ᠰᠢ ᠶᠢᠨ ᠫᠢᠩ ᠡᠷᠡᠭᠦᠯᠵᠢᠯ ᠤᠨ ᠣᠯᠠᠨ ᠤᠯᠤᠰ ᠤᠨ ᠵᠠᠭᠤᠨ ᠵᠢᠯ ᠤᠨ ᠪᠠᠶᠠᠷ  ᠤᠨ ᠶᠣᠰᠣᠯᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/22
      ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠭᠰᠡᠨ ᠲᠠᠰᠢᠷᠠᠮ ᠢᠶᠠᠷ ᠪᠥᠬᠦ ᠤᠯᠤᠰ ᠤᠨ ᠥᠷᠭᠡᠨ ᠣᠯᠠᠨ ᠵᠡᠮᠳᠡᠭᠴᠦᠳ ᠵᠢᠴᠢ ᠲᠡᠳᠡᠨ ᠤ ᠲᠥᠷᠥᠯ ᠰᠠᠳᠤᠨ ᠥᠷᠭᠡᠨ ᠣᠯᠠᠨ ᠵᠡᠮᠳᠡᠭᠴᠦᠳ ᠤᠨ ᠠᠵᠢᠯᠲᠠᠨ ᠳᠤ ᠳᠣᠲᠣᠨᠣ ᠮᠡᠨᠳᠦᠴᠢᠯᠡᠯ ᠬᠦᠷᠭᠡᠪᠡ      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 21 ᠤ ᠴᠠᠬᠢᠯᠭᠠᠨ ᠮᠡᠳᠡᠭᠡ 5 ᠰᠠᠷ᠎ᠠ ᠶᠢᠨ 21 ᠤ ᠡᠳᠦᠷ᠂ ᠤᠯᠤᠰ ᠤᠨ ᠲᠡᠷᠢᠭᠦᠯᠡᠭᠴᠢ          ᠰᠢ ᠶᠢᠨ ᠫᠢᠩ ᠡᠷᠡᠭᠦᠯᠵᠢᠯ ᠤᠨ ᠣᠯᠠᠨ ᠤᠯᠤᠰ ᠤᠨ ᠵᠠᠭᠤᠨ ᠵᠢᠯ ᠤᠨ ᠪᠠᠶᠠᠷ ᠤᠨ ᠶᠣᠰᠣᠯᠠᠯ ᠳᠤ ᠪᠠᠶᠠᠷ ᠤᠨ ᠵᠠᠬᠢᠳᠠᠯ ᠢᠯᠡᠭᠡᠭᠰᠡᠨ ᠪᠥᠭᠡᠳ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠭᠰᠡᠨ ᠲᠠᠰᠢᠷᠠᠮ ᠢᠶᠠᠷ᠂ ᠪᠥᠬᠦ ᠤᠯᠤᠰ ᠤᠨ ᠥᠷᠭᠡᠨ ᠣᠯᠠᠨ ᠵᠡᠮᠳᠡᠭᠴᠦᠳ ᠵᠢᠴᠢ ᠲᠡᠳᠡᠨ ᠤ ᠲᠥᠷᠥᠯ ᠰᠠᠳᠤᠨ᠂ ᠥᠷᠭᠡᠨ ᠣᠯᠠᠨ ᠵᠡᠮᠳᠡᠭᠴᠦᠳ ᠤᠨ ᠠᠵᠢᠯᠲᠠᠨ ᠳᠤ ᠳᠣᠲᠣᠨᠣ ᠮᠡᠨᠳᠦᠴᠢᠯᠡᠯ ᠬᠦᠷᠭᠡᠵᠦ ᠂ ᠳᠤᠮᠳᠠᠳᠤ ᠤᠯᠤᠰ ᠤᠨ ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠵᠦ ᠪᠠᠶᠢᠭ᠎ᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠲᠠᠯ᠎ᠠ ᠶᠢᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ       ᠰᠢ ᠶᠢᠨ ᠫᠢᠩ᠂ ᠡᠷᠡᠭᠦᠯᠵᠢᠯ ᠤᠨ ᠣᠯᠠᠨ ᠤᠯᠤᠰ ᠪᠣᠯ ᠵᠡᠮᠳᠡᠭᠴᠦᠳ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠴᠢᠬᠤᠯᠠ ᠨᠥᠯᠥᠭᠡ ᠪᠦᠬᠦᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠᠶᠢᠵᠤ᠂ ᠵᠡᠮᠳᠡᠭᠴᠦᠳ ᠤᠨ ᠨᠡᠷ᠎ᠡ ᠬᠦᠨᠳᠦ ᠶᠢ ᠬᠠᠮᠠᠭᠠᠯᠠᠬᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ᠂ ᠵᠡᠮᠳᠡᠭᠴᠦᠳ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠪᠠ᠃ ᠳᠤᠮᠳᠠᠳᠤ ᠤᠯᠤᠰ ᠡᠷᠡᠭᠦᠯᠵᠢᠯ ᠤᠨ ᠣᠯᠠᠨ ᠤᠯᠤᠰ ᠤᠨ ᠠᠵᠢᠯ ᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠭᠵᠢᠵᠦ ᠪᠠᠶᠢᠭ᠎ᠠ ᠤᠯᠤᠰ ᠤᠳ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠡᠯᠡᠬᠡᠢ ᠨᠡᠶᠢᠭᠡᠮ ᠤᠨ ᠲᠤᠬᠠᠢ ᠬᠠᠯᠠᠮᠵᠢᠯᠠᠯ ᠢ ᠨᠡᠮᠡᠭᠳᠡᠭᠦᠯᠵᠦ᠂ ᠣᠯᠠᠨ ᠤᠯᠤᠰ ᠤᠨ ᠵᠡᠮᠳᠡᠭᠴᠦᠳ ᠤᠨ ᠦᠢᠯᠡᠰ ᠲᠤ ᠳᠤᠮᠳᠠᠳᠤ ᠤᠯᠤᠰ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ ᠣᠨᠴᠠᠭᠠᠢ ᠠᠩᠬᠠᠷᠴᠤ ᠪᠠᠶᠢᠨ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠣᠯᠠᠨ ᠤᠯᠤᠰ ᠤᠨ ᠵᠡᠮᠳᠡᠭᠴᠦᠳ ᠤᠨ ᠦᠢᠯᠡᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠦ ᠴᠢᠬᠤᠯᠠᠴᠢᠯᠠᠪᠠ᠃      ᠡᠷᠡᠭᠦᠯᠵᠢᠯ ᠤᠨ ᠣᠯᠠᠨ ᠤᠯᠤᠰ ᠤᠨ ᠵᠠᠭᠤᠨ ᠵᠢᠯ ᠤᠨ ᠪᠠᠶᠠᠷ ᠤᠨ ᠶᠣᠰᠣᠯᠠᠯ ᠢ ᠡᠷᠡᠭᠦᠯᠵᠢᠯ ᠤᠨ ᠣᠯᠠᠨ ᠤᠯᠤᠰ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠳᠠᠭᠠᠭᠠᠴᠢᠯᠠᠨ ᠡᠷᠬᠢᠯᠡᠵᠦ᠂ 21 ᠤ ᠡᠳᠦᠷ ᠪᠡᠭᠡᠵᠢᠩ ᠳᠤ ᠡᠬᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号