ᠰᠢ ᠶᠢᠨ ᠫᠢᠩ ᠱᠠᠩᠬᠠᠢ ᠬᠤᠳᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠳᠤᠷᠠᠴᠤᠳ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ — ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠡᠳᠬᠢᠯ ᠠᠴᠠ ᠪᠠᠨ ᠬᠠᠶᠢᠷᠠᠯᠠᠨ ᠰᠠᠶᠢᠲᠤᠷ ᠬᠢᠵᠦ ᠬᠤᠭ ᠨᠣᠪᠰᠢ ᠶᠢ ᠠᠩᠭᠢᠯᠠᠬᠤ ᠶᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠬᠡᠪ ᠵᠠᠩᠰᠢᠯ ᠪᠤᠯᠭᠠᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/5/23
       ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ  ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 21 ᠤ ᠡᠳᠦᠷ ᠱᠠᠩᠬᠠᠢ ᠬᠤᠳᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠲᠤᠷᠠᠴᠤᠳ ᠲᠤ ᠬᠠᠷᠢᠭᠤ ᠵᠠᠬᠢᠳᠠᠯ ᠢᠯᠡᠭᠡᠵᠦ ᠂ ᠬᠤᠭ ᠨᠣᠪᠰᠢ ᠶᠢ ᠠᠩᠭᠢᠯᠠᠬᠤ ᠠᠵᠢᠯ ᠢ ᠠᠬᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ ᠃      ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠢᠷᠡᠭᠦᠯᠦᠭᠰᠡᠨ ᠵᠠᠬᠢᠳᠠᠯ ᠢ ᠴᠢᠨᠢ ᠦᠵᠡᠭᠡᠳ ᠂ ᠲᠠᠪᠤᠨ ᠵᠢᠯ ᠤᠨ ᠡᠮᠦᠨ᠎ᠡ ᠤᠯᠠᠨ ᠲᠠᠢ ᠬᠠᠮᠲᠤ ᠬᠤᠭ ᠨᠣᠪᠰᠢ ᠶᠢ ᠠᠩᠭᠢᠯᠠᠬᠤ ᠠᠵᠢᠯ ᠤᠨ ᠪᠠᠶᠢᠳᠠᠯ ᠤᠨ ᠲᠤᠬᠠᠢ ᠶᠠᠷᠢᠯᠴᠠᠭᠰᠠᠨ ᠢᠶᠠᠨ ᠪᠤᠳᠤᠵᠤ ᠣᠯᠣᠯ᠎ᠠ ᠂ ᠲᠠ ᠨᠠᠷ ᠤᠨ ᠨᠡᠶᠢᠲᠡ ᠶᠢᠨ ᠠᠰᠠᠷᠠᠮᠵᠢ ᠶᠢᠨ ᠠᠵᠢᠯ ᠳᠤ ᠬᠠᠯᠠᠭᠤᠨ ᠰᠡᠳᠬᠢᠯᠭᠡ ᠲᠠᠢ ᠤᠷᠤᠯᠴᠠᠵᠤ ᠤᠯᠠᠨ ᠲᠦᠮᠡᠨ ᠳᠤ ᠦᠢᠯᠡᠴᠢᠯᠡᠵᠦ ᠪᠠᠶᠢᠭ᠎ᠠ ᠡᠷᠴᠢ ᠵᠣᠷᠢᠭ ᠴᠢᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ ᠃ ᠡᠨᠡ ᠬᠡᠳᠦᠨ ᠵᠢᠯ ᠤᠨ ᠤᠬᠠᠭᠤᠯᠭ᠎ᠠ ᠶᠢᠨ ᠠᠬᠢᠭᠤᠯᠤᠯ ᠳᠣᠣᠷ᠎ᠠ ᠬᠤᠭ ᠨᠣᠪᠰᠢ ᠶᠢ ᠠᠩᠭᠢᠯᠠᠬᠤ ᠠᠵᠢᠯ ᠲᠠᠨ ᠤ ᠲᠡᠨᠳᠡ ᠰᠢᠨ᠎ᠡ ᠦᠷ᠎ᠡ ᠪᠦᠲᠦᠮᠵᠢ ᠣᠯᠵᠤ ᠂ ᠰᠠᠭᠤᠭᠠᠯᠢ ᠠᠷᠠᠳ ᠤᠨ ᠪᠣᠯᠪᠠᠰᠤᠨ ᠤ ᠬᠡᠮᠵᠢᠶ᠎ᠡ ᠳᠡᠭᠡᠭᠰᠢᠯᠡᠵᠦ ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠨᠠᠩ ᠭᠤᠶᠤᠵᠢᠬᠰᠡᠨ ᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ ᠃      ᠰᠢ ᠶᠢᠨ ᠫᠢᠩ ᠂ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠪᠣᠯ ᠰᠢᠰᠲ᠋ᠧᠮᠲᠦ ᠢᠨᠵᠧᠨᠧᠷᠢᠩ ᠮᠥᠨ ᠂ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠵᠦ ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ ᠂ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ ᠃ ᠲᠠ ᠨᠠᠷ ᠦᠨᠳᠦᠰᠦᠨ ᠱᠠᠲᠤᠨ ᠤ ᠵᠠᠰᠠᠯᠲᠠ ᠳᠤᠮᠳᠠᠬᠢ ᠰᠠᠶᠢᠨ ᠲᠤᠷᠠᠴᠤᠳ ᠤᠨ ᠥᠪᠡᠷᠮᠢᠴᠡ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠡᠳᠬᠢᠯ ᠠᠴᠠ ᠪᠠᠨ ᠬᠠᠶᠢᠷᠠᠯᠠᠨ ᠰᠠᠶᠢᠲᠤᠷ ᠬᠢᠵᠦ ᠂ ᠨᠡᠩ ᠤᠯᠠᠨ ᠰᠠᠭᠤᠭᠠᠯᠢ ᠠᠷᠠᠳ ᠢ ᠲᠠᠶᠢᠴᠢᠯᠡᠨ ᠠᠩᠭᠢᠯᠠᠵᠤ ᠲᠠᠯᠪᠢᠬᠤ ᠰᠠᠶᠢᠨ ᠰᠠᠶᠢᠬᠠᠨ ᠳᠠᠳᠬᠠᠯ ᠲᠠᠢ ᠪᠤᠯᠭᠠᠵᠤ ᠂ ᠬᠤᠭ ᠨᠣᠪᠰᠢ ᠶᠢ ᠠᠩᠭᠢᠯᠠᠬᠤ ᠶᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠬᠡᠪ ᠵᠠᠩᠰᠢᠯ ᠪᠤᠯᠭᠠᠬᠤ ᠶᠢ ᠠᠬᠢᠭᠤᠯᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃      ᠶᠡᠷᠦᠩᠬᠡᠢ ᠱᠦᠵᠢ ᠰᠢ ᠶᠢᠨ ᠫᠢᠩ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠤᠶᠢᠯ ᠢᠶᠠᠷ ᠠᠩᠬᠠᠷᠴᠤ ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ ᠃ ᠣᠶᠢᠷ᠎ᠠ ᠶᠢᠨ ᠵᠢᠯ ᠳᠤ ᠮᠠᠨ ᠤ ᠤᠯᠤᠰ ᠤᠨ ᠬᠤᠭ ᠨᠣᠪᠰᠢ ᠶᠢ ᠠᠩᠭᠢᠯᠠᠬᠤ ᠠᠵᠢᠯ ᠦᠷᠭᠦᠯᠵᠢᠯᠡᠨ ᠭᠦᠨᠵᠡᠭᠡᠶᠢᠷᠡᠨ ᠠᠬᠢᠵᠤ ᠂ 297 ᠲᠤᠰᠬᠠᠢ ᠣᠷᠣᠨ ᠤ ᠲᠠᠰ ᠠᠴᠠ ᠳᠡᠭᠡᠭᠰᠢᠬᠢ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠠᠩᠭᠢᠯᠠᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ ᠂ ᠰᠠᠭᠤᠭᠠᠯᠢ ᠠᠷᠠᠳ ᠤᠨ ᠲᠣᠭᠤᠷᠢᠭ ᠤᠨ ᠳᠤᠮᠳᠠᠴᠢ ᠪᠦᠷᠬᠦᠴᠡ ᠶᠢᠨ ᠨᠣᠷᠮ᠎ᠠ 82.5% ᠳᠤ ᠬᠦᠷᠴᠡᠢ ᠃ ᠣᠶᠢᠷ᠎ᠠ ᠳᠤ ᠱᠠᠩᠬᠠᠢ ᠬᠤᠲᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠳᠤᠷᠠᠴᠤᠳ ᠤᠨ ᠲᠥᠯᠥᠭᠡᠯᠡᠭᠴᠢ ᠶᠡᠷᠦᠩᠬᠡᠢ ᠱᠦᠵᠢ ᠰᠢ  ᠶᠢᠨ ᠫᠢᠩ ᠳᠤ ᠵᠠᠬᠢᠳᠠᠯ ᠪᠢᠴᠢᠵᠦ ᠂ ᠲᠤᠬᠠᠢ ᠶᠢᠨ ᠭᠠᠵᠠᠷ ᠤᠨ ᠬᠤᠭ ᠨᠣᠪᠰᠢ ᠶᠢ ᠠᠩᠭᠢᠯᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠬᠠᠷᠢᠭᠤ ᠮᠡᠳᠡᠭᠦᠯᠵᠦ ᠂ ᠬᠤᠭ ᠨᠣᠪᠰᠢ ᠶᠢ ᠠᠩᠭᠢᠯᠠᠬᠤ ᠠᠵᠢᠯ ᠤᠨ ᠨᠠᠩ ᠶᠡᠭᠡ ᠬᠡᠪᠴᠢᠶᠡᠨ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠪᠡ ᠃   
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号