5 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ | ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ | ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ | ᠵᠠᠫᠠᠯᠤᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠶᠢ | ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ | ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ᠂ ᠨᠢᠳᠤᠨᠤᠨ ᠪᠢᠳᠡ ᠬᠤᠶᠠᠷ ᠤᠳᠠᠭ᠎ᠠ ᠠᠭᠤᠯᠵᠠᠵᠤ᠂ ᠳᠤᠮᠳᠠᠳᠤ ᠺᠢᠷᠭᠢᠽᠰᠲ᠋ᠠᠨ ᠤ | ᠬᠠᠷᠢᠯᠴᠠᠭ᠎ᠠ ᠪᠣᠯᠣᠨ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭᠠᠨ ᠤ ᠲᠤᠬᠠᠢ ᠴᠢᠬᠤᠯᠠ ᠬᠠᠮᠲᠤ ᠶᠢᠨ | ᠲᠠᠨᠢᠯᠲᠠ ᠶᠠᠭ ᠪᠦᠲᠦᠮᠵᠢᠲᠡᠢ ᠨᠠᠶᠢᠳᠠᠪᠤᠷᠢᠵᠢᠭᠤᠯᠤᠭᠳᠠᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠨᠢᠭᠡᠨᠲᠡ 31 | ᠵᠢᠯ ᠤᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠪᠡ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠬᠦ ᠳᠤᠮᠳᠠᠳᠤ | ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠥᠭᠵᠢᠯ | ᠮᠠᠨᠳᠤᠯ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠢᠷᠭᠢᠽᠰᠲ᠋ᠠᠨ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠢᠯᠠᠩᠭᠤᠶ᠎ᠠ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠡᠷᠡᠰ ᠬᠦᠴᠦᠲᠡᠢ ᠲᠡᠮᠵᠢᠵᠤ᠂ ᠬᠠᠷᠢᠯᠴᠠᠨ ᠢᠲᠡᠭᠡᠯᠴᠡᠵᠦ᠂ | ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ ᠪᠣᠯᠣᠯᠴᠠᠶ᠎ᠠ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠠᠬᠢᠭᠤᠯᠵᠤ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢᠶᠠᠨ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ | ᠶᠠᠳᠠᠭᠤ ᠶᠢ ᠲᠡᠳᠬᠦᠵᠦ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠢᠷᠭᠢᠽᠰᠲ᠋ᠠᠨ ᠦᠽᠪᠧᠺᠰᠲ᠋ᠠᠨ ᠤ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢ ᠡᠷᠲᠡᠬᠡᠨ ᠡᠬᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠴᠢᠨᠠᠷ | ᠰᠠᠶᠢᠲᠠᠢ ᠬᠥᠳᠡᠭᠡ ᠠᠵᠤ ᠠᠬᠤᠢ ᠶᠢᠨ ᠳᠠᠭᠠᠯᠲᠠ ᠪᠦᠲᠦᠭᠡᠭᠳᠡᠬᠦᠨ ᠢ ᠣᠷᠣᠭᠤᠯᠬᠤ ᠪᠠᠨ ᠨᠡᠮᠡᠭᠳᠡᠭᠦᠯᠵᠦ᠂ ᠨᠡᠩ | ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ ᠪᠡᠯᠡ ᠣᠷᠣᠭᠤᠯᠤᠨ | ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠣᠷᠣᠨ ᠨᠤᠲᠤᠭ ᠤᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠬᠤᠶᠠᠷ | ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠪᠠ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠶ᠎ᠡ᠃ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠬᠤᠶᠠᠷ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ | ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠬᠠᠩᠭᠠᠶ᠎ᠠ ᠭᠡᠵᠦ ᠴᠢᠬᠤᠯᠠᠴᠢᠯᠠᠪᠠ᠃ | ᠵᠠᠫᠠᠯᠤᠹ᠂ ᠲᠡᠦᠬᠡᠲᠦ ᠠᠴᠢ ᠬᠤᠯᠪᠣᠭᠳᠠᠯ ᠢᠶᠠᠷ ᠪᠢᠯᠬᠠᠮ᠎ᠠ ᠡᠷᠲᠡᠨ ᠤ ᠲᠣᠷᠭᠠᠨ ᠵᠠᠮ ᠤᠨ ᠡᠭᠢᠯᠡᠯᠲᠡ ᠶᠢᠨ | ᠴᠡᠭ ᠲᠤ ᠢᠷᠡᠵᠦ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠳᠤᠮᠳᠠᠳᠤ ᠤᠯᠤᠰ | ᠤᠯᠤᠰ ᠤᠨ ᠳᠣᠲᠣᠭᠠᠳᠤ ᠶᠢᠨ ᠠᠯᠢ ᠤᠯᠠᠨ ᠴᠢᠬᠤᠯᠠ ᠶᠡᠭᠡ ᠤᠯᠤᠰ ᠲᠦᠷᠦ ᠶᠢᠨ ᠵᠥᠪᠯᠡᠬᠦ ᠵᠦᠢᠯᠡᠰ ᠢᠶᠠᠨ | ᠠᠮᠵᠢᠯᠲᠠ ᠲᠠᠢ ᠪᠡᠶᠡᠯᠡᠭᠦᠯᠦᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ | ᠪᠠᠲᠤ ᠴᠢᠩᠭ᠎ᠠ ᠬᠦᠴᠦᠲᠡᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠯ᠎ᠡ ᠬᠦᠷᠢᠶᠡᠨ ᠤ ᠬᠥᠭᠵᠢᠯᠲᠡ | ᠯᠠᠪᠲᠠᠢ ᠰᠢᠨ᠎ᠡ ᠭᠡᠷᠡᠯ ᠰᠠᠴᠤᠷᠠᠩᠭᠤᠢ ᠠᠮᠵᠢᠯᠲᠠ ᠣᠯᠵᠤ᠂ ᠳᠡᠯᠡᠬᠡᠢ ᠳ᠋ᠠᠬᠢᠨ ᠳᠤ ᠨᠡᠩ ᠴᠢᠬᠤᠯᠠ ᠦᠢᠯᠡᠳᠦᠯ | ᠦᠵᠡᠭᠦᠯᠭᠦ ᠶᠢ ᠢᠲᠡᠭᠡᠵᠦ ᠪᠠᠶᠢᠨ᠎ᠠ᠃ ᠣᠳᠣᠬᠠᠨ ᠳᠤ ᠺᠢᠷᠭᠢᠽᠰᠲ᠋ᠠᠠ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ | ᠬᠠᠮᠤᠭ ᠤᠨ ᠰᠠᠶᠢᠨ ᠲᠦᠪᠰᠢᠨ ᠳᠤ ᠣᠷᠣᠰᠢᠵᠤ ᠪᠠᠶᠢᠨ᠎ᠠ᠂ ᠺᠢᠷᠭᠢᠽᠰᠲ᠋ᠠᠠ ᠤ ᠲᠠᠯ᠎ᠠ ᠳᠤᠮᠳᠠᠳᠤ ᠶᠢᠨ ᠲᠠᠯ᠎ᠠ ᠶᠢᠨ | ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ ᠵᠡᠷᠭᠡ ᠭᠤᠣᠯᠯᠠᠭᠴᠢ ᠠᠰᠢᠭ | ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠭᠤᠶᠢᠪᠢᠰᠢ ᠦᠭᠡᠢ ᠪᠠᠶᠢᠬᠤ ᠶᠢ ᠲᠡᠮᠵᠢᠵᠦ᠂ ᠳᠤᠮᠳᠠᠳᠤ ᠶᠢᠨ | ᠲᠠᠯ᠎ᠠ ᠶᠢᠨ ᠳᠤᠷᠠᠳᠤᠭᠰᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠲᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠡᠷᠡᠰ ᠳᠡᠮᠵᠢᠯᠴᠡᠵᠦ᠂ | ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠪᠣᠯᠣᠨ ᠭᠠᠵᠠᠷ ᠣᠷᠣᠨ ᠤ ᠠᠮᠤᠷ ᠲᠦᠪᠰᠢᠨ | ᠪᠣᠯᠣᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠠᠵᠤ | ᠠᠬᠤᠶᠢᠯᠠᠯ ᠳᠤ ᠠᠮᠤᠷ ᠲᠦᠪᠰᠢᠨ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠬᠠᠩᠭᠠᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ | ᠥᠨᠥᠳᠥᠷ ᠪᠢᠳᠡ ᠺᠢᠷᠭᠢᠽᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠶᠢᠨ ᠬᠠᠮᠲᠤ ᠺᠢᠷᠭᠢᠽᠰᠲ᠋ᠠᠨ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠰᠠᠨᠠᠯ ᠨᠢᠭᠡᠳᠦᠭᠰᠡᠨ ᠨᠢ ᠬᠤᠶᠠᠷ | ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠬᠤ ᠨᠢ ᠯᠠᠪᠲᠠᠢ ᠶᠤᠮ ᠭᠡᠵᠦ ᠢᠯᠡᠳᠬᠡᠪᠡ᠃ | ᠵᠠᠫᠠᠯᠤᠹ᠂ ᠪᠢ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠳᠤᠮᠳᠠᠳᠤ ᠤᠯᠤᠰ – ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠳᠤ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ | ᠬᠠᠮᠲᠤ ᠪᠠᠷ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠳᠤᠮᠳᠠ ᠠᠽᠢᠶ᠎ᠠ ᠶᠢᠨ | ᠤᠯᠤᠰ ᠪᠣᠯᠣᠨ ᠳᠤᠮᠳᠠᠳᠤ ᠤᠯᠤᠰ ᠤᠨ ᠬᠤᠶᠠᠷ ᠲᠠᠯ᠎ᠠ ᠶᠢᠨ ᠪᠠ ᠭᠠᠵᠠᠷ ᠣᠷᠣᠨ ᠤ ᠬᠠᠮᠲᠤᠷᠠᠯᠴᠠᠭ᠎ᠠ ᠪᠠᠨ | ᠨᠢᠭᠲᠠᠷᠠᠭᠤᠯᠬᠤ ᠰᠢᠨ᠎ᠡ ᠲᠠᠪᠴᠠᠩ ᠪᠣᠯᠭᠠᠨ ᠴᠣᠭᠴᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠰᠢᠨ᠎ᠡ ᠴᠠᠭ ᠦᠶ᠎ᠡ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠬᠠᠮᠲᠤᠷᠠᠭᠰᠠᠨ ᠲᠤᠩᠬᠠᠭ︾ | ᠲᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠠᠵᠤ ᠦᠢᠯᠡᠰ ᠪᠣᠯᠣᠨ ᠪᠡᠯᠡ | ᠣᠷᠣᠭᠤᠯᠤᠯᠲᠠ᠂ ᠪᠣᠭᠤᠮᠲᠠ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠤᠯᠠᠨ | ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ | ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ( ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ ) |