ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠶ᠎ᠠ  ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ  ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/17
      5 ᠳ᠋ᠤᠭᠠᠷ ᠰᠠᠷ᠎ᠠ ᠶᠢᠨ 16 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠦᠷᠴᠦ ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠡᠯᠭᠡᠨ ᠪᠣᠷᠣᠯᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠣᠷᠣᠯᠴᠠᠪᠠ ᠃      ᠶᠠᠩ ᠸᠧᠢ ᠳ᠋ᠦᠩ ᠬᠡᠯᠡᠬᠦ ᠳᠤ ᠪᠠᠨ ᠂ ᠨᠠᠷᠠᠲᠤ ᠲᠡᠮᠳᠡᠭ ᠤᠨ ᠪᠠᠶᠢᠭᠤᠯᠤᠯᠲᠠ ᠪᠠᠷ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ ᠂ ᠨᠠᠷᠠᠲᠤ ᠲᠡᠮᠳᠡᠭ ᠢ ᠨᠢᠭᠡᠳᠦᠯᠲᠡᠢ ᠪᠣᠯᠭᠠᠬᠤ ᠂ ᠪᠠᠷᠢᠮᠵᠢᠶ᠎ᠠ ᠶᠢ ᠨᠢᠭᠡᠳᠦᠯᠲᠡᠢ ᠪᠣᠯᠭᠠᠬᠤ ᠂ ᠪᠣᠭᠤᠳᠠᠯ  ᠢ ᠨᠢᠭᠡᠳᠦᠯᠲᠡᠢ ᠪᠣᠯᠭᠠᠬᠤ ᠂ ᠤᠬᠠᠭᠤᠯᠭ᠎ᠠ ᠶᠢ ᠨᠢᠭᠡᠳᠦᠯᠲᠡᠢ ᠪᠣᠯᠭᠠᠬᠤ ᠂ ᠡᠵᠡᠩᠨᠡᠯᠲᠠ ᠪᠣᠷᠣᠯᠠᠭᠤᠯᠭ᠎ᠠ ᠶᠢ ᠨᠢᠭᠡᠳᠦᠯᠲᠡᠢ ᠪᠣᠯᠭᠠᠬᠤ ᠲᠠᠯ᠎ᠠ ᠪᠠᠷ ᠭᠦᠢᠴᠡᠳ ᠬᠦᠴᠦ ᠣᠷᠣᠭᠤᠯᠵᠤ ᠂ ᠮᠠᠨ ᠤ ᠣᠷᠣᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ ᠪᠦᠬᠦ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠠᠵᠤ ᠠᠬᠤᠶᠢᠯᠠᠯ ᠤᠨ ︽ᠪᠠᠭ᠎ᠠ ᠠᠴᠠ ᠬᠡᠪᠴᠢᠶᠡᠵᠢᠯ ᠲᠠᠶᠢᠰᠢ᠂ ᠬᠡᠪᠴᠢᠶᠡᠵᠢᠯ ᠠᠴᠠ ᠲᠣᠮᠣ ᠲᠠᠶᠢᠰᠢ᠂ ᠲᠣᠮᠣ ᠠᠴᠠ ᠬᠦᠴᠦᠷᠬᠡᠭ ᠲᠡᠶᠢᠰᠢ᠂ ᠬᠦᠴᠦᠷᠬᠡᠭ ᠠᠴᠠ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ︾ ᠶᠢ ᠲᠡᠳᠬᠦᠨ ᠠᠬᠢᠭᠤᠯᠵᠤ ᠂ ᠮᠠᠯᠴᠢᠨ ᠲᠠᠷᠢᠶᠠᠴᠢᠨ ᠤ ᠣᠷᠣᠯᠭ᠎ᠠ ᠶᠢ  ᠨᠡᠮᠡᠭᠳᠡᠭᠦᠯᠦᠨ ᠴᠢᠨᠡᠭᠡᠯᠢᠭᠵᠢᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠡᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号