5 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠡᠧᠷᠢᠲᠷᠧᠶᠠ ᠶᠢᠨ ᠶᠡᠷᠦᠩᠬᠡᠶᠢᠯᠡᠭᠴᠢ ᠢᠰᠠᠶᠠᠰ ᠲᠠᠢ ᠬᠡᠯᠡᠯᠴᠡᠭᠡ ᠬᠢᠪᠡ᠃ | | | 5 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠡᠧᠷᠢᠲᠷᠧᠶᠠ ᠶᠢᠨ ᠶᠡᠷᠦᠩᠬᠡᠶᠢᠯᠡᠭᠴᠢ ᠢᠰᠠᠶᠠᠰ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠧᠷᠢᠲᠷᠧᠶᠠ ᠶᠢᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ | ᠶᠤᠮ᠃ ᠡᠨᠡ ᠵᠢᠯ ᠤᠨ 5 ᠰᠠᠷ᠎ᠠ ᠶᠢᠨ 24 ᠤ ᠡᠳᠦᠷ᠂ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠨ 30 | ᠵᠢᠯ ᠤᠨ ᠤᠢ ᠪᠠᠨ ᠤᠭᠲᠤᠬᠤ ᠪᠣᠯᠣᠨ᠎ᠠ᠃ 30 ᠵᠢᠯ ᠤᠨ ᠲᠤᠷᠰᠢ᠂ ᠳᠤᠮᠳᠠᠳᠤ ᠡᠧᠷᠢᠲᠷᠧᠶᠠ ᠢᠮᠠᠭᠲᠠ ᠬᠠᠷᠢᠯᠴᠠᠨ | ᠢᠲᠡᠭᠡᠯᠴᠡᠵᠦ᠂ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠪᠠᠶᠢᠯᠳᠤᠬᠤ ᠪᠣᠳᠣᠯᠭ᠎ᠠ ᠶᠢᠨ ᠥᠨᠳᠥᠷᠴᠡ | ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠡᠧᠷᠢᠲᠷᠧᠶᠠ ᠶᠢᠨ ᠬᠠᠷᠢᠯᠴᠠᠭ᠎ᠠ ᠳᠤ ᠬᠠᠨᠳᠤᠬᠤ ᠪᠠ | ᠬᠥᠭᠵᠢᠭᠦᠯᠵᠦ᠂ ᠡᠧᠷᠢᠲᠷᠧᠶᠠ ᠶᠢᠨ ᠲᠠᠯ᠎ᠠ ᠶᠢᠨ ᠨᠠᠶᠢᠳᠠᠪᠤᠷᠢᠲᠠᠢ ᠨᠠᠶᠢᠵᠠ ᠮᠥᠨ᠃ ᠣᠳᠣᠬᠠᠨ ᠤ ᠲᠣᠭᠲᠠᠭᠤᠨ | ᠪᠤᠰᠤ ᠴᠢᠨᠠᠷ᠂ ᠲᠣᠬᠲᠠᠯᠭᠠᠲᠤ ᠪᠤᠰᠤ ᠴᠢᠨᠠᠷ ᠭᠦᠢᠴᠡᠳ ᠣᠷᠣᠰᠢᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ | ᠳᠤᠮᠳᠠᠳᠤ ᠡᠧᠷᠢᠲᠷᠧᠶᠠ ᠶᠢᠨ ᠬᠠᠷᠢᠯᠴᠠᠭ᠎ᠠ ᠶᠢ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠬᠠᠮᠲᠤ ᠶᠢᠨ ᠪᠠ | ᠠᠯᠤᠰ ᠭᠡᠳᠤ ᠶᠢᠨ ᠠᠰᠢᠭ ᠲᠤᠰᠠ ᠳᠤ ᠨᠡᠶᠢᠴᠡᠬᠦ ᠪᠠᠷ ᠪᠠᠷᠠᠬᠤ ᠦᠭᠡᠢ ᠪᠠᠰᠠ ᠭᠠᠵᠠᠷ ᠣᠷᠣᠨ ᠤ ᠡᠩᠬᠡ ᠲᠠᠶᠢᠪᠤᠩ | ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠴᠤ ᠴᠢᠬᠤᠯᠠ ᠠᠴᠢ | ᠬᠤᠯᠪᠣᠭᠳᠠᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠡᠧᠷᠢᠲᠷᠧᠶᠠ ᠯᠤᠭ᠎ᠠ ᠬᠤᠶᠠᠷ ᠤᠯᠤᠰ ᠤᠨ ᠨᠠᠶᠢᠵᠠ | ᠪᠥᠭᠡᠳ ᠨᠥᠬᠦᠷ ᠪᠣᠯᠬᠤ ᠳᠣᠲᠣᠨᠣ ᠨᠥᠭᠦᠷᠰᠡᠭ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠡᠧᠷᠢᠲᠷᠧᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ | ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠡᠧᠷᠢᠲᠷᠧᠶᠠ ᠶᠢᠨ ᠬᠢᠨ ᠤ ᠤᠷᠳᠤ ᠬᠤᠭᠤᠴᠠᠭ᠎ᠠ ᠪᠠᠷ ᠪᠡᠶ᠎ᠡ ᠪᠠᠨ | ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ ᠪᠠᠶᠢᠬᠤ ᠶᠢ | ᠮᠠᠭᠲᠠᠨ ᠰᠠᠶᠢᠰᠢᠶᠠᠵᠤ᠂ ᠡᠧᠷᠢᠲᠷᠧᠶᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠡᠷᠡᠰ ᠲᠡᠮᠵᠢᠵᠤ᠂ ᠡᠧᠷᠢᠲᠷᠧᠶᠠ ᠶᠢᠨ ᠬᠢᠨ ᠤ ᠲᠤᠰ ᠪᠡᠶ᠎ᠡ ᠶᠢᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ | ᠭᠠᠳᠠᠭᠠᠳᠤ ᠶᠢᠨ ᠬᠢᠨ ᠤ ᠡᠧᠷᠢᠲᠷᠧᠶᠠ ᠶᠢᠨ ᠳᠣᠲᠣᠭᠠᠳᠤ ᠵᠠᠰᠠᠭ ᠲᠤ ᠭᠠᠷ ᠲᠦᠷᠦᠭᠦ᠂ ᠠᠯᠪᠠᠳᠠᠯᠭ᠎ᠠ ᠪᠠᠷ ᠭᠠᠭᠴᠠ | ᠲᠠᠯ᠎ᠠ ᠶᠢᠨ ᠵᠠᠯᠬᠠᠭᠠᠯ ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠡᠧᠷᠢᠲᠷᠧᠶᠠ ᠶᠢᠨ ᠲᠠᠯ᠎ᠠ | ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠦᠷᠭᠦᠯᠵᠢᠯᠡᠨ | ᠬᠠᠷᠢᠯᠴᠠᠨ ᠳᠡᠮᠵᠢᠵᠦ᠂ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠠᠵᠢᠯᠯᠠᠭ᠎ᠠ ᠶᠢ ᠬᠠᠮᠲᠤ ᠪᠠᠷ ᠡᠰᠡᠷᠭᠦᠴᠡᠵᠦ᠂ | ᠬᠤᠶᠠᠷ ᠤᠯᠤᠰ ᠪᠣᠯᠣᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ | ᠬᠠᠮᠠᠭᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠡᠧᠷᠢᠲᠷᠧᠶᠠ ᠲᠠᠢ ᠬᠠᠮᠲᠤ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ︽ | ᠠᠹᠷᠢᠺᠠ ᠲᠢᠪ ᠤᠨ ᠬᠤᠱᠣᠣ ᠶᠢᠨ ᠡᠩᠬᠡ ᠲᠠᠶᠢᠪᠤᠩ ᠬᠥᠭᠵᠢᠯᠲᠡ ᠶᠢᠨ ᠪᠣᠳᠣᠯᠬᠢᠯᠠᠯ︾ ᠵᠡᠷᠭᠡ ᠪᠦᠳᠦᠭᠦᠪᠴᠢ | ᠲᠥᠰᠥᠪ ᠪᠣᠯᠣᠨ ᠲᠠᠪᠴᠠᠩ ᠢ ᠠᠰᠢᠭᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ | ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠪᠡᠯᠡᠳᠦ | ᠠᠵᠤ ᠠᠬᠤᠶᠢᠯᠠᠯ ᠤᠨ ᠡᠧᠷᠢᠲᠷᠧᠶᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ | ᠵᠣᠷᠢᠭᠵᠢᠭᠤᠯᠤᠨ ᠲᠡᠮᠵᠢᠵᠤ᠂ ᠳᠤᠷᠠᠲᠠᠶ᠎ᠠ ᠡᠧᠷᠢᠲᠷᠧᠶᠠ ᠶᠢᠨ ᠲᠠᠯ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠴᠠᠬᠢᠯᠭᠠᠨ ᠬᠤᠯᠪᠣᠭ᠎ᠠ᠂ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠰ᠂ ᠵᠢᠭᠠᠰᠤᠨ ᠤ | ᠦᠢᠯᠡᠰ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠤᠳᠤᠯᠤᠨ ᠶᠠᠷᠢᠯᠴᠠᠵᠤ᠂ | ᠡᠧᠷᠢᠲᠷᠧᠶᠠ ᠶᠢ ᠲᠤᠰᠠᠯᠠᠬᠤ ᠡᠮᠴᠢᠯᠡᠭᠡᠨ ᠤ ᠠᠩᠭᠢ᠂ ᠳᠡᠭᠡᠳᠦ ᠵᠡᠷᠭᠡ ᠶᠢᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ | ᠵᠡᠷᠭᠡ ᠲᠦᠷᠦᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ ᠤ | ᠣᠶᠢᠷ᠎ᠠ ᠶᠢᠨ ᠬᠤᠭᠤᠴᠠᠭᠠᠨ ᠳᠤ ᠰᠦᠳᠠᠨ ᠤᠯᠤᠰ ᠲᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠢ | ᠵᠠᠶᠢᠯᠠᠭᠤᠯᠤᠨ ᠰᠢᠯᠵᠢᠭᠦᠯᠬᠦ ᠳᠤ ᠡᠧᠷᠢᠲᠷᠧᠶᠠ ᠶᠢᠨ ᠬᠠᠩᠭᠠᠭᠰᠠᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ | ᠪᠠᠶᠢᠨ᠎ᠠ᠂ ᠡᠨᠡ ᠨᠢ ᠳᠤᠮᠳᠠᠳᠤ ᠡᠧᠷᠢᠲᠷᠧᠶᠠ ᠬᠤᠶᠠᠷ ᠤᠯᠤᠰ ᠤᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ | ᠬᠠᠷᠢᠯᠴᠠᠨ ᠬᠠᠪᠰᠤᠷᠤᠯᠴᠠᠵᠤ ᠪᠠᠶᠢᠭ᠎ᠠ ᠭᠦᠨ ᠵᠤᠵᠠᠭᠠᠨ ᠨᠥᠬᠦᠷᠯᠡᠯ ᠢ ᠳᠠᠬᠢᠨᠲᠠ ᠬᠠᠷᠠᠭᠤᠯᠵᠠᠢ᠃ ᠬᠤᠶᠠᠷ | ᠲᠠᠯ᠎ᠠ ᠪᠠᠷ ᠢᠶᠠᠨ ᠨᠡᠩ ᠤᠯᠠᠨ ᠠᠷᠭ᠎ᠠ ᠬᠡᠮᠵᠢᠶ᠎ᠡ ᠠᠪᠴᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠠᠷᠠᠳ | ᠲᠦᠮᠡᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠠᠶᠢᠳᠠᠯ ᠶᠠᠭᠠᠬᠢᠵᠤ ᠬᠥᠭᠵᠢᠭᠰᠡᠨ᠂ ᠬᠠᠷᠢᠯᠴᠠᠨ ᠭᠦᠨᠳᠦᠳᠭᠡᠵᠦ᠂ ᠬᠠᠷᠢᠯᠴᠠᠨ | ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠳᠤᠮᠳᠠᠳᠤ ᠠᠹᠷᠢᠺᠠ ᠶᠢᠨ | ᠨᠥᠬᠦᠷᠯᠡᠯ ᠤᠨ ᠳᠡᠪᠢᠰᠬᠡᠷ ᠥᠩᠭᠡ ᠪᠠ ᠭᠤᠣᠯ ᠱᠤᠭᠤᠮ ᠪᠣᠯᠣᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠨᠢ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠪᠠ ᠤᠯᠠᠨ ᠤᠯᠤᠰ ᠤᠨ ᠠᠹᠷᠢᠺᠠ ᠲᠢᠪ ᠲᠠᠬᠢ | ᠬᠠᠮᠲᠤᠷᠠᠯᠴᠠᠭ᠎ᠠ ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ ᠠᠹᠷᠢᠺᠠ ᠲᠢᠪ ᠪᠣᠯ | ᠭᠡᠭᠡᠨ ᠰᠠᠷᠠᠭᠤᠯ ᠢᠷᠡᠭᠡᠳᠦᠢ ᠲᠠᠢ ᠬᠠᠯᠠᠭᠤᠨ ᠬᠥᠷᠥᠰᠥ ᠮᠥᠨ᠃ ᠰᠢᠨ᠎ᠡ ᠪᠠᠶᠢᠳᠠᠯ ᠳᠣᠣᠷ᠎ᠠ᠂ ᠳᠤᠮᠳᠠᠳᠤ ᠠᠹᠷᠢᠺᠠ | ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ | ᠬᠢᠨ ᠲᠠᠢ ᠬᠠᠮᠲᠤ ᠪᠠᠷ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ | ᠪᠠᠨ ᠪᠠᠬᠢᠵᠢᠭᠦᠯᠵᠦ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠪᠣᠯᠣᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠠᠹᠷᠢᠺᠠ ᠲᠢᠪ ᠤᠨ ᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ | ᠠᠹᠷᠢᠺᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ | ᠨᠡᠩ ᠤᠯᠠᠨ ᠰᠢᠨ᠎ᠡ ᠦᠷ᠎ᠡ ᠪᠦᠲᠦᠭᠡᠯ ᠣᠯᠵᠤ᠂ ᠨᠡᠩ ᠨᠢᠭᠲᠠ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠢᠰᠠᠶᠠᠰ ᠳᠤᠮᠳᠠᠳᠤ ᠤᠯᠤᠰ ᠯᠤᠭ᠎ᠠ ᠶᠢᠨ ᠬᠠᠭᠠᠰ ᠵᠠᠭᠤᠨ ᠭᠠᠷᠤᠢ ᠶᠢᠨ ᠣᠨᠴᠠᠭᠠᠢ ᠬᠤᠪᠢ | ᠪᠠᠷᠢᠯᠳᠤᠯᠭ᠎ᠠ ᠪᠠᠨ ᠭᠦᠨ ᠳᠤᠷᠠᠰᠤᠨ ᠰᠠᠨᠠᠭᠠᠯᠵᠠᠵᠤ᠂ ᠡᠧᠷᠢᠲᠷᠧᠶᠠ ᠶᠢᠨ ᠲᠤᠰᠠᠭᠠᠷ ᠲᠣᠭᠲᠠᠨᠢᠯ ᠪᠣᠯᠣᠨ | ᠴᠢᠯᠦᠭᠡᠯᠡᠯᠲᠡ ᠶᠢ ᠣᠯᠬᠤ ᠳᠤ ᠳᠤᠮᠳᠠᠳᠤ ᠤᠯᠤᠰ ᠤᠨ ᠠᠷᠠᠳ ᠲᠦᠮᠡᠨ ᠤ ᠬᠠᠩᠭᠠᠭᠰᠠᠨ ᠡᠷᠬᠢᠮ ᠨᠠᠨᠳᠢᠨ ᠤᠶᠤᠨ | ᠰᠠᠨᠠᠭ᠎ᠠ ᠪᠣᠯᠣᠨ ᠪᠣᠳᠠᠰ ᠤᠨ ᠳᠡᠮᠵᠢᠯᠭᠡ ᠶᠢ ᠡᠧᠷᠢᠲᠷᠧᠶᠠ ᠶᠢᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ | ᠳᠤᠮᠳᠠᠳᠤ ᠤᠯᠤᠰ ᠪᠣᠯ ᠠᠭᠤᠤ ᠶᠡᠭᠡ ᠤᠯᠤᠰ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢ᠂ ᠶᠠᠳᠠᠭᠤ ᠬᠤᠭᠤᠰᠤᠨ ᠪᠠᠶᠢᠭᠰᠠᠨ ᠠᠴᠠ ᠪᠠᠨ ᠳᠡᠯᠡᠬᠡᠢ ᠶᠢᠨ ᠲᠣᠮᠣ ᠤᠯᠤᠰ ᠪᠣᠯᠵᠤ᠂ ᠬᠥᠮᠥᠨ | ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠪᠡ᠃ ᠳᠤᠮᠳᠠᠳᠤ | ᠤᠯᠤᠰ ᠢᠮᠠᠭᠲᠠ ᠶᠣᠰᠣ ᠵᠢᠷᠤᠮ ᠤᠨ ᠥᠨᠳᠥᠷ ᠪᠠᠶᠢᠷᠢ ᠶᠢ ᠡᠵᠡᠯᠡᠵᠦ᠂ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ | ᠥᠷᠢᠰᠦᠯᠳᠦᠭᠡᠨ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠲᠥᠰᠥᠯ ᠢ ᠳᠤᠷᠠᠳᠴᠤ᠂ ᠳᠡᠯᠡᠬᠡᠢ ᠳᠡᠭᠡᠷ᠎ᠡ ᠲᠥᠪ | ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠲᠤᠰᠠᠭᠠᠷ ᠲᠣᠭᠲᠠᠨᠢᠯ ᠪᠠ ᠬᠥᠭᠵᠢᠯᠲᠡ ᠶᠢ ᠡᠷᠢᠯᠬᠢᠯᠡᠵᠦ ᠪᠠᠶᠢᠭ᠎ᠠ | ᠬᠥᠭᠵᠢᠵᠦ ᠪᠠᠶᠢᠭ᠎ᠠ ᠤᠯᠤᠰ ᠤᠳ ᠢ ᠵᠣᠷᠢᠭᠵᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠶᠢ | ᠬᠤᠷᠢᠭᠯᠠᠬᠤ ᠶᠠᠮᠠᠷᠪᠠ ᠭᠤᠷᠢᠳᠠᠯᠭ᠎ᠠ ᠴᠥᠮ ᠢᠯᠠᠭᠳᠠᠬᠤ ᠨᠢ ᠯᠠᠪᠲᠠᠢ᠃ ᠣᠳᠣᠬᠠᠨ ᠳᠤ ᠳᠡᠯᠡᠬᠡᠢ ᠶᠢᠨ ᠡᠮᠬᠢ | ᠳᠢᠭᠯᠢᠮ ᠤᠨ ᠬᠤᠪᠢᠰᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠹᠷᠢᠺᠠ ᠲᠢᠪ ᠤᠨ ᠤᠯᠤᠰ ᠤᠳ | ᠮᠥᠨ ᠬᠦ ᠡᠵᠡᠷᠬᠡᠬᠦ ᠦᠵᠡᠯ ᠪᠣᠯᠣᠨ ᠡᠯ᠎ᠡ ᠵᠦᠢᠯ ᠤᠨ ᠡᠷᠬᠡ ᠲᠡᠭᠰᠢ ᠪᠤᠰᠤ ᠲᠥᠪ ᠭᠤᠣᠯᠴᠢ ᠪᠤᠰᠤ ᠪᠠᠶᠢᠳᠠᠯ ᠳᠤ | ᠲᠤᠯᠭᠠᠷᠠᠵᠤ᠂ ᠳᠡᠯᠡᠬᠡᠢ ᠨᠡᠶᠢᠭᠡᠮ ᠢᠶᠠᠷ ᠢᠶᠠᠨ ᠳᠤᠮᠳᠠᠳᠤ ᠤᠯᠤᠰ ᠤᠨ ᠬᠥᠮᠥᠨ ᠲᠥᠷᠥᠯᠬᠢᠲᠡᠨ ᠤ ᠬᠥᠭᠵᠢᠯᠲᠡ | ᠲᠠᠪᠰᠢᠯᠳᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ ᠲᠥᠯᠥᠭᠡ ᠨᠡᠩ ᠶᠡᠭᠡ ᠬᠤᠪᠢ ᠨᠡᠮᠡᠷᠢ | ᠦᠵᠡᠭᠦᠯᠭᠦ ᠶᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ ᠡᠧᠷᠢᠲᠷᠧᠶᠠ ᠶᠢᠨ ᠬᠢᠨ ᠳᠤᠮᠳᠠᠳᠤ ᠤᠯᠤᠰ | ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠂ ᠡᠧᠷᠢᠲᠷᠧᠶᠠ ᠳᠤᠮᠳᠠᠳᠤ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠡᠧᠷᠢᠲᠷᠧᠶᠠ ᠶᠢᠨ ᠤᠯᠤᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ | ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠢᠰᠠᠶᠠᠰ ᠢ ᠤᠭᠲᠤᠬᠤ ᠶᠣᠰᠣᠯᠠᠯ ᠶᠠᠪᠤᠭᠤᠯᠪᠠ᠃ | ᠢᠰᠠᠶᠠᠰ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ | ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ | ᠡᠧᠷᠢᠲᠷᠧᠶᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ | ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠢᠰᠠᠶᠠᠰ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ | ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠶᠡᠭᠡ | ᠲᠢᠩᠬᠢᠮ ᠳᠤ ᠢᠰᠠᠶᠠᠰ ᠢ ᠤᠭᠲᠤᠬᠤ ᠳᠠᠶᠢᠯᠠᠯᠭ᠎ᠠ ᠬᠢᠵᠡᠢ᠃ | ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ︶ |