ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠤᠩ ᠲᠦᠩᠯᠢᠶᠣᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/5/22
       5 ᠰᠠᠷ᠎ᠠ ᠶᠢᠨ 13 ᠤ ᠡᠳᠦᠷ ᠠᠴᠠ 5 ᠰᠠᠷ᠎ᠠ ᠶᠢᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠠ ᠶᠤᠸᠠᠢ ᠹᠤᠩ ᠨᠡᠷ᠂ ︽ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠬᠤ︾ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶ᠋ᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠪᠣᠯᠤᠨ ᠬᠢᠨᠠᠨ ᠰᠢᠯᠭᠠᠬᠤ ᠡᠲᠡᠭᠡᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠪᠡᠷᠬᠡ ᠠᠰᠠᠭᠤᠳᠠᠯ᠂ ᠵᠣᠬᠢᠴᠠᠭᠤᠯᠤᠨ ᠠᠬᠢᠭᠤᠯᠬᠤ ᠴᠢᠬᠤᠯᠠᠲᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠡᠷᠭᠡ ᠪᠠᠶᠢᠳᠠᠯ ᠤᠨ ᠲᠣᠭᠤᠷᠢᠨ ᠳᠤ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤᠨ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠶ᠃ 23 ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠰᠠᠭᠤᠷᠢᠨ ᠭᠠᠵᠠᠷ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠬᠥᠳᠡᠭᠡ ᠠᠵᠤ ᠠᠬᠤᠢ ᠲᠠᠢ ᠬᠤᠯᠪᠣᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ︔ 9 ᠰᠤᠮᠤ ᠰᠢᠶᠠᠩ ᠪᠠᠯᠭᠠᠰᠤ᠂ 11 ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ 26 ᠡᠷᠦᠬᠡ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠰᠢᠯᠭᠠᠬᠤ ᠡᠷᠦᠬᠡ ᠶᠢ ᠰᠤᠷᠪᠤᠯᠵᠢᠯᠠᠪᠠ᠃      ᠵᠢᠶᠠ ᠶᠤᠸᠠᠢ ᠹᠧᠩ ᠨᠠᠷ ᠤᠷᠢᠳ ᠬᠤᠵᠢᠳ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠳᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠣᠪᠣᠭᠠᠨ ᠰᠤᠮᠤ ᠶᠢᠨ ᠪᠠᠶᠠᠨᠤᠪᠤᠭ᠎ᠠ ᠭᠠᠴᠠᠭ᠎ᠠ ᠶᠢᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠰᠢᠪᠬᠤᠸᠠ ᠪᠠᠯᠭᠠᠰᠤ ᠶᠢᠨ ᠲᠦᠮᠡᠨ ᠮᠦ ᠶᠢᠨ ᠬᠡᠮᠡᠷᠯᠢᠭ ᠬᠠᠶᠢᠲᠠᠩ ᠤᠨ ᠰᠠᠭᠤᠷᠢᠨ ᠭᠠᠵᠠᠷ᠂ ᠵᠢᠷᠦᠬᠡ ᠭᠤᠣᠯ ᠤᠨ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠬᠦᠷᠴᠡᠢ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ︽ᠬᠤᠣᠰ ᠮᠢᠩᠭᠠᠨ ᠲᠦᠮᠡᠨ ᠮᠥ︾ ᠶᠢᠨ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ᠂ ᠴᠠᠶᠢᠳᠠᠮ ᠭᠠᠴᠠᠭᠠᠨ ᠤ ᠤᠰᠤ ᠠᠷᠪᠢᠯᠠᠬᠤ ᠥᠨᠳᠥᠷ ᠲᠣᠭᠲᠠᠭᠤᠨ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠲᠢᠶᠠᠨ ᠶᠠᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠦᠷᠢᠶ᠎ᠡ ᠬᠤᠰᠢᠭᠤᠨ ᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠶ᠋ᠯ᠂ ᠬᠦᠷᠢᠶ᠎ᠡ ᠪᠠᠯᠭᠠᠰᠤᠨ ᠤ ᠡᠮᠦᠨ᠎ᠡ ᠬᠡᠰᠡᠭ ᠤᠨ ᠶᠤᠸᠠᠨ ᠪᠦᠦ ᠱᠠᠨ ᠰᠠᠭᠠᠭ ᠤᠨ ᠬᠠᠯᠢᠰᠤ ᠳᠡᠷ᠎ᠡ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠶ᠋ᠯᠡᠳᠪᠦᠷᠢ ᠶᠢᠨ ᠲᠠᠰᠤᠭ᠂ ᠥᠪᠥᠷ ᠮᠣᠩᠭᠤᠯ ᠤᠨ ᠨᠣᠭᠤᠭᠠᠨ ᠪᠦᠷᠢᠳᠦ ᠢᠳᠡᠭᠡᠨ ᠤ ᠬᠢᠵᠠᠭᠠᠷᠲᠤ ᠺᠣᠮᠫᠠᠨᠢ᠂ ᠯᠤᠤ ᠬᠤ᠋ ᠳ᠋ᠦᠩ ᠭᠠᠴᠠᠭ᠎ᠠ ᠶᠢᠨ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠵᠢᠴᠢ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ 23 ᠪᠠᠶᠢᠴᠠᠭᠠᠨ ᠰᠤᠳᠤᠯᠬᠤ ᠴᠡᠭ ᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠲᠠᠢ ᠨᠢᠭᠲᠠ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠠᠵᠢᠯ ᠬᠤᠪᠢᠶᠠᠷᠢᠯᠠᠨ ᠬᠠᠮᠵᠢᠯᠴᠠᠭᠰᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠨᠢᠭᠲᠠ ᠬᠠᠷᠢᠯᠴᠠᠭ᠎ᠠ ᠲᠠᠢ ᠲᠠᠷᠢᠶᠠᠴᠢᠨ ᠤ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠳᠠᠪᠠᠭᠤᠯᠢᠭ ᠢ ᠪᠦᠷᠢᠯᠳᠦᠭᠦᠯᠬᠦ ᠶᠢ ᠠᠬᠢᠭᠤᠯᠤᠨ᠎ᠠ᠃      ᠵᠢᠶᠠ ᠶᠤᠸᠠᠢ ᠹᠤᠩ ᠴᠢᠬᠤᠯᠠᠴᠢᠯᠠᠬᠤ ᠳᠠᠭᠠᠨ᠂ ᠪᠠᠯᠠ ᠮᠥᠩᠭᠦ ᠶᠢ ᠵᠣᠯᠭᠠᠭᠤᠯᠬᠤ ᠳᠤ ᠵᠠᠷᠢᠮ ᠲᠣᠮᠣ ᠲᠥᠷᠥᠯ ᠵᠦᠶ᠋ᠯ᠂ ᠰᠠᠶᠢᠨ ᠲᠥᠷᠥᠯ ᠵᠦᠶ᠋ᠯ ᠢ ᠴᠢᠬᠤᠯᠠᠴᠢᠯᠠᠵᠤ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠬᠥᠮᠦᠨ ᠪᠠ ᠡᠷᠦᠬᠡ ᠳᠤ ᠬᠦᠷᠲᠡᠯ᠎ᠡ ᠲᠥᠷᠥᠯ ᠵᠦᠶ᠋ᠯ ᠢ ᠦᠷᠭᠦᠯᠵᠢᠯᠡᠨ ᠳᠡᠮᠵᠢᠵᠦ᠂ ᠡᠯ᠎ᠡ ᠵᠦᠶ᠋ᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠶ᠋ᠴᠡᠳ ᠬᠥᠭᠵᠢᠭᠡᠵᠦ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠨᠠᠩ ᠲᠣᠭᠲᠠᠭᠤᠨ᠂ ᠨᠠᠩ ᠦᠷᠭᠦᠯᠵᠢᠯᠡᠬᠦ ᠪᠣᠯᠭᠠᠬᠤ ᠬᠡᠷᠡᠭᠲᠡᠶ ᠭᠡᠵᠡᠶ᠃      ᠵᠢᠶᠠ ᠶᠤᠸᠠᠢ ᠹᠤᠩ ᠲᠠᠷᠢᠶᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠬᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠣᠷᠣᠯᠭ᠎ᠠ ᠶᠢᠨ ᠪᠠᠶᠢᠳᠠᠯ ᠵᠢᠴᠢ ᠣᠷᠣᠯᠭ᠎ᠠ ᠶᠢᠨ ᠨᠡᠮᠡᠭᠳᠡᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ ᠡᠯ᠎ᠡ ᠭᠠᠵᠠᠷ ᠤᠨ ᠬᠢᠨ ᠡᠷᠬᠡᠪᠰᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠲᠠᠢ ᠤᠶᠠᠯᠳᠤᠭᠤᠯᠤᠨ ᠬᠢᠨᠠᠨ ᠪᠠᠶᠢᠴᠠᠭᠠᠵᠤ ᠲᠥᠪᠯᠡᠷᠡᠭᠦᠯᠦᠨ ᠪᠠᠶᠢᠴᠠᠭᠠᠬᠤ ᠶᠢ ᠰᠠᠶᠢᠲᠤᠷ ᠬᠢᠵᠦ᠂ ᠡᠷᠦᠭᠡ ᠶᠢᠨ ᠪᠠᠶᠢᠳᠠᠯ ᠳᠤᠨᠢ ᠳᠤᠬᠢᠷᠠᠭᠤᠯᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠨᠠᠷᠢᠯᠢᠭ ᠨᠠᠶᠢᠳᠠᠪᠤᠷᠢᠵᠢᠭᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠢ ᠪᠡᠯᠡ ᠮᠥᠩᠭᠦ᠂ ᠲᠦᠷᠦᠯ ᠵᠦᠢᠯ᠂ ᠲᠦᠷᠦ ᠶᠢᠨ ᠪᠤᠳᠤᠯᠭ᠎ᠠ ᠵᠡᠷᠭᠡ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号