ᠣᠶᠣᠨ ᠰᠠᠨᠠᠭᠠᠨ ᠤ ᠬᠦᠴᠦᠨ ᠴᠢᠳᠠᠯ ᠢ ᠰᠢᠩᠭᠡᠭᠡᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ᠎ᠡ
ᠨᠡᠶᠢᠲᠡᠯᠡᠭᠰᠡᠨ ᠴᠠᠭ᠄
2023/5/17
      – ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠪᠡ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠥᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠣᠯᠠᠨ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ ᠠᠤᠭ᠎ᠠ ᠬᠦᠴᠦᠨ ᠢ ᠮᠡᠳᠡᠷᠡᠭᠦᠯᠵᠦ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃      5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ᠃ ᠲᠣᠭᠤᠷᠢᠨ ᠦᠵᠡᠬᠦ ᠠᠴᠠ ᠡᠮᠦᠨ᠎ᠡ ᠪᠥᠬᠦ ᠨᠥᠬᠦᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠨᠥᠬᠦᠳ ᠴᠥᠮ ᠨᠢᠭᠡ ᠤᠳᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠥᠮᠥᠵᠢᠯ ᠪᠣᠯᠣᠨ ᠦᠵᠡᠯ ᠰᠠᠨᠠᠭᠠᠨ ᠤ ᠳᠠᠪᠲᠠᠯᠲᠠ ᠶᠢ ᠬᠦᠯᠢᠶᠡᠪᠡ ᠃ ᠦᠵᠡᠰᠬᠦᠯᠡᠩ ᠢ ᠲᠣᠭᠤᠷᠢᠨ ᠦᠵᠡᠬᠦ ᠳᠡᠭᠡᠨ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠵᠤ ᠰᠣᠨᠢᠷᠬᠠᠨ ᠦᠵᠡᠬᠦ ᠶᠢᠨ ᠬᠠᠮᠲᠤ ᠣᠯᠣᠯᠲᠠ ᠲᠥᠷᠥᠭᠳᠡᠯ ᠢᠶᠠᠨ ᠰᠣᠯᠢᠯᠴᠠᠯ᠎ᠠ᠃ ᠣᠯᠠᠨ ᠢᠶᠠᠷ ᠢᠶᠠᠨ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ ᠬᠤᠪᠢᠶᠠᠯᠴᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃      5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠥᠬᠦ ᠨᠠᠮ ᠤᠨ ᠭᠡᠰᠢᠭᠦᠨ ᠵᠢᠴᠢ ᠨᠠᠮ ᠳᠤ ᠣᠷᠣᠬᠤ ᠢᠳᠡᠪᠬᠢᠲᠡᠨ ᠰᠦᠢᠶᠤᠸᠠᠨ ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠪᠠᠭᠤᠷᠢ ᠶᠢᠨ ᠳᠤᠷᠠᠰᠬᠠᠯ ᠤᠨ ᠣᠷᠳᠣᠨ ᠳᠤ ᠬᠦᠷᠴᠦ᠂ ︽ᠦᠵᠡᠯ ᠰᠠᠨᠠᠭ᠎ᠠ ᠶᠢ ᠰᠣᠷᠣᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠬᠠᠮᠲᠤ ᠪᠠᠷ ᠲᠣᠰ ᠳᠤᠷᠠᠰᠬᠠᠯ ᠤᠨ ᠣᠷᠳᠣᠨ ᠤ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠲᠡᠳᠡᠭᠡᠷ ᠳᠡᠯᠭᠡᠨ ᠦᠵᠡᠭᠦᠯᠵᠦ ᠪᠠᠶᠢᠭ᠎ᠠ ᠭᠡᠷᠡᠯ ᠵᠢᠷᠤᠭ᠂ ᠲᠡᠦᠬᠡ ᠶᠢᠨ ᠳᠤᠷᠠᠰᠬᠠᠯᠲᠤ ᠵᠦᠢᠯᠡᠰ᠂ ᠵᠢᠷᠤᠭ ᠰᠡᠭᠦᠳᠡᠷ ᠵᠡᠷᠭᠡ ᠮᠠᠲ᠋ᠧᠷᠢᠶᠠᠯ ᠢᠶᠠᠷ ᠳᠠᠮᠵᠢᠨ᠂ ᠣᠯᠠᠨ ᠢᠶᠠᠷ ᠢᠶᠠᠨ ᠰᠦᠢᠶᠤᠸᠠᠨ ᠣᠷᠣᠨ ᠤ ᠨᠢᠭᠤᠴᠠ ᠨᠠᠮ ᠤᠨ ᠭᠡᠰᠢᠭᠦᠨ ᠯᠢᠦ ᠬᠤᠩ ᠰᠢᠶᠥ᠋ᠩ᠂ ᠬᠤᠤ ᠳ᠋ᠧᠩ ᠬᠤᠩ ᠵᠡᠷᠭᠡ ᠨᠥᠬᠦᠳ ᠭᠦᠢᠰᠦ᠋ᠢ ᠳᠤ ᠢᠷᠡᠵᠦ ᠶᠠᠫᠤᠨ ᠢ ᠡᠰᠡᠷᠭᠦᠴᠡᠵᠦ ᠮᠥᠬᠦᠯ ᠠᠴᠠ ᠠᠪᠤᠷᠠᠬᠤ ᠠᠵᠢᠯᠯᠠᠭ᠎ᠠ ᠥᠷᠨᠢᠭᠦᠯᠵᠦ᠂ ᠰᠦᠢᠶᠤᠸᠠᠨ ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠢ ᠪᠠᠶᠢᠭᠤᠯᠤᠭᠰᠠᠨ ᠲᠡᠦᠬᠡ ᠶᠢ ᠨᠠᠷᠢᠨ ᠣᠶᠢᠯᠠᠭᠠᠪᠠ᠃ ᠪᠥᠬᠦ ᠨᠠᠮ ᠤᠨ ᠭᠡᠰᠢᠭᠦᠳ ᠳᠤᠷᠠᠰᠬᠠᠯ ᠤᠨ ᠣᠷᠳᠣᠨ ᠤ ᠠᠭᠤᠳᠠᠮ ᠲᠠᠯᠠᠪᠠᠢ ᠶᠢᠨ ᠱᠤᠭᠤᠮᠠᠯ ᠤᠨ ᠡᠮᠦᠨ᠎ᠡ᠂ ᠨᠠᠮ ᠤᠨ ᠲᠤᠭ ᠤᠨ ᠡᠮᠦᠨ᠎ᠡ ᠬᠠᠮᠲᠤ ᠪᠠᠷ ᠲᠠᠩᠭᠠᠷᠢᠭᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠵᠠᠭᠠᠪᠠ᠃      5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠣᠷᠳᠣᠨ ᠪᠥᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ︾ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠲᠣᠭᠤᠷᠢᠨ ᠦᠵᠡᠭᠰᠡᠨ ᠣᠯᠣᠯᠲᠠ ᠲᠥᠷᠥᠭᠳᠡᠯ ᠢᠶᠠᠨ ᠬᠠᠷᠢᠯᠴᠠᠨ ᠰᠣᠯᠢᠯᠴᠠᠪᠠ᠃ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠩ ᠢᠯᠡᠭᠦᠦ ᠵᠢᠳᠬᠦᠯ ᠴᠢᠷᠮᠠᠶᠢᠯᠭ᠎ᠠ ᠭᠠᠷᠭᠠᠬᠤ ᠣᠶᠣᠨ ᠰᠠᠨᠠᠭ᠎ᠠ ᠶᠢᠨ ᠳᠦᠷᠰᠦ ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠪᠥᠬᠦ ᠣᠷᠣᠨ ᠤ ᠳᠠᠩᠰᠠ ᠡᠪᠬᠡᠮᠡᠯ ᠤᠨ ᠠᠵᠢᠯ ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号