︽ᠲᠠᠷᠢᠶᠠᠯᠠᠩ ᠤᠨ ᠠᠵᠢᠯ ᠢ ᠬᠢᠬᠦ ᠳᠤ ᠦᠨᠳᠦᠰᠦ ᠰᠤᠷᠪᠤᠯᠵᠢ ᠶᠢ ᠴᠢᠬᠤᠯᠠᠴᠢᠯᠠᠵᠤ᠂ ᠤᠯᠤᠰ ᠤᠨ ᠶᠡᠷᠦᠩᠬᠡᠢ | ᠬᠥᠲᠥᠯᠪᠦᠷᠢ ᠶᠢ ᠴᠢᠬᠤᠯᠠᠴᠢᠯᠠᠨ᠎ᠠ︾᠃ 5 ᠰᠠᠷ᠎ᠠ ᠶᠢᠨ 17 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠱᠠᠨᠰᠢ | ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠳᠠᠭᠠᠨ᠄ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠳᠤ ᠬᠠᠮᠤᠭ ᠤᠨ ᠬᠠᠲᠠᠭᠤ ᠪᠡᠷᠬᠡ | ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠂ ᠡᠷᠬᠡᠪᠰᠢ ᠬᠤᠳᠠ | ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠬᠥᠳᠡᠭᠡ | ᠲᠣᠰᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠥᠭᠡᠳ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠪᠠ ᠪᠠᠶᠢᠷᠢᠯᠠᠭᠤᠯᠤᠯᠲᠠ ᠬᠢᠵᠡᠢ᠃ ᠥᠨᠥᠳᠥᠷ᠂ ᠪᠠᠭ᠎ᠠ | ᠨᠠᠶᠢᠷᠠᠭᠤᠯᠤᠯᠲᠠ ᠳᠤ ᠰᠢ ᠶᠢᠨ ᠫᠢᠩ ᠶᠡᠷᠦᠩᠬᠡᠢ ᠱᠦᠵᠢ ᠶᠢᠨ ᠬᠤᠯᠪᠣᠭᠳᠠᠯ ᠪᠦᠬᠦᠢ ᠬᠡᠰᠡᠭ ᠴᠢᠬᠤᠯᠠ | ᠥᠭᠦᠯᠡᠯᠲᠡ ᠶᠢ ᠡᠮᠬᠢᠯᠡᠨ ᠳᠢᠭᠯᠡᠵᠦ᠂ ᠲᠠᠨ ᠢ ᠤᠷᠢᠵᠤ ᠬᠠᠮᠲᠤ ᠪᠠᠷ ᠰᠤᠷᠤᠯᠴᠠᠨ ᠤᠬᠠᠪᠤᠷᠢᠯᠠᠭᠤᠯᠤᠨᠠ᠃ | ᠭᠠᠭᠴᠠ ᠬᠦ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠢ ᠭᠦᠨᠵᠡᠭᠡᠢ ᠣᠶᠢᠯᠠᠭᠠᠪᠠᠯ ᠰᠠᠶ᠋ᠢ | ᠮᠠᠨ ᠤ ᠡᠨᠡ ᠬᠦ ᠨᠠᠮ᠂ ᠡᠨᠡ ᠬᠦ ᠤᠯᠤᠰ᠂ ᠡᠨᠡ ᠬᠦ ᠦᠨᠳᠦᠰᠦᠲᠡᠨ ᠢ ᠨᠡᠩ ᠰᠠᠶᠢᠲᠤᠷ ᠣᠶᠢᠯᠠᠭᠠᠵᠤ ᠴᠢᠳᠠᠨ᠎ᠠ | ︽ᠲᠠᠷᠢᠶᠠᠯᠠᠩ ᠪᠣᠯ ᠳᠡᠯᠡᠬᠡᠢ ᠳ᠋ᠠᠬᠢᠨ ᠤ ᠦᠨᠳᠦᠰᠦ ᠮᠥᠨ᠂ ᠶᠠᠭᠤᠨ ᠠᠴᠠ ᠴᠤ ᠶᠡᠭᠡ ᠶᠠᠪᠤᠳᠠᠯ ᠮᠥᠨ︾᠃ | ︽ᠲᠠᠷᠢᠶᠠᠯᠠᠩ ᠤᠨ ᠠᠵᠢᠯ ᠢ ᠬᠢᠬᠦ ᠳᠤ ᠦᠨᠳᠦᠰᠦ ᠰᠤᠷᠪᠤᠯᠵᠢ ᠶᠢ ᠴᠢᠬᠤᠯᠠᠴᠢᠯᠠᠵᠤ᠂ ᠤᠯᠤᠰ ᠤᠨ ᠶᠡᠷᠦᠩᠬᠡᠢ | ᠬᠥᠲᠥᠯᠪᠦᠷᠢ ᠶᠢ ᠴᠢᠬᠤᠯᠠᠴᠢᠯᠠᠨ᠎ᠠ᠃︾ ᠲᠠᠷᠢᠶᠠᠯᠠᠩ ᠪᠣᠯ ᠤᠯᠤᠰ ᠬᠦᠷᠦᠨ ᠤ ᠦᠨᠳᠦᠰᠦ ᠮᠥᠨ᠂ ᠦᠨᠳᠦᠰᠦ | ᠪᠠᠬᠢᠵᠢᠵᠦ ᠤᠯᠤᠰ ᠬᠦᠷᠦᠨ ᠤ ᠠᠮᠤᠷ ᠠᠮᠤᠭᠤᠯᠠᠩ ᠪᠣᠯᠬᠤ ᠶᠢ ᠲᠡᠦᠬᠡ ᠪᠠ ᠪᠣᠳᠠᠲᠤ ᠪᠠᠶᠢᠳᠠᠯ ᠴᠥᠮ ᠪᠢᠳᠡᠨ ᠳᠤ | ᠬᠡᠯᠡᠵᠦ ᠥᠭᠭᠦᠭᠰᠡᠨ ᠶᠤᠮ᠃ ᠪᠢᠳᠡ ᠶᠡᠭᠡ ᠲᠡᠦᠬᠡ ᠶᠢᠨ ᠦᠵᠡᠯᠲᠡ ᠪᠠᠷ ᠲᠠᠷᠢᠶᠠᠯᠠᠩ᠂ ᠬᠥᠳᠡᠭᠡ ᠲᠣᠰᠬᠤᠨ᠂ | ᠲᠠᠷᠢᠶᠠᠴᠢᠨ ᠤ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠬᠤ ᠬᠡᠷᠡᠭᠲᠡᠢ᠂ ᠭᠠᠭᠴᠠ ᠬᠦ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠠᠰᠠᠭᠤᠳᠠᠯ ᠢ ᠭᠦᠨᠵᠡᠭᠡᠢ ᠣᠶᠢᠯᠠᠭᠠᠪᠠᠯ ᠰᠠᠶ᠋ᠢ ᠮᠠᠨ ᠤ ᠡᠨᠡ ᠬᠦ ᠨᠠᠮ᠂ ᠡᠨᠡ ᠬᠦ ᠤᠯᠤᠰ᠂ ᠡᠨᠡ ᠬᠦ | ᠦᠨᠳᠦᠰᠦᠲᠡᠨ ᠢ ᠨᠡᠩ ᠰᠠᠶᠢᠲᠤᠷ ᠣᠶᠢᠯᠠᠭᠠᠵᠤ ᠴᠢᠳᠠᠨ᠎ᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ | ᠲᠣᠰᠬᠤᠨ ᠳᠤ ᠪᠠᠶᠢᠵᠤ᠂ ᠬᠠᠮᠤᠭ ᠤᠨ ᠥᠷᠭᠡᠨ ᠳᠡᠯᠭᠡᠷ ᠬᠠᠮᠤᠭ ᠤᠨ ᠭᠦᠨ ᠵᠤᠵᠠᠭᠠᠨ ᠰᠠᠭᠤᠷᠢ ᠮᠥᠨ ᠯᠡ ᠬᠥᠳᠡᠭᠡ | ᠲᠣᠰᠬᠤᠨ ᠳᠤ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ | —— 2020 ᠣᠨ ᠤ 12 ᠰᠠᠷ᠎ᠠ ᠶᠢᠨ 28 ᠤ ᠡᠳᠦᠷ᠂ ᠰᠢ ᠶᠢᠨ ᠫᠢᠩ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ ᠬᠡᠯᠡᠭᠰᠡᠨ ᠦᠭᠡ | ᠲᠠᠷᠢᠶᠠᠴᠢᠳ ᠤᠨ ᠬᠥᠳᠡᠭᠡ ᠲᠣᠰᠬᠤᠨ ᠤ ᠬᠠᠮᠲᠤᠪᠠᠷ ᠪᠠᠶᠠᠵᠢᠬᠤ ᠶᠢ ᠠᠬᠢᠭᠤᠯᠤᠨ᠎ᠠ᠃ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ | ᠬᠥᠳᠡᠭᠡ ᠲᠣᠰᠬᠤᠨ ᠳᠤ ᠪᠠᠶᠢᠨ᠎ᠠ᠃ ᠬᠥᠳᠡᠭᠡ ᠲᠣᠰᠬᠤᠨ ᠤ ᠬᠠᠮᠲᠤ ᠪᠠᠷ ᠴᠢᠨᠡᠭᠡᠯᠢᠭᠵᠢᠬᠦ ᠠᠵᠢᠯ ᠢ ᠴᠢᠩᠭ᠎ᠠ | ᠠᠳᠬᠤᠬᠤ ᠬᠡᠷᠡᠭᠲᠡᠢ᠂ ᠭᠡᠪᠡᠴᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠰᠢᠭ ᠢᠶᠠᠷ | ᠨᠢᠭᠡᠳᠦᠯᠲᠡᠢ ᠬᠡᠮᠵᠢᠶᠡᠵᠢᠭᠦᠯᠦᠭᠰᠡᠨ ᠭᠦᠢᠴᠡᠳᠬᠡᠬᠦ ᠲᠤᠭ᠎ᠠ ᠶᠢ ᠳᠤᠷᠠᠳᠴᠤ ᠪᠣᠯᠬᠤ ᠦᠭᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠠᠬᠢᠨ | ᠶᠠᠳᠠᠭᠤᠷᠠᠬᠤ ᠠᠴᠠ ᠪᠣᠯᠵᠤ ᠶᠠᠳᠠᠭᠤᠷᠠᠬᠤ ᠬᠥᠮᠥᠨ ᠠᠮᠠ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠡᠷᠲᠡ ᠠᠴᠠ ᠭᠠᠷ | ᠲᠦᠷᠦᠵᠤ᠂ ᠶᠠᠳᠠᠭᠤ ᠠᠴᠠ ᠠᠩᠭᠢᠵᠢᠷᠠᠭᠰᠠᠨ ᠰᠢᠶᠠᠨ ᠢ ᠲᠡᠳᠬᠦᠵᠦ ᠪᠠᠶᠢᠭᠠᠳ ᠨᠢᠭᠡ ᠵᠠᠮ ᠬᠦᠷᠭᠡᠵᠦ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠪᠠᠶᠢᠳᠠᠯ ᠭᠠᠷᠬᠤ ᠦᠭᠡᠢ | ᠪᠠᠶᠢᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠬᠥᠳᠡᠭᠡ ᠠᠵᠤ ᠠᠬᠤᠢ ᠶᠢᠨ ᠠᠵᠤ ᠦᠢᠯᠡᠰᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠡᠳ᠋ | ᠬᠥᠷᠥᠩᠭᠡ ᠶᠢ ᠠᠮᠢᠳᠤᠯᠢᠭ ᠪᠣᠯᠭᠠᠵᠤ᠂ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠵᠦ᠂ ᠨᠡᠩ ᠤᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠢ ᠠᠵᠢᠯᠴᠢ ᠬᠥᠳᠡᠯᠮᠦᠷᠢᠴᠢ ᠪᠠᠷ | ᠪᠠᠶᠠᠵᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ | —— 2021 ᠣᠨ ᠤ 8 ᠰᠠᠷ᠎ᠠ ᠶᠢᠨ 17 ᠤ ᠡᠳᠦᠷ᠂ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠠᠷᠪᠠᠳᠤᠭᠠᠷ ᠬᠤᠷᠠᠯᠳᠤᠭᠠᠨ ᠳᠡᠭᠡᠷ᠎ᠡ ᠬᠡᠯᠡᠭᠰᠡᠨ ᠦᠭᠡ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠠᠮᠲᠤ ᠪᠠᠷ | ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ | ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠬᠤ ᠪᠣᠯᠬᠤᠷ ᠡᠷᠬᠡᠪᠰᠢ ᠬᠤᠲᠠ ᠬᠥᠳᠡᠭᠡ ᠶᠢᠨ | ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ | ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ | ᠠᠬᠢᠭᠤᠯᠵᠤ᠂ ᠰᠢᠶᠠᠨ ᠤ ᠬᠤᠲᠠ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠪᠠ ᠰᠠᠭᠤᠷᠢ ᠣᠯᠠᠨ ᠨᠡᠶᠢᠲᠡ ᠶᠢᠨ ᠦᠢᠯᠡᠴᠢᠯᠡᠭᠡᠨ᠂ ᠠᠵᠤ | ᠦᠢᠯᠡᠰ ᠤᠨ ᠢᠵᠢ ᠪᠦᠷᠢᠳᠦᠭᠦᠯᠬᠦ ᠴᠢᠳᠠᠮᠵᠢ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ | ᠵᠠᠰᠠᠬᠤ ᠴᠢᠳᠠᠪᠤᠷᠢ ᠶᠢ ᠴᠢᠩᠭᠠᠷᠠᠭᠤᠯᠵᠤ᠂ ᠰᠢᠶᠠᠨ ᠤ ᠬᠤᠲᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠳᠤ ᠦᠵᠡᠭᠦᠯᠬᠦ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ | ᠲᠦᠯᠬᠢᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ | ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭᠲᠤ | ᠳᠦᠷᠰᠦ ᠪᠠᠶᠢᠳᠠᠯ ᠤᠨ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠣᠶᠢᠵᠢᠭᠤᠯᠤᠨ᠎ᠠ᠃ | ᠬᠥᠳᠡᠯᠦᠩᠭᠦᠢ ᠪᠠᠷ ᠬᠢᠨᠠᠨ ᠬᠡᠮᠵᠢᠬᠦ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ | ᠣᠷᠣᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ | ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠢᠵᠠᠭᠠᠷ ᠱᠤᠭᠤᠮ ᠢ ᠡᠷᠡᠰ ᠪᠠᠲᠤ ᠰᠠᠬᠢᠨ᠎ᠠ᠃ | —— 2023 ᠣᠨ ᠤ 5 ᠰᠠᠷ᠎ᠠ ᠶᠢᠨ 17 ᠤ ᠡᠳᠦᠷ᠂ ᠰᠢ ᠶᠢᠨ ᠫᠢᠩ ᠱᠠᠨᠰᠢ ᠮᠤᠵᠢ ᠶᠢᠨ ᠨᠠᠮ ᠤᠨ | ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ | ᠢᠩᠭᠢᠵᠦ ᠴᠢᠬᠤᠯᠠᠴᠢᠯᠠᠪᠠ | ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠶᠡᠭᠡ ᠡᠭᠦᠷᠭᠡ ᠪᠣᠯᠣᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠤᠶ ᠪᠣᠯᠭᠠᠭᠰᠠᠨ ᠠᠴᠠ ᠪᠣᠯᠤᠭᠰᠠᠨ ᠰᠢᠨ᠎ᠡ ᠪᠠᠶᠢᠳᠠᠯ ᠤᠨ ᠲᠣᠭᠤᠷᠢᠨ ᠳᠤ ᠳᠤᠷᠠᠳᠤᠭᠰᠠᠨ ᠰᠢᠨ᠎ᠡ | ᠱᠠᠭᠠᠷᠳᠠᠯᠭ᠎ᠠ ᠶᠢᠨ ᠲᠣᠭᠤᠷᠢᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠠᠮ ᠢᠶᠠᠷ ᠵᠠᠮᠨᠠᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠶᠢ | ᠦᠷᠭᠦᠯᠵᠢᠯᠡᠨ ᠪᠠᠭᠠᠰᠬᠠᠵᠤ᠂ ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠳᠤ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠣᠳᠣᠬᠢᠴᠢᠯᠠᠯᠲᠠ ᠶᠢᠨ ᠶᠠᠪᠤᠴᠠ ᠳᠤ | ᠡᠩᠨᠡᠭᠡ ᠠᠴᠠ ᠪᠠᠨ ᠬᠤᠴᠣᠷᠤᠭᠤᠯᠬᠤ ᠦᠭᠡᠢ ᠪᠠᠶᠢᠬᠤ ᠬᠡᠷᠡᠭᠲᠡᠢ᠃ | —— 2021 ᠣᠨ ᠤ 2 ᠰᠠᠷ᠎ᠠ ᠶᠢᠨ 25 ᠤ ᠡᠳᠦᠷ᠂ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ | ᠳᠡᠭᠡᠷ᠎ᠡ ᠬᠡᠯᠡᠭᠰᠡᠨ ᠦᠭᠡ | ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠡᠯᠧᠮᠧᠨ᠋ᠲ ᠤᠨ ᠰᠢᠯᠵᠢᠯᠲᠡ ᠶᠢ | ᠰᠢᠯᠤᠭᠤᠳᠬᠠᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠬᠥᠳᠡᠭᠡ | ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠬᠥᠭᠵᠢᠯ | ᠮᠠᠨᠳᠤᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ | ᠲᠠᠯ᠎ᠠ ᠪᠠᠷ ᠪᠠᠬᠢᠵᠢᠭᠦᠯᠵᠦ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ | ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠠᠯᠬᠤᠮ ᠠᠯᠬᠤᠮ ᠢᠶᠠᠷ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠤᠨᠤᠭ | ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ | ᠣᠷᠣᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ | ᠲᠣᠭᠲᠠᠴᠠ ᠶᠢ ᠪᠦᠷᠢᠨᠰᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ | ᠡᠵᠡᠮᠳᠡᠬᠦ ᠶᠢ ᠪᠠᠲᠤᠯᠠᠬᠤ ᠬᠡᠷᠡᠭᠲᠡᠢ᠃ | —— 2022 ᠣᠨ ᠤ 10 ᠰᠠᠷ᠎ᠠ ᠶᠢᠨ 16 ᠤ ᠡᠳᠦᠷ᠂ ᠰᠢ ᠶᠢᠨ ᠫᠢᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ | ᠬᠢᠭᠰᠡᠨ ᠢᠯᠡᠳᠬᠡᠯ | ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠡᠭᠡ ᠬᠠᠨᠳᠤᠰᠢ ᠳᠤ ᠵᠣᠬᠢᠴᠠᠵᠤ᠂ ᠬᠤᠳᠠ ᠬᠥᠳᠡᠭᠡ ᠶᠢᠨ | ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠬᠦ ᠶᠢ ᠬᠠᠷᠰᠢᠯᠠᠵᠤ ᠪᠠᠶᠢᠭ᠎ᠠ | ᠳᠦᠷᠢᠮ ᠤᠨ ᠬᠤᠷᠢᠭ᠎ᠠ ᠶᠢ ᠡᠪᠳᠡᠵᠦ᠂ ᠬᠥᠭᠵᠢᠯᠲᠡ ᠶᠢᠨ ᠡᠯᠧᠮᠧᠨ᠋ᠲ ᠢ ᠠᠬᠢᠭᠤᠯᠵᠤ᠂ ᠡᠯ᠎ᠡ ᠲᠦᠷᠦᠯ ᠤᠨ | ᠦᠢᠯᠡᠴᠢᠯᠡᠭᠡ ᠶᠢ ᠨᠡᠩ ᠤᠯᠠᠨ ᠬᠥᠳᠡᠭᠡ ᠪᠠᠭᠤᠯᠭᠠᠨ᠂ ᠤᠷᠢᠳᠠᠪᠠᠷ ᠰᠢᠶᠠᠨ ᠤ ᠬᠡᠪᠴᠢᠶᠡᠨ ᠳᠤ ᠬᠤᠳᠠ ᠬᠥᠳᠡᠭᠡ ᠶᠢᠨ | ᠬᠤᠶᠠᠷ ᠡᠰᠢᠲᠦ ᠪᠦᠲᠦᠴᠡ ᠶᠢ ᠡᠪᠳᠡᠬᠦ ᠬᠡᠷᠡᠭᠲᠡᠢ᠃ ᠨᠡᠶᠢᠭᠡᠮ ᠤᠨ ᠬᠥᠷᠥᠩᠭᠡ ᠶᠢᠨ ᠬᠥᠳᠡᠭᠡ ᠪᠠᠭᠤᠵᠤ | ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠣᠯᠬᠤ ᠶᠢ ᠵᠣᠷᠢᠭᠵᠢᠭᠤᠯᠬᠤ ᠬᠡᠷᠡᠭᠲᠡᠢ᠂ ᠭᠡᠪᠡᠴᠦ ᠲᠠᠷᠢᠶᠠᠯᠠᠩ ᠢ | ᠡᠵᠡᠩᠨᠡᠬᠦ᠂ ᠲᠠᠷᠢᠶᠠᠴᠢᠳ ᠲᠤ ᠠᠰᠢᠭ ᠬᠦᠷᠲᠡᠭᠡᠬᠦ ᠦᠨᠳᠦᠰᠦᠨ ᠱᠠᠭᠠᠷᠳᠠᠯᠭ᠎ᠠ ᠶᠢ ᠡᠷᠬᠡᠪᠰᠢ ᠪᠠᠲᠤ ᠰᠠᠬᠢᠵᠤ᠂ ᠮᠣᠷᠢ | ᠳᠠᠪᠬᠢᠵᠤ ᠭᠠᠵᠠᠷ ᠬᠦᠷᠢᠶᠡᠯᠡᠬᠦ ᠶᠢ ᠰᠡᠷᠭᠡᠶᠢᠯᠡᠬᠦ ᠬᠡᠷᠡᠭᠲᠡᠢ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ | ᠬᠤᠳᠠ ᠶᠢᠨ ᠠᠷᠠᠳ ᠪᠣᠯᠭᠠᠬᠤ ᠶᠢ ᠲᠦᠷᠭᠡᠳᠬᠡᠵᠦ᠂ ᠪᠠᠶᠢᠩᠭᠤ ᠰᠠᠭᠤᠭ᠎ᠠ ᠭᠠᠵᠠᠷ ᠤᠨ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠬᠠᠩᠭᠠᠬᠤ ᠳᠦᠷᠢᠮ ᠢ ᠪᠦᠷᠢᠨᠰᠢᠭᠦᠯᠵᠦ᠂ ᠬᠤᠳᠠ ᠳᠤ ᠣᠷᠣᠵᠤ ᠪᠣᠯᠬᠤ ᠬᠤᠳᠠ ᠳᠤ | ᠣᠷᠣᠬᠤ ᠳᠤᠷᠠᠲᠠᠢ ᠶᠢ ᠨᠢ ᠬᠤᠳᠠ ᠳᠤ ᠨᠡᠩ ᠲᠦᠷᠭᠡᠨ ᠨᠡᠩ ᠰᠠᠶᠢᠨ ᠢᠶᠠᠷ ᠠᠭᠤᠰᠤᠯᠴᠠᠭᠤᠯᠬᠤ ᠬᠡᠷᠡᠭᠲᠡᠢ᠃ ᠡᠭᠦᠨ ᠤ | ᠬᠠᠮᠲᠤ᠂ ᠬᠤᠲᠠ ᠳᠤ ᠡᠷᠦᠬᠡ ᠠᠮᠠ ᠣᠷᠣᠭᠰᠠᠨ ᠲᠠᠷᠢᠶᠠᠴᠢᠳ ᠤᠨ ᠭᠠᠵᠠᠷ ᠰᠢᠷᠣᠢ ᠵᠡᠷᠭᠡ ᠬᠠᠤᠯᠢ ᠶᠣᠰᠣᠨ ᠤ ᠡᠷᠬᠡ | ᠠᠰᠢᠭ ᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠶᠢ | ᠵᠣᠷᠢᠭᠵᠢᠭᠤᠯᠬᠤ ᠬᠡᠷᠡᠭᠲᠡᠢ᠃ | —— 2022 ᠣᠨ ᠤ 12 ᠰᠠᠷ᠎ᠠ ᠶᠢᠨ 23 ᠤ ᠡᠳᠦᠷ᠂ ᠰᠢ ᠶᠢᠨ ᠫᠢᠩ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ ᠬᠡᠯᠡᠭᠰᠡᠨ ᠦᠭᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠵᠣᠯᠭᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠢ | ᠣᠳᠣᠬᠢᠴᠢᠯᠠᠯᠲᠠ ᠶᠢᠨ ᠵᠠᠮ ᠢᠶᠠᠷ ᠤᠷᠤᠭᠰᠢᠯᠠᠭᠤᠯᠵᠤ᠂ ᠶᠠᠪᠤᠬᠤ ᠲᠤᠳᠤᠮ ᠥᠭᠡᠳᠡᠯᠡᠬᠦ ᠵᠠᠮ ᠲᠠᠢ ᠪᠣᠯᠭᠠᠨ᠎ᠠ | ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ | ᠮᠠᠨᠳᠤᠭᠤᠯᠬᠤ ᠬᠡᠷᠡᠭᠲᠡᠢ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ | ᠵᠠᠮ ᠳᠤ ᠣᠷᠣᠬᠤ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠭᠤᠣᠯᠳᠠᠯᠭ᠎ᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠰᠢ | ᠲᠡᠦᠬᠡᠲᠦ ᠴᠢᠨᠠᠷᠲᠠᠢ ᠰᠢᠯᠵᠢᠭᠦᠯᠪᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠤᠭᠤᠳ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ | ᠪᠣᠳᠣᠯᠭ᠎ᠠ ᠴᠢᠭᠯᠡᠯᠲᠡ ᠪᠣᠯᠣᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠲᠠᠷᠢᠶᠠᠯᠠᠩ | ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠨ᠂ ᠥᠷᠭᠡᠨ ᠤᠯᠠᠨ ᠲᠠᠷᠢᠶᠠᠴᠢᠳ ᠤᠨ ᠠᠮᠢᠳᠤᠷᠠᠯ ᠢ ᠡᠳᠦᠷ ᠠᠴᠠ ᠡᠳᠦᠷ | ᠥᠭᠡᠳᠡᠯᠡᠨ ᠰᠠᠶᠢᠵᠢᠷᠠᠭᠤᠯᠬᠤ ᠬᠡᠷᠡᠭᠲᠡᠢ᠃ | ︱ 2021 ᠣᠨ ᠤ 9 ᠰᠠᠷ᠎ᠠ ᠶᠢᠨ 22 ᠤᠨ ᠡᠳᠦᠷ᠂ ᠰᠢ ᠶᠢᠨ ᠫᠢᠩ ᠪᠥᠬᠦ ᠤᠯᠤᠰ ᠤᠨ ᠥᠷᠭᠡᠨ ᠣᠯᠠᠨ | ᠲᠠᠷᠢᠶᠠᠴᠢᠨ ᠪᠣᠯᠣᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠳᠡᠭᠡᠷ᠎ᠡ | ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ | ᠳᠡᠪᠰᠢᠭᠦᠯᠪᠡ | ᠪᠢᠳᠡᠨ ᠤ ᠶᠠᠪᠤᠬᠤ ᠵᠠᠮ ᠪᠠᠰᠠ ᠮᠠᠰᠢ ᠤᠷᠳᠤ ᠪᠠᠶᠢᠭᠰᠠᠭᠠᠷ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠢᠨ᠎ᠡ ᠠᠶᠠᠨ ᠨᠢᠭᠡᠨᠲᠡ ᠡᠬᠢᠯᠡᠪᠡ᠂ ᠪᠢᠳᠡ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠣᠳᠣᠬᠢᠴᠢᠯᠠᠯᠲᠠ ᠨᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠠᠴᠠ ᠰᠠᠯᠵᠤ ᠴᠢᠳᠠᠬᠤ | ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠵᠣᠯᠭᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠢ | ᠣᠳᠣᠬᠢᠴᠢᠯᠠᠯᠲᠠ ᠲᠡᠰᠢ ᠤᠷᠤᠭᠰᠢᠯᠠᠭᠤᠯᠵᠤ᠂ ᠶᠠᠪᠤᠬᠤ ᠲᠤᠳᠤᠮ ᠥᠭᠡᠳᠡᠯᠡᠬᠦ ᠵᠠᠮ ᠲᠠᠢ ᠪᠣᠯᠭᠠᠬᠤ ᠬᠡᠷᠡᠭᠲᠡᠢ᠃ | —— 2022 ᠣᠨ ᠤ 1 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠰᠢ ᠶᠢᠨ ᠫᠢᠩ | ᠱᠠᠨ ᠰᠢ ᠳᠤ ᠬᠦᠷᠴᠦ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠢ ᠪᠣᠯᠭᠤᠭᠠᠨ ᠲᠣᠬᠤᠨᠢᠭᠤᠯᠬᠤ ᠳᠠᠭᠠᠨ | ᠬᠡᠯᠡᠭᠰᠡᠨ ᠦᠭᠡ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠨ ᠠᠨ ᠤ ᠵᠣᠷᠢᠭ | ᠰᠠᠨᠠᠭ᠎ᠠ ᠪᠣᠯᠣᠨ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ | —— 2022 ᠣᠨ ᠤ 10 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠰᠢ ᠶᠢᠨ ᠫᠢᠩ | ᠱᠠᠨᠰᠢ ᠮᠤᠵᠢ ᠶᠢᠨ ᠶᠠᠨ ᠠᠨ ᠬᠤᠳᠠ᠂ ᠾᠧᠨᠠᠨ ᠮᠤᠵᠢ ᠶᠢᠨ ᠠᠨᠶᠠᠩ ᠬᠤᠳᠠ ᠳᠤ ᠠᠵᠢᠯ ᠪᠠᠶᠢᠴᠠᠭᠠᠬᠤ ᠳᠠᠭᠠᠨ | ᠬᠡᠯᠡᠭᠰᠡᠨ ᠦᠭᠡ | |