ᠯᠢ ᠴᠢᠶᠠᠩ ᠴᠣᠬᠤᠯᠠᠪᠤᠷᠢ ᠥᠭᠴᠡᠢ | 5 ᠰᠠᠷ᠎ᠠ ᠶᠢᠨ 16 ᠤ ᠥᠷᠯᠥᠭᠡ ᠶᠢᠨ 3 ᠴᠠᠭ ᠤᠨ ᠦᠶ᠎ᠡ ᠪᠠᠷ᠂ ᠫᠧᠩ ᠯᠠᠢ ᠵᠢᠩ ᠯᠦ ᠵᠢᠭᠠᠰᠤᠨ ᠠᠵᠤ | ᠠᠬᠤᠢ ᠶᠢᠨ ᠬᠢᠵᠠᠭᠠᠷᠲᠤ ᠺᠣᠮᠫᠠᠨᠢ ᠳᠤ ᠬᠠᠷᠢᠶᠠᠯᠠᠭᠳᠠᠬᠤ ᠳᠤᠮᠳᠠᠳᠤ ᠤᠯᠤᠰ ᠤᠨ ᠬᠠᠷᠢᠶ᠎ᠠ ᠪᠦᠬᠦᠢ ᠠᠯᠤᠰ ᠳᠠᠯᠠᠢ ᠶᠢᠨ | ᠵᠢᠭᠠᠰᠤ ᠠᠩᠨᠠᠬᠤ ᠣᠩᠭᠤᠴᠠ ︽ᠯᠦ ᠫᠧᠩ ᠶᠤᠸᠠᠨ ᠢᠦᠢ 028︾ ᠡᠨᠡᠳᠬᠡᠭ ᠳᠠᠯᠠᠢ ᠶᠢᠨ ᠳᠤᠮᠳᠠ ᠬᠡᠰᠡᠭ ᠤᠨ | ᠳᠠᠯᠠᠢ ᠶᠢᠨ ᠣᠷᠣᠨ ᠳᠤ ᠬᠥᠷᠪᠡᠵᠦ᠂ ᠣᠩᠭᠤᠴᠠᠨ ᠳᠡᠭᠡᠷᠡᠬᠢ 39 ᠬᠥᠮᠥᠨ ᠬᠤᠯᠪᠣᠭ᠎ᠠ ᠲᠠᠰᠤᠷᠠᠵᠤ᠂ ᠡᠭᠦᠨ ᠳᠤ | ᠳᠤᠮᠳᠠᠳᠤ ᠤᠯᠤᠰ ᠤᠨ ᠬᠠᠷᠢᠶ᠎ᠠ ᠪᠦᠬᠦᠢ ᠣᠩᠭᠤᠴᠠᠴᠢᠨ 17 ᠬᠥᠮᠥᠨ᠂ ᠢᠨᠳᠤᠨᠧᠰᠢᠶ᠎ᠠ ᠶᠢᠨ ᠬᠠᠷᠢᠶ᠎ᠠ ᠪᠦᠬᠦᠢ 17 | ᠬᠥᠮᠥᠨ᠂ ᠹᠢᠯᠢᠫᠢᠨ ᠤ ᠬᠠᠷᠢᠶ᠎ᠠ ᠪᠦᠬᠦᠢ 5 ᠬᠥᠮᠥᠨ ᠪᠠᠶᠢᠪᠠ᠃ ᠣᠳᠣᠬᠠᠨ ᠪᠣᠯᠲᠠᠯ᠎ᠠ ᠬᠤᠯᠪᠣᠭ᠎ᠠ ᠲᠠᠰᠤᠷᠠᠭᠰᠠᠨ | ᠬᠥᠮᠥᠰ ᠢ ᠡᠷᠢᠵᠦ ᠣᠯᠤᠭ᠎ᠠ ᠦᠭᠡᠢ ᠪᠠᠶᠢᠵᠤ᠂ ᠡᠷᠢᠵᠦ ᠠᠪᠤᠷᠠᠬᠤ ᠠᠵᠢᠯ ᠶᠠᠭ ᠶᠠᠪᠤᠭᠳᠠᠵᠤ ᠪᠠᠶᠢᠨ᠎ᠠ᠃ | ᠠᠳᠡᠯ ᠭᠠᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠱᠠᠨᠳᠦ᠋ᠩ | ᠮᠤᠵᠢ ᠶᠢᠨ ᠬᠢᠨ ᠳᠠᠷᠤᠶᠢᠬᠠᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ ᠪᠠᠶᠢᠳᠠᠯ ᠢ ᠬᠢᠨᠠᠨ | ᠬᠠᠷᠭᠤᠭᠤᠯᠵᠤ᠂ ᠠᠪᠤᠷᠠᠨ ᠲᠤᠰᠠᠯᠠᠬᠤ ᠬᠦᠴᠦᠨ ᠢ ᠨᠡᠮᠡᠵᠦ ᠲᠣᠮᠢᠯᠠᠨ᠂ ᠣᠯᠠᠨ ᠤᠯᠤᠰ ᠤᠨ ᠳᠠᠯᠠᠢ ᠳᠡᠭᠡᠷᠡᠬᠢ | ᠡᠷᠢᠵᠦ ᠠᠪᠤᠷᠠᠬᠤ ᠲᠤᠰᠠᠯᠠᠮᠵᠢ ᠶᠢ ᠵᠣᠬᠢᠴᠠᠭᠤᠯᠵᠤ᠂ ᠪᠥᠬᠦ ᠬᠦᠴᠦᠨ ᠢᠶᠠᠷ ᠢᠶᠠᠨ ᠠᠪᠤᠷᠠᠨ ᠲᠤᠰᠠᠯᠠᠬᠤ ᠬᠡᠷᠡᠭᠲᠡᠢ᠃ | ᠭᠠᠳᠠᠭᠠᠳᠤ ᠶᠠᠪᠤᠳᠠᠯ ᠤᠨ ᠶᠠᠮᠤᠨ ᠪᠣᠯᠣᠨ ᠭᠠᠳᠠᠭᠠᠳᠤ ᠳᠤ ᠰᠠᠭᠤᠭ᠎ᠠ ᠬᠤᠯᠪᠣᠭᠳᠠᠯ ᠪᠦᠬᠦᠢ ᠡᠯᠴᠢᠨ ᠰᠠᠶᠢᠳ ᠤᠨ | ᠶᠠᠮᠤᠨ ᠲᠤᠬᠠᠢ ᠶᠢᠨ ᠭᠠᠵᠠᠷ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ | ᠡᠷᠢᠵᠦ ᠠᠪᠤᠷᠠᠬᠤ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠢ᠃ ᠠᠯᠤᠰ ᠳᠠᠯᠠᠢ ᠶᠢᠨ ᠠᠵᠢᠯ ᠤᠨ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠶᠢ ᠴᠢᠨᠠᠭᠰᠢᠳᠠ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠬᠦ ᠴᠢᠬᠤᠯᠠ ᠵᠢᠭᠠᠪᠤᠷᠢ ᠥᠭᠴᠡᠢ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠮᠢᠶ᠎ᠠ ᠪᠦᠬᠦᠢ ᠲᠠᠯ᠎ᠠ ᠶᠢᠨ | ᠬᠦᠴᠦᠨ ᠢ ᠱᠠᠯᠠᠪᠳᠠᠨ ᠵᠣᠬᠢᠴᠠᠭᠤᠯᠵᠤ ᠠᠶᠤᠯ ᠳᠤ ᠤᠴᠠᠷᠠᠭᠰᠠᠨ ᠣᠩᠭᠤᠴᠠᠴᠢᠨ ᠢ ᠪᠥᠬᠦ ᠬᠦᠴᠦᠨ ᠢᠶᠠᠷ ᠡᠷᠢᠨ | ᠠᠪᠤᠷᠠᠵᠤ᠂ ᠬᠥᠮᠥᠰ ᠤᠨ ᠦᠬᠦᠯ ᠰᠢᠷᠬᠠᠲᠤᠯ ᠢ ᠬᠠᠮᠤᠭ ᠤᠨ ᠶᠡᠭᠡ ᠴᠢᠷᠮᠠᠶᠢᠯᠭ᠎ᠠ ᠪᠠᠷ ᠪᠠᠭᠠᠰᠬᠠᠬᠤ ᠬᠡᠷᠡᠭᠲᠡᠢ᠃ | ᠳᠠᠯᠠᠢ ᠳᠡᠭᠡᠷᠡᠬᠢ ᠵᠢᠭᠠᠰᠤᠨ ᠣᠩᠭᠤᠴᠠ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠴᠢᠨᠠᠭᠰᠢᠳᠠ | ᠴᠢᠩᠭᠠᠳᠬᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠠᠯᠠᠢ ᠳᠡᠭᠡᠷᠡᠬᠢ ᠲᠡᠭᠡᠭᠡᠪᠦᠷᠢ ᠪᠠ | ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠣᠨ ᠱᠠᠨᠳᠦ᠋ᠩ ᠮᠤᠵᠢ ᠨᠢᠭᠡᠨᠲᠡ | ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ ︽ᠯᠦ ᠫᠧᠩ ᠶᠤᠸᠠᠨ ᠢᠦᠢ 028︾ | ᠣᠩᠭᠤᠴᠠ᠂ ᠵᠥᠩ ᠶᠤᠸᠠᠨ ᠳᠠᠯᠠᠢ ᠶᠢᠨ ᠲᠡᠭᠡᠭᠡᠪᠦᠷᠢ ᠶᠢᠨ ︽ᠶᠤᠸᠠᠨ ᠹᠦ᠋ ᠬᠠᠢ︾ ᠬᠥᠯᠭᠡ ᠣᠩᠭᠤᠴᠠ ᠵᠡᠷᠭᠡ ᠶᠢ | ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠬᠤᠯᠪᠣᠭ᠎ᠠ ᠲᠠᠰᠤᠷᠠᠭᠰᠠᠨ ᠳᠠᠯᠠᠢ ᠶᠢᠨ ᠣᠷᠣᠨ ᠳᠤ ᠬᠦᠷᠴᠦ | ᠠᠪᠤᠷᠠᠨ ᠲᠤᠰᠠᠯᠠᠵᠤ ᠪᠠᠶᠢᠨ᠎ᠠ᠂ ᠡᠭᠦᠨ ᠠᠴᠠ ᠭᠠᠳᠠᠨ᠎ᠠ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠬᠦᠴᠦᠨ ᠶᠠᠭ | ᠬᠤᠯᠪᠣᠭ᠎ᠠ ᠲᠠᠰᠤᠷᠠᠭᠰᠠᠨ ᠳᠠᠯᠠᠢ ᠶᠢᠨ ᠣᠷᠣᠨ ᠢ ᠴᠢᠭᠯᠡᠨ ᠤᠳᠤᠵᠤ ᠪᠣᠢ᠃ ᠳᠤᠮᠳᠠᠳᠤ ᠤᠯᠤᠰ ᠤᠨ ᠳᠠᠯᠠᠢ | ᠳᠡᠭᠡᠷᠡᠬᠢ ᠡᠷᠢᠵᠦ ᠠᠪᠤᠷᠠᠬᠤ ᠲᠥᠪ ᠤᠨ ᠬᠢᠨ ᠬᠤᠯᠪᠣᠭᠳᠠᠯ ᠪᠦᠬᠦᠢ ᠤᠯᠤᠰ ᠲᠤ ᠮᠡᠳᠡᠭᠡ ᠵᠠᠩᠭᠢ ᠶᠢ ᠮᠡᠳᠡᠭᠳᠡᠵᠦ᠂ | ᠠᠦ᠋ᠰᠲᠷᠠᠯᠢᠶ᠎ᠠ ᠵᠡᠷᠭᠡ ᠤᠯᠤᠰ ᠤᠨ ᠳᠠᠯᠠᠢ ᠳᠡᠭᠡᠷᠡᠬᠢ ᠡᠷᠢᠵᠦ ᠠᠪᠤᠷᠠᠬᠤ ᠬᠦᠴᠦᠨ ᠲᠤᠬᠠᠢ ᠶᠢᠨ ᠲᠠᠯᠠᠪᠠᠢ ᠳᠤ ᠡᠷᠢᠵᠦ | ᠠᠪᠤᠷᠠᠵᠤ ᠪᠠᠶᠢᠨ᠎ᠠ᠃ ᠭᠠᠳᠠᠭᠠᠳᠤ ᠶᠠᠪᠤᠳᠠᠯ ᠤᠨ ᠶᠠᠮᠤᠨ ᠨᠢᠭᠡᠨᠲᠡ ᠺᠤᠨᠰᠦ᠋ᠯ ᠤᠨ ᠬᠠᠮᠠᠭᠠᠯᠠᠯᠲᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ ᠠᠦ᠋ᠰᠲᠷᠠᠯᠢᠶ᠎ᠠ᠂ ᠰᠷᠢ ᠯᠠᠨᠺᠠ᠂ ᠮᠠᠯᠳᠠᠶᠢᠹ᠂ | ᠢᠨᠳᠤᠨᠧᠰᠢᠶ᠎ᠠ᠂ ᠹᠢᠯᠢᠫᠢᠨ ᠵᠡᠷᠭᠡ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ | ᠬᠢᠨ ᠰᠠᠭᠤᠭ᠎ᠠ ᠤᠯᠤᠰ ᠤᠨ ᠢᠶᠠᠨ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠢᠳᠡᠪᠬᠢᠲᠡᠢ ᠪᠠᠷ ᠡᠷᠢᠨ | ᠠᠪᠤᠷᠠᠬᠤ ᠳᠤ ᠣᠷᠣᠯᠴᠠᠭᠤᠯᠬᠤ ᠪᠠᠷ ᠦᠳᠲᠡᠷ ᠲᠦᠷᠭᠡᠨ ᠪᠠᠶᠢᠷᠢᠯᠠᠭᠤᠯᠵᠠᠢ᠃ |