠᠲᠠᠢ ᠂ ᠲᠣᠳᠣᠷᠬᠠᠢ ᠂ ᠪᠦᠷᠢᠨ ᠪᠦᠲᠦᠨ ᠂ ᠣᠨᠣᠪᠴᠢᠲᠠᠢ ᠪᠠᠶᠢᠬᠤ ᠬᠡᠷᠡᠭᠲᠡᠢ ᠃ ᠵᠠᠮ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠰᠢᠩᠭᠡᠬᠡᠨ ᠲᠡᠮᠳᠡᠭᠯᠡᠭᠰᠡᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ ︔ | ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠣᠯ ᠂ | ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ ᠦᠭᠡᠢ ᠃ | ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ ᠂ ᠬᠠᠤᠯᠢ ᠠᠴᠠ | ᠵᠥᠷᠢᠴᠡᠭᠰᠡᠨ ᠪᠣᠳᠠᠲᠤ ᠬᠡᠷᠡᠭ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠠᠰᠢᠨᠲᠤ | ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ ᠳᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ ᠪᠢᠴᠢᠭᠯᠡᠭᠰᠡᠨ | ᠮᠡᠳᠡᠭᠳᠡᠯ ᠂ ᠤᠲᠠᠰᠤ ᠂ ᠭᠠᠷ ᠤᠲᠠᠰᠤᠨ ᠤ ᠣᠬᠤᠷ ᠮᠡᠳᠡᠭᠡ ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ | ᠫᠷᠣᠭ᠍ᠷᠠᠮ ᠵᠡᠷᠭᠡ ᠠᠷᠭ᠎ᠠ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠳᠤ ᠴᠠᠭ ᠲᠤᠬᠠᠢ ᠳᠤ ᠨᠢ ᠮᠡᠳᠡᠭᠳᠡᠬᠦ ᠬᠡᠷᠡᠭᠲᠡᠢ ᠃ ᠳᠡᠭᠡᠷ᠎ᠡ | ᠳᠤᠷᠠᠳᠤᠭᠰᠠᠨ ᠠᠷᠭ᠎ᠠ ᠪᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠦᠭᠡᠢ ᠪᠣᠯ ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠬᠦ ᠠᠷᠭ᠎ᠠ ᠪᠠᠷ ᠳᠠᠮᠵᠢᠭᠤᠯᠤᠨ ᠮᠡᠳᠡᠭᠳᠡᠵᠦ ᠪᠣᠯᠣᠨ᠎ᠠ ᠃ | ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠵᠢᠯᠣᠭᠤᠴᠢ ᠨᠢ ᠮᠡᠳᠡᠭᠳᠡᠯ ᠢ ᠣᠯᠣᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ | ᠳᠣᠲᠣᠷ᠎ᠠ ᠰᠢᠢᠳᠪᠦᠷᠢᠯᠡᠬᠦ ᠬᠡᠷᠡᠭᠲᠡᠢ ᠃ | ᠭᠤᠴᠢᠨ ᠨᠢᠭᠡᠳᠦᠭᠡᠷ ᠵᠦᠢᠯ ᠵᠠᠰᠠᠮᠠᠯ ᠵᠡᠮ ᠤᠨ ᠬᠡᠮᠵᠢᠶ᠎ᠡ ᠳᠠᠭᠠᠭᠠᠴᠠ ᠠᠴᠠ ᠪᠠᠨ ᠬᠡᠲᠦᠷᠡᠲᠡᠯ᠎ᠡ ᠠᠴᠢᠶᠠᠯᠠᠵᠤ | ᠪᠠᠶᠢᠭ᠎ᠠ ᠶᠢ ᠪᠠᠶᠢᠴᠠᠭᠠᠨ ᠰᠢᠨᠵᠢᠬᠦ ᠥᠷᠳᠡᠭᠡ ᠪᠠ ᠲᠦᠷᠭᠡᠨ ᠤ ᠵᠡᠮ ᠤᠨ ᠣᠷᠤᠴᠠ ᠭᠠᠷᠴᠠ ᠳᠠᠬᠢ ᠭᠠᠵᠠᠷ ᠵᠢᠩᠯᠡᠭᠦᠷ ᠂ | ᠳᠥᠭᠦᠮ ᠠᠪᠰᠠᠷᠬᠠᠨ ᠪᠠᠶᠢᠴᠠᠭᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠶᠢ ᠵᠣᠭᠰᠤᠭᠠᠬᠤ ᠦᠭᠡᠢ ᠪᠠᠷ | ᠪᠠᠶᠢᠴᠠᠭᠠᠨ ᠰᠢᠨᠵᠢᠬᠦ ᠬᠡᠮᠵᠢᠭᠦᠷ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠲᠤ ᠂ ᠬᠠᠤᠯᠢ ᠪᠠᠷ ᠲᠣᠭᠲᠠᠭᠠᠭᠰᠠᠨ ᠬᠢᠷᠢ | ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠬᠢᠨᠠᠨ ᠲᠣᠭᠲᠠᠭᠠᠯᠭᠠᠬᠤ ᠬᠡᠷᠡᠭᠲᠡᠢ ᠃ ᠲᠣᠭᠲᠠᠭᠠᠯ ᠶᠣᠰᠣᠭᠠᠷ ᠬᠢᠨᠠᠨ | ᠲᠣᠭᠲᠠᠭᠠᠭᠰᠠᠨ ᠦᠭᠡᠢ ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭᠠᠭᠰᠠᠨ ᠦᠭᠡᠢ ᠪᠤᠶᠤ ᠬᠢᠨᠠᠨ | ᠲᠣᠭᠲᠠᠭᠠᠬᠤ ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ ᠃ | ᠭᠤᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠭᠡᠳ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢ ᠡᠪᠳᠡᠵᠦ ᠪᠣᠯᠬᠤ ᠦᠭᠡᠢ ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠪᠣᠯᠬᠤ ᠦᠭᠡᠢ ᠂ | ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠵᠦ ᠪᠣᠯᠬᠤ | ᠦᠭᠡᠢ ᠃ | ᠭᠤᠴᠢᠨ ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ | ᠡᠵᠡᠮᠳᠡᠬᠦ ᠣᠷᠣᠨ ᠪᠦᠰᠡ ᠪᠠᠷ ᠥᠩᠭᠡᠷᠡᠬᠦ ᠳᠤ ᠂ ᠵᠠᠮ ᠬᠠᠷᠢᠯᠴᠠᠭᠠᠨ ᠤ ᠲᠡᠮᠳᠡᠭ ᠱᠤᠭᠤᠮ ᠤᠨ ᠶᠣᠰᠣᠭᠠᠷ | ᠶᠠᠪᠤᠭᠤᠯᠬᠤ ᠬᠡᠷᠡᠭᠲᠡᠢ ᠂ ᠳᠣᠣᠷᠠᠬᠢ ᠦᠢᠯᠡ ᠠᠵᠢᠯᠯᠠᠭ᠎ᠠ ᠪᠠᠶᠢᠵᠤ ᠪᠣᠯᠬᠤ ᠦᠭᠡᠢ ᠄ | ︵ᠨᠢᠭᠡ︶ ᠵᠣᠷᠢᠭᠤᠳᠠ ᠬᠡᠲᠦ ᠳᠣᠣᠷ᠎ᠠ ᠬᠤᠷᠳᠤᠴᠠ ᠪᠠᠷ ᠶᠠᠪᠤᠭᠤᠯᠬᠤ ᠂ ᠣᠭᠵᠣᠮ ᠵᠣᠭᠰᠤᠭᠠᠬᠤ ᠂ ᠣᠯᠠᠨ | ᠲᠡᠷᠭᠡ ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠣᠭᠯᠠᠯ ᠠᠴᠠ ᠵᠠᠶᠢᠳᠠᠬᠤ | ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔ | ︵ᠬᠤᠶᠠᠷ︶ ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭᠬᠢᠷᠲᠦᠭᠡᠵᠦ ᠰᠦᠢᠳᠬᠡᠬᠦ | ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠶᠢᠨ ᠨᠣᠮᠧᠷ ᠤᠨ ᠫᠠᠶᠢᠰᠠ ᠬᠡᠷᠡᠭᠯᠡᠬᠦ ᠵᠡᠷᠭᠡ ᠠᠷᠭ᠎ᠠ ᠪᠠᠷ | ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠪᠠᠨ | ᠦᠨᠳᠦᠰᠦᠯᠡᠨ ᠂ ᠰᠢᠶᠠᠩ ᠤᠨ ᠵᠠᠮ ᠂ ᠲᠣᠰᠬᠤᠨ ᠤ ᠵᠠᠮ ᠤᠨ ᠣᠷᠤᠴᠠ ᠭᠠᠷᠴᠠ ᠳᠤ ᠥᠨᠳᠥᠷ ᠢ ᠬᠢᠵᠠᠭᠠᠷᠯᠠᠬᠤ ᠂ | ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠪᠡᠯᠡᠳᠬᠡᠮᠵᠢ ᠶᠢ ᠬᠠᠤᠯᠢ ᠶᠣᠰᠣᠭᠠᠷ ᠲᠣᠬᠢᠷᠠᠭᠤᠯᠵᠤ ᠪᠣᠯᠣᠨ᠎ᠠ ᠂ ᠭᠡᠪᠡᠴᠦ | ᠭᠠᠯ ᠰᠡᠷᠭᠡᠶᠢᠯᠡᠨ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠢ | ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠢ ᠂ ᠨᠡᠪᠲᠡᠷᠡᠨ ᠥᠩᠭᠡᠷᠡᠬᠦ ᠲᠡᠷᠭᠡ ᠬᠥᠰᠬᠡ ᠠᠴᠠ | ᠰᠦᠢᠳᠬᠡᠯ ᠬᠤᠷᠢᠶᠠᠵᠤ ᠪᠣᠯᠬᠤ ᠦᠭᠡᠢ ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ ︾ ︽ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ︾ ︽ᠵᠠᠰᠠᠮᠠᠯ ᠵᠠᠮ ᠤᠨ ᠠᠮᠤᠷ | ᠲᠦᠪᠰᠢᠨ ᠢ ᠬᠠᠮᠠᠭᠠᠯᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠳᠤ | ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢ ᠵᠢᠷᠤᠮᠯᠠᠨ᠎ᠠ ᠃ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ | ᠬᠠᠮᠲᠤ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄ | ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠬᠦᠨᠳᠦ ᠶᠢ ᠬᠡᠮᠵᠢᠬᠦ ᠪᠠ | ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ︔ | ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠨᠳᠦ ᠶᠢ ᠬᠡᠮᠵᠢᠭᠰᠡᠨ | ᠲᠤᠭ᠎ᠠ ᠪᠠᠷᠢᠮᠲᠠ ᠪᠠ ᠬᠢᠨᠠᠨ ᠡᠵᠡᠮᠳᠡᠭᠰᠡᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ | ᠰᠦᠯᠵᠢᠶᠡᠵᠢᠭᠦᠯᠦᠭᠰᠡᠨ ᠦᠭᠡᠢ ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ | ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠬᠦᠯᠦᠭᠰᠡᠨ ᠦᠭᠡᠢ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠦᠭᠡᠢ ᠃ | ᠭᠤᠴᠢᠨ ᠳᠣᠯᠣᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ | ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠢ ᠨᠢ ᠳᠣᠣᠷᠠᠬᠢ ᠦᠢᠯᠡ ᠠᠵᠢᠯᠯᠠᠭ᠎ᠠ ᠠᠴᠠ ᠨᠢᠭᠡ ᠨᠢ ᠪᠠᠶᠢᠪᠠᠯ ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ | ᠬᠠᠮᠲᠤ ᠂ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ ᠄ | ︵ᠨᠢᠭᠡ︶ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠶᠢᠨ ᠦᠨᠡᠮᠯᠡᠯ ᠪᠠᠶᠢᠬᠤ ᠦᠭᠡᠢ ᠪᠤᠶᠤ ᠪᠤᠰᠤᠳ | ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ ᠂ | ᠲᠡᠭᠡᠭᠡᠪᠦᠷᠢ ᠲᠣᠬᠢᠷᠠᠭᠤᠯᠤᠭᠰᠠᠨ ︔ | ︵ᠬᠤᠶᠠᠷ︶ ᠨᠡᠶᠢᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ︔ | ︵ ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ᠦᠭᠡᠢ ︔ | ︵ᠳᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ ᠲᠡᠷᠭᠡ | ᠬᠥᠰᠬᠡ ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠃ | ᠭᠤᠴᠢᠨ ᠨᠠᠢᠮᠠᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠶᠢᠨ | ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠣᠭᠠᠳᠤᠢ | ᠵᠢᠯᠣᠭᠤᠴᠢ ᠪᠠᠷ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠵᠢᠯᠣᠭᠤᠳᠤᠭᠤᠯᠤᠨ ᠪᠠᠷᠠᠭ᠎ᠠ ᠠᠴᠢᠶᠠᠯᠠᠵᠤ ᠂ ᠲᠡᠭᠡᠭᠡᠪᠦᠷᠢ | ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠵᠠᠯᠠᠷᠠᠭᠤᠯᠬᠤ ᠶᠢᠨ ᠬᠠᠮᠲᠤ ᠂ ᠲᠡᠷᠭᠡ ᠤᠳᠠᠭ᠎ᠠ ᠪᠦᠷᠢ ᠶᠢ 1000 ᠲᠥᠭᠦᠷᠢᠭ ᠤᠨ ᠵᠣᠭᠤᠰ ᠢᠶᠠᠷ ᠲᠣᠷᠭᠠᠨ᠎ᠠ ᠃ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠳᠣᠣᠷᠠᠬᠢ ᠦᠢᠯᠡ | ᠠᠵᠢᠯᠯᠠᠭ᠎ᠠ ᠠᠴᠠ ᠨᠢᠭᠡ ᠨᠢ ᠪᠠᠶᠢᠪᠠᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠂ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠨ᠎ᠡ ᠄ | ︵ᠨᠢᠭᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ ᠂ ᠣᠭᠵᠣᠮ | ᠵᠣᠭᠰᠤᠭᠠᠬᠤ ᠂ ᠤᠯᠠᠨ ᠲᠡᠷᠭᠡ ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭᠠᠬᠤ ᠪᠤᠶᠤ ᠬᠦᠨᠳᠦ ᠶᠢ ᠵᠢᠩᠯᠡᠬᠦ ᠲᠣᠨᠤᠭ | ᠲᠥᠬᠦᠭᠡᠷᠦᠮᠵᠢ ᠠᠴᠠ ᠵᠠᠶᠢᠳᠠᠬᠤ ᠵᠡᠷᠭᠡ ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔ | ︵ᠬᠤᠶᠠᠷ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠨᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ | ᠪᠦᠰᠡ ᠪᠠᠷ ᠥᠩᠭᠡᠷᠡᠬᠦ ᠳᠤ ᠪᠠᠨ ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭᠬᠢᠷᠲᠦᠭᠦᠯᠵᠦ | ᠰᠦᠢᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ ᠤ ᠨᠣᠮᠧᠷ ᠤᠨ ᠫᠠᠶᠢᠰᠠ ᠶᠢ ᠬᠡᠷᠡᠭᠯᠡᠬᠦ ᠵᠡᠷᠭᠡ | ᠠᠷᠭ᠎ᠠ ᠪᠠᠷ ᠪᠠᠶᠢᠴᠠᠭᠠᠨ ᠰᠢᠨᠵᠢᠬᠦ ᠠᠴᠠ ᠵᠠᠶᠢᠯᠠᠵᠤ ᠳᠤᠲᠠᠭᠠᠭᠰᠠᠨ ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ | ᠪᠠᠶᠢᠴᠠᠭᠠᠨ ᠰᠢᠨᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢ ᠡᠪᠳᠡᠵᠦ ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠶᠢ ᠵᠣᠭᠰᠤᠭᠠᠬᠤ ᠦᠭᠡᠢ ᠪᠠᠷ ᠪᠠᠶᠢᠴᠠᠭᠠᠨ ᠰᠢᠨᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠶᠢᠨ ᠠᠵᠢᠯᠯᠠᠭᠠᠨ ᠢ ᠬᠠᠷᠰᠢᠯᠠᠵᠤ ᠂ ᠬᠠᠮᠢᠶ᠎ᠠ ᠪᠦᠬᠦᠢ | ᠲᠤᠭ᠎ᠠ ᠪᠠᠷᠢᠮᠲᠠ ᠶᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠦᠭᠰᠡᠨ ᠃ | ᠳᠥᠴᠢᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠨᠡᠶᠢᠯᠡᠭᠦᠯᠵᠦ ᠤᠭᠰᠠᠷᠠᠭᠰᠠᠨ ᠪᠠ | ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠵᠢᠯᠣᠭᠤᠳᠤᠭᠰᠠᠨ | ᠵᠢᠯᠣᠭᠤᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ︔ ᠪᠠᠷᠠᠭ᠎ᠠ | ᠲᠡᠭᠡᠭᠡᠪᠦᠷᠢ ᠶᠢᠨ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ | ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ︔ ᠡᠵᠡᠩᠨᠡᠯᠲᠡ ᠶᠢᠨ ᠦᠨᠡᠮᠯᠡᠯ ᠦᠭᠡᠢ ᠪᠠᠷ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ | ᠪᠠᠶᠢᠭ᠎ᠠ ᠡᠵᠡᠩᠨᠡᠭᠴᠢ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ | ᠬᠡᠷᠡᠭᠲᠡᠢ ᠃ | ᠳᠥᠴᠢᠨ ᠨᠢᠭᠡᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯᠲᠠᠨ ᠳᠤ ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ ᠂ ᠬᠠᠤᠯᠢ ᠶᠣᠰᠣᠭᠠᠷ ᠰᠢᠢᠳᠬᠡᠯ | ᠥᠭᠭᠦᠨ᠎ᠡ ︔ ᠶᠠᠯ᠎ᠠ ᠳᠤ ᠬᠥᠷᠥᠭᠰᠡᠨ ᠪᠣᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠄ | ︵ᠨᠢᠭᠡ︶ ᠮᠠᠰᠢᠨᠲᠤ ᠲᠡᠷᠭᠡ ᠶᠢᠨ ᠲᠤᠬᠠᠢ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ | ᠦᠯᠦ ᠨᠡᠶᠢᠴᠡᠭᠰᠡᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ ᠳᠠᠩᠰᠠᠯᠠᠭᠤᠯᠤᠨ ᠪᠦᠷᠢᠳᠬᠡᠭᠦᠯᠬᠦ ᠪᠠ ᠨᠣᠮᠧᠷ ᠤᠨ | ᠫᠠᠶᠢᠰᠠ ᠂ ᠵᠠᠮᠨᠠᠭᠤᠯᠬᠤ ᠦᠨᠡᠮᠯᠡᠯ ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠂ ᠵᠠᠮ | ᠲᠡᠭᠡᠭᠡᠪᠦᠷᠢ ᠶᠢᠨ ᠦᠨᠡᠮᠯᠡᠯ ᠣᠯᠭᠤᠭᠰᠠᠨ ︔ | ︵ᠬᠤᠶᠠᠷ︶ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠳᠤ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ ᠢ ᠲᠣᠭᠲᠠᠭᠠᠯ ᠠᠴᠠ | ᠵᠥᠷᠢᠴᠡᠨ ᠭᠦᠢᠴᠡᠳᠬᠡᠵᠦ ᠥᠭᠭᠦᠭᠰᠡᠨ ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠷᠠᠭ᠎ᠠ ᠲᠡᠭᠡᠭᠡᠪᠦᠷᠢ ᠶᠢᠨ | ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠤᠭᠰᠠᠨ ︔ | ︵ᠳᠥᠷᠪᠡ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ | ᠠᠪᠤᠭᠰᠠᠨ ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢ | ᠬᠡᠷᠡᠭᠯᠡᠭᠰᠡᠨ ︔ | ︵ᠲᠠᠪᠤ︶ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠭᠠᠯᠳᠤᠯᠭ᠎ᠠ ᠂ ᠢᠯᠡᠴᠢᠯᠡᠨ | ᠮᠡᠳᠡᠭᠦᠯᠦᠯᠲᠡ ᠶᠢ ᠣᠯᠣᠭᠠᠳ ᠴᠠᠭ ᠲᠤᠬᠠᠢ ᠳᠤ ᠨᠢ ᠬᠠᠷᠭᠤᠭᠤᠯᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ | ᠦᠭᠡᠢ ︔ | ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠂ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠬᠤᠶᠠᠳᠤᠭᠠᠷ ᠵᠦᠢᠯ ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠷᠭ᠎ᠠ ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 12 ᠳ᠋ᠤᠭᠠᠷ ᠰᠠᠷ᠎ᠠ ᠶᠢᠨ | 28 ᠤ ᠡᠳᠦᠷ ᠳᠠᠷᠤᠮᠠᠯᠯᠠᠨ ᠲᠠᠷᠬᠠᠭᠠᠪᠠ | | |