ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠨ ᠲᠣᠮᠢᠯᠠᠭᠰᠠᠨ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠺᠠᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/5/22
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 16 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠨ ᠲᠣᠮᠢᠯᠠᠭᠰᠠᠨ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠲᠠᠯᠠᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠷᠭᠠᠭᠤᠯᠢ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠵᠤᠤ ᠢᠦᠢ ᠱᠧᠩ᠂ ᠤᠷᠳᠤᠰ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠠᠷᠤᠭ᠎ᠠ ᠳᠤᠷᠠᠰᠬᠠᠯ᠂ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠦ᠋ ᠰᠢᠶᠤᠤ ᠶᠠᠨ ᠠᠩᠬᠢ ᠡᠬᠢᠯᠡᠬᠦ ᠶᠣᠰᠣᠯᠠᠯ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠨ ᠲᠣᠮᠢᠯᠠᠭᠰᠠᠨ ᠨᠢᠭᠡᠳᠦᠭᠡᠷ ᠱᠦᠵᠢ ᠵᠢᠴᠢ ᠲᠣᠰᠬᠤᠨ ᠳᠤ ᠰᠠᠭᠤᠭ᠎ᠠ ᠺᠠᠳ᠋ᠷ ᠪᠣᠯᠤᠨ ᠳᠠᠯᠠᠳ ᠬᠤᠰᠢᠭᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠡᠶᠢᠲᠡ 305 ᠬᠥᠮᠦᠨ ᠪᠣᠯᠪᠠᠰᠤᠷᠠᠯ ᠳᠤ ᠣᠷᠣᠯᠴᠠᠪᠠ᠃    ︽ᠢᠵᠢ ᠦᠢᠯᠡᠴᠢᠯᠡᠭᠡ ᠶᠢᠨ ᠮᠠᠶ᠋ᠢᠭ︾ ᠤᠨ ᠵᠢᠭᠠᠨ ᠰᠤᠷᠭᠠᠯᠲᠠ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠷᠠᠭᠤᠯᠤᠯ ᠳᠤ ᠲᠠᠪᠤ ᠤᠳᠠᠭ᠎ᠠ ᠲᠤᠰᠬᠠᠶ ᠰᠡᠳᠦᠪ ᠢᠶᠠᠷ ᠬᠢᠴᠢᠶᠡᠯᠯᠡᠬᠦ ᠶᠢ ᠨᠠᠷᠢᠨ ᠨᠢᠮᠪᠠᠶ ᠲᠣᠬᠢᠷᠠᠭᠤᠯᠵᠤ᠂ ︽ᠰᠢᠨ᠎ᠡ ᠴᠠᠭ ᠦᠶ᠎ᠡ᠂ ᠰᠢᠨ᠎ᠡ ᠬᠥᠳᠡᠭᠡ ᠲᠣᠰᠬᠤᠨ᠂ ᠰᠢᠨ᠎ᠡ ᠬᠥᠭᠵᠢᠯ ᠮᠠᠨᠳᠤᠯ︾ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠲᠠᠷᠢᠶᠠᠯᠠᠩ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠡᠶᠢᠲᠡᠯᠢᠭ ᠬᠡᠪ ᠵᠠᠭᠪᠤᠷ ᠪᠣᠯᠤᠨ ᠬᠡᠷᠡᠭ ᠤᠨ ᠵᠢᠱᠢᠶ᠎ᠡ ᠶᠢ ᠵᠠᠳᠠᠯᠬᠤ᠂ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠭᠤᠯᠭ᠎ᠠ ᠪᠠᠷ ᠪᠠᠶᠠᠯᠢᠭ ᠲᠤᠰᠬᠠᠶ ᠰᠡᠳᠦᠪᠲᠦ ᠲᠣᠭᠠᠴᠢᠯᠲᠠ ᠶᠢ ᠥᠷᠨᠢᠭᠦᠯᠵᠦ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠶ ᠠᠵᠢᠯ ᠬᠢᠬᠦ ᠶᠢ ᠴᠢᠷᠮᠠᠶᠢᠨ ᠠᠬᠢᠭᠤᠯᠪᠠ᠃    ︽ᠵᠢᠬᠡᠭᠦᠨ ᠮᠠᠶ᠋ᠢᠭ︾ ᠤᠨ ᠦᠵᠡᠭᠦᠯᠦᠯᠭᠡ ᠨᠢ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠪᠡ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠥᠪᠥᠷ ᠮᠣᠩᠭᠤᠯ ᠤᠨ ᠫᠦ ᠷᠦᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠭᠡᠷᠡᠯ ᠴᠡᠨᠡᠭ ᠤᠨ ᠲᠠᠭᠠᠭᠤᠯᠤᠬᠴᠢ ᠰᠠᠭᠤᠷᠢᠨ ᠭᠠᠵᠠᠷ᠂ ᠨᠦᠩ ᠰᠢᠶᠠᠩ ᠬᠤᠷᠰᠢᠶ᠎ᠠ᠂ ᠭᠢᠭᠧᠰᠳᠠᠢ ᠪᠠᠯᠭᠠᠰᠤᠨ ᠤ ᠱᠧ ᠺᠧᠨ ᠳ᠋ᠢᠶᠠᠨ ᠰᠦ ᠲᠣᠰᠬᠤᠨ᠂ ᠪᠠᠢ ᠨᠢ ᠵᠢᠩ ᠪᠠᠯᠭᠠᠰᠤᠨ ᠤ ᠾᠧᠦ ᠵᠢᠶᠠ ᠶᠢᠩᠽᠢ ᠲᠣᠰᠬᠤᠨ ᠳᠤ ᠬᠦᠷᠴᠦ ᠲᠣᠭᠤᠷᠢᠨ ᠦᠵᠡᠪᠡ᠃ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ᠂ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠵᠠᠭᠪᠤᠷ᠂ ︽ᠨᠢᠭᠡᠳᠦᠯᠲᠡᠶ ᠳᠠᠷᠢᠵᠤ ᠬᠠᠮᠲᠤ ᠪᠠᠷ ᠪᠠᠶᠠᠵᠢᠬᠤ︾ ᠬᠡᠪᠴᠢᠶᠡᠵᠢᠭᠦᠯᠦᠨ ᠳᠠᠷᠢᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ︽ᠬᠠᠷᠢᠯᠴᠠᠨ ᠬᠥᠳᠡᠯᠦᠯᠴᠡᠬᠦ ᠬᠡᠯᠪᠡᠷᠢ︾ ᠶᠢᠨ ᠰᠣᠯᠢᠯᠴᠠᠭ᠎ᠠ ᠨᠢ ᠬᠥᠳᠡᠭᠡ ᠲᠣᠰᠬᠤᠨ ᠤ ᠢᠷᠡᠭᠡᠳᠦᠢ ᠶᠢᠨ ᠲᠤᠬᠠᠢ ᠬᠠᠮᠲᠤᠪᠠᠷ ᠶᠠᠷᠢᠯᠴᠠᠨ᠎ᠠ᠃ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ ᠭᠤᠭᠴᠤᠭ᠎ᠠ ᠳᠤ᠂ ᠬᠤᠪᠢᠶᠠᠨ ᠡᠳ᠋ᠯᠡᠭᠴᠢ ᠠᠳᠠᠯᠢ ᠪᠤᠰᠤ ᠭᠠᠷᠳᠠᠴᠠ ᠪᠠᠷ ᠲᠤᠬᠠᠢ ᠶᠢᠨ ᠭᠠᠵᠠᠷ ᠤᠨ ᠳᠠᠭᠠᠭᠠᠴᠢᠯᠠᠨ ᠬᠤᠯᠪᠣᠭᠠᠯᠠᠨ ᠲᠣᠰᠬᠤᠨ ᠳᠤ ᠰᠠᠭᠤᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠠᠬᠢ ᠰᠦᠪᠡᠭᠴᠢᠯᠡᠯᠳᠡ ᠶᠢᠨ ᠦᠢᠯᠡᠳᠦᠯᠭᠡ ᠪᠣᠯᠤᠨ ᠲᠡᠷᠢᠭᠦᠨ ᠤ ᠲᠤᠷᠰᠢᠯᠭ᠎ᠠ ᠶᠢ ᠬᠤᠪᠢᠶᠠᠯᠴᠠᠨ ᠡᠳ᠋ᠯᠡᠪᠡ᠃ ᠠᠯᠢ ᠤᠯᠠᠨ ᠨᠠᠷᠢᠨ ᠪᠣᠳᠠᠲᠠᠢ ᠲᠤᠭ᠎ᠠ ᠪᠠᠷᠢᠮᠲᠠ᠂ ᠠᠯᠢ ᠤᠯᠠᠨ ᠪᠣᠳᠠᠲᠠᠢ ᠶᠢ ᠡᠷᠬᠢᠮᠯᠡᠭᠰᠡᠨ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ᠂ ᠠᠯᠢ ᠤᠯᠠᠨ ᠠᠯᠤᠰ ᠬᠡᠳᠦ ᠶᠢᠨ ᠪᠣᠳᠣᠯᠬᠢᠯᠠᠯ ᠨᠢ ᠬᠤᠷᠠᠯ ᠳᠤ ᠣᠷᠣᠯᠴᠠᠭᠰᠠᠳ ᠲᠤ ᠭᠦᠨᠵᠡᠭᠡᠢ ᠰᠡᠩᠬᠡᠷᠡᠭᠦᠯᠦᠯ ᠣᠯᠭᠤᠵᠠᠢ᠃    ᠡᠨᠡ ᠤᠳᠠᠭ᠎ᠠ ᠶᠢᠨ ᠪᠣᠯᠪᠠᠰᠤᠷᠠᠯ ᠨᠢ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠺᠠᠳ᠋ᠷᠴᠤᠳ ᠲᠤ ︽ᠳᠤᠰᠤ ᠨᠡᠮᠡᠵᠦ︾ ︽ᠴᠠᠬᠢᠯᠭᠠᠨ ᠴᠡᠨᠡᠭᠯᠡᠵᠦ︾ ︽ᠡᠷᠴᠢ ᠵᠣᠷᠢᠭ ᠢ ᠬᠥᠪᠴᠢᠯᠡᠪᠡ︾᠃ ᠤᠯᠠᠨ ᠢᠶᠠᠷ ᠢᠶᠠᠨ ᠶᠡᠭᠡ ᠣᠯᠤᠯᠲᠠ ᠲᠠᠢ ᠭᠡᠵᠦ ᠢᠯᠡᠳᠬᠡᠵᠡᠭᠡᠪᠡ᠂ ᠬᠤᠶᠢᠰᠢᠳᠠ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠣᠪᠣᠷ ᠪᠠᠶᠢᠳᠠᠯ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠪᠡ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号