ᠲᠠᠩ ᠷᠧᠨ ᠵᠢᠶᠠᠨ ᠵᠧᠵᠢᠶᠠᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠳ᠋ᠦᠩᠨᠡᠨ ᠶᠡᠬᠡᠪᠡᠷ ᠳᠡᠯᠭᠡᠷᠡᠭᠦᠯᠵᠦ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠬᠥᠲᠥᠯᠥᠨ ᠳᠠᠭᠠᠭᠤᠯᠵᠤ ᠵᠢᠯᠤᠭᠤᠳᠬᠤ ᠬᠡᠷᠡᠭᠲᠡᠢ
ᠨᠡᠶᠢᠲᠡᠯᠡᠭᠰᠡᠨ ᠴᠠᠭ᠄
2023/5/24
      5 ᠰᠠᠷ᠎ᠠ ᠶᠢᠨ 21 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠲᠠᠩ ᠷᠧᠨ ᠵᠢᠶᠠᠨ ᠵᠧᠵᠢᠶᠠᠩ ᠤᠨ ᠬᠠᠩᠵᠧᠦ ᠳᠤ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ  ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ ᠣᠶᠢᠯᠠᠭᠠᠭᠳᠠᠬᠤᠨ ᠠᠷᠭ᠎ᠠ ᠶᠢ ᠭᠦᠨᠵᠡᠭᠡᠢ ᠳ᠋ᠦᠩᠨᠡᠨ ᠪᠣᠯᠪᠠᠰᠤᠷᠠᠭᠤᠯᠵᠤ᠂ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠶᠢ ᠬᠥᠲᠥᠯᠥᠨ ᠵᠢᠯᠤᠭᠤᠳᠴᠤ ᠵᠢᠯᠤᠭᠤᠳᠬᠤ ᠬᠡᠷᠡᠭᠲᠡᠢ᠃     ︽ᠮᠢᠩᠭᠠᠨ ᠲᠦᠮᠡᠨ ᠢᠨᠵᠧᠨᠧᠷᠢᠩ ᠤᠨ ᠢᠨᠵᠧᠨᠧᠷᠢᠩ︾ ᠤᠨ ᠴᠢᠬᠤᠯᠠ ᠡᠭᠦᠰᠦᠯ ᠤᠨ ᠭᠠᠵᠠᠷ ᠪᠣᠯᠬᠤ ᠬᠠᠩᠵᠧᠦ ᠬᠤᠲᠠ ᠶᠢᠨ ᠰᠢᠶᠤᠤᠱᠠᠨ ᠲᠣᠭᠤᠷᠢᠭ ᠤᠨ ᠭᠤᠸᠠ ᠯᠢ ᠪᠠᠯᠭᠠᠰᠤᠨ ᠤ ᠮᠧᠶ ᠯᠢᠨ ᠲᠣᠰᠬᠤᠨ ᠳᠤ᠂ ᠲᠠᠩ ᠷᠧᠨ ᠵᠢᠶᠠᠨ ᠵᠧᠵᠢᠶᠠᠩ ᠤᠨ︽ᠮᠢᠩᠭᠠᠨ ᠲᠦᠮᠡᠨ ᠢᠨᠵᠧᠨᠧᠷᠢᠩ︾ ᠢ ᠬᠡᠷᠡᠭᠵᠢᠭᠦᠯᠦᠭᠰᠡᠨ 20 ᠵᠢᠯ ᠤᠨ ᠤᠢ ᠶᠢᠨ ᠲᠤᠷᠰᠢᠯᠭ᠎ᠠ ᠠᠷᠭ᠎ᠠ ᠬᠢᠳᠡᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠠᠷᠭ᠎ᠠ ᠬᠢᠳᠡᠯ᠂ ᠤᠨᠤᠯ ᠤᠨ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠠᠴᠢ ᠬᠤᠯᠪᠣᠭᠳᠠᠯ ᠤᠨ ᠲᠤᠬᠠᠢ ᠵᠧᠵᠢᠶᠠᠩ ᠮᠤᠵᠢ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠢᠩᠬᠢᠮ᠂ ᠰᠢᠶᠤᠤᠱᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ᠂ ᠭᠤᠷᠪᠠᠨ ᠲᠠᠷᠢᠶᠠᠯᠠᠩ ᠤᠨ ᠠᠰᠠᠭᠤᠳᠠᠯ ᠤᠨ ᠲᠤᠰᠬᠠᠢ ᠮᠡᠷᠭᠡᠵᠢᠯᠲᠡᠨ᠂ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢ ᠲᠠᠢ ᠰᠠᠨᠠᠯ ᠢᠶᠠᠨ ᠰᠣᠯᠢᠯᠴᠠᠪᠠ᠃     ᠲᠠᠩ ᠷᠧᠨ ᠵᠢᠶᠠᠨ ᠣᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠄ ︽ᠮᠢᠩᠭᠠᠨ ᠲᠦᠮᠡ ᠶᠢᠨ ᠢᠨᠵᠧᠨᠧᠷᠢᠩ︾ ᠪᠣᠯ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠳᠠᠭᠠᠨ ᠪᠡᠶ᠎ᠡ ᠪᠠᠷ ᠢᠶᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠃ 20 ᠵᠢᠯ ᠤᠨ ᠲᠤᠷᠰᠢ ᠵᠧᠵᠢᠶᠠᠩ ᠤᠨ ᠬᠢᠨ ᠤᠷᠲᠤ ᠬᠤᠭᠤᠴᠠᠭ᠎ᠠ  ᠪᠠᠷ ᠲᠦᠯᠬᠢᠨ ᠠᠬᠢᠭᠤᠯᠵᠤ᠂ ᠲᠡᠦᠬᠡᠲᠦ ᠴᠢᠨᠠᠷᠲᠠᠢ᠂ ᠨᠡᠭᠡᠭᠡᠯᠲᠡ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠭᠦᠨᠵᠡᠭᠡᠢ ᠲᠠᠬᠢᠨ ᠴᠣᠭᠴᠠᠯᠠᠵᠤ᠂ ᠬᠤᠳᠠ ᠬᠥᠳᠡᠭᠡ ᠶᠢᠨ ᠠᠭᠤᠰᠤᠯᠴᠠᠯ ᠲᠤᠰ ᠲᠤᠰ ᠲᠠᠭᠠᠨ ᠭᠤᠶᠤ ᠰᠠᠶᠢᠬᠠᠨ ᠪᠣᠯᠵᠤ᠂ ᠲᠠᠷᠢᠶᠠᠴᠢᠳ ᠤᠨ ᠳᠦᠷᠰᠦ ᠪᠠᠶᠢᠳᠠᠯ ᠢ ᠲᠤᠶᠢᠯᠪᠤᠷᠢᠲᠠᠢ ᠬᠤᠪᠢᠷᠠᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠴᠢᠳᠠᠯ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠢᠵᠠᠭᠠᠯᠠᠰᠢ ᠦᠭᠡᠢ ᠳᠠᠪᠠᠭᠤᠯᠢᠭ ᠢ ᠢᠯᠡᠷᠡᠭᠦᠯᠪᠡ᠃ ︽ᠮᠢᠩᠭᠠᠨ ᠲᠦᠮᠡᠨ ᠢᠨᠵᠧᠨᠧᠷᠢᠩ︾ ᠢ ᠬᠡᠷᠡᠭᠵᠢᠭᠦᠯᠦᠭᠰᠡᠨ ᠶᠠᠪᠤᠴᠠ᠂ ᠯᠤᠲᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠦᠨ ᠳ᠋ᠦᠩᠨᠡᠬᠦ ᠶᠠᠪᠤᠴᠠ ᠳᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠮᠢᠩᠭᠠᠨ ᠲᠦᠮᠡᠨ ᠢᠨᠵᠧᠨᠧᠷᠢᠩ︾  ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠮᠢᠩᠭᠠᠨ ᠲᠦᠮᠡᠨ ᠢᠨᠵᠧᠨᠧᠷᠢᠩ︾  ᠤᠨ ᠲᠤᠷᠰᠢᠯᠭ᠎ᠠ ᠶᠢ ᠰᠠᠶᠢᠲᠤᠷ ᠳ᠋ᠦᠩᠨᠡᠨ ᠪᠣᠯᠪᠠᠰᠤᠷᠠᠭᠤᠯᠵᠤ᠂ ᠰᠠᠶᠢᠲᠤᠷ ᠤᠬᠠᠭᠤᠯᠤᠨ ᠳᠡᠯᠭᠡᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠢᠰᠲ᠋ᠥᠮ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠡᠭᠦᠨ ᠢᠶᠠᠷ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠬᠥᠲᠥᠯᠥᠨ ᠵᠢᠯᠤᠭᠤᠳᠬᠤ ᠬᠡᠷᠡᠭᠲᠡᠢ᠃     ᠲᠠᠩ ᠷᠧᠨ ᠵᠢᠶᠠᠨ ᠴᠢᠬᠤᠯᠠᠴᠢᠯᠠᠭᠰᠠᠨ ᠨᠢ᠂ ︽ᠮᠢᠩᠭᠠᠨ ᠲᠦᠮᠡᠨ ᠋ ᠤ ᠢᠨᠵᠧᠨᠧᠷᠢᠩ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢᠨ ᠮᠥᠷᠡᠨ  ᠤ ᠡᠬᠡ ᠭᠠᠵᠠᠷ ᠲᠠᠬᠢ ᠠᠮᠢᠳᠤᠯᠢᠭ ᠦᠢᠯᠡᠳᠦᠯᠭᠡ ᠪᠣᠯᠣᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠠᠮᠢᠳᠤᠯᠢᠭ ᠢᠯᠡᠷᠡᠯ ᠮᠥᠨ᠂ ᠲᠡᠭᠦᠨ ᠤ ᠠᠷᠤ ᠳᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠠᠭᠤᠯᠤᠭᠳᠠᠵᠤ ᠪᠠᠶᠢᠳᠠᠭ ᠪᠣᠯᠬᠤᠷ ᠨᠠᠷᠢᠨ ᠨᠢᠮᠪᠠᠢ ᠬᠤᠷᠢᠶᠠᠩᠭᠤᠶᠢᠯᠠᠨ ᠪᠣᠯᠪᠠᠰᠤᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠲᠠᠷᠢᠶᠠᠴᠢᠳ ᠤᠨ ᠬᠡᠷᠡᠭᠴᠡᠭᠡ ᠶᠢ ᠬᠦᠨᠳᠦᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠦᠨᠳᠦᠰᠦᠨ ᠵᠣᠭᠰᠣᠯᠲᠠ ᠶᠢ ᠪᠠᠷᠢᠮᠲᠠᠯᠠᠵᠤ᠂ ︽ᠤᠯᠠᠨ ᠲᠦᠮᠡᠨ ᠶᠠᠭᠤ ᠠᠪᠬᠤ ᠭᠡᠪᠡᠯ ᠪᠢᠳᠡ ᠶᠠᠭᠤ ᠬᠢᠬᠦ︾ ᠶᠢ ᠦᠨᠳᠦᠰᠦᠨ ᠣᠶᠢᠯᠠᠭᠠᠭᠳᠠᠬᠤᠨ ᠠᠷᠭ᠎ᠠ ᠪᠣᠯᠭᠠᠵᠤ᠂ ᠵᠠᠰᠠᠭ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ᠂ ᠺᠠᠳ᠋ᠷ ᠤᠯᠠᠨ ᠲᠦᠮᠡᠨ ᠬᠠᠷᠢᠯᠴᠠᠨ ᠬᠥᠳᠡᠯᠦᠯᠴᠡᠵᠦ᠂ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠬᠠᠮᠲᠤ ᠨᠡᠶᠢᠳᠡ ᠪᠠ ᠲᠠᠷᠢᠶᠠᠴᠢᠨ ᠵᠡᠷᠭᠡ ᠤᠯᠠᠨ ᠲᠠᠯ᠎ᠠ ᠶᠢᠨ ᠬᠦᠴᠦᠨ ᠤ ᠬᠠᠮᠤᠭ ᠤᠨ ᠰᠠᠶᠢᠨ ᠨᠡᠶᠢᠯᠡᠯ ᠢ ᠪᠡᠶᠡᠯᠡᠭᠦᠯᠵᠦ᠂ ᠳᠣᠣᠷ᠎ᠠ ᠠᠴᠠ ᠳᠡᠭᠡᠭᠰᠢ᠂ ᠲᠠᠷᠢᠶᠠᠴᠢᠳ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠦᠨᠡᠨ ᠬᠦ ᠪᠣᠳᠠᠲᠠᠶᠢᠵᠢᠭᠤᠯᠬᠤ ᠬᠡᠷᠡᠭᠲᠡᠢ᠃ ︽ᠵᠥᠭᠡᠯᠡᠨ ᠬᠠᠲᠠᠭᠤ ᠋ ᠶᠢ ᠤᠶᠠᠯᠳᠤᠭᠤᠯᠬᠤ︾᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠪᠠᠲᠤ ᠡᠵᠡᠮᠰᠢᠵᠦ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠣᠪᠤᠶᠢᠯᠭᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠭᠠᠷᠳᠠᠴᠠ ᠶᠢ ᠣᠨᠣᠪᠴᠢᠲᠠᠢ ᠡᠷᠢᠨ ᠬᠥᠳᠡᠭᠡ ᠲᠣᠰᠬᠤᠨ ᠤ ᠵᠠᠰᠠᠯᠲᠠ ᠶᠢ ᠨᠠᠷᠢᠨ ᠰᠦᠪᠡᠭᠴᠢᠯᠡᠵᠦ᠂ ᠰᠡᠷᠡᠵᠦ ᠮᠡᠳᠡᠵᠤ ᠪᠣᠯᠬᠤ ᠬᠢᠨᠠᠨ ᠰᠢᠯᠭᠠᠵᠤ ᠪᠣᠯᠬᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠯᠠᠪᠳᠠᠭᠤᠨ ᠪᠠᠲᠤᠲᠠᠢ ᠠᠵᠢᠯᠯᠠᠬᠤ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠬᠤ ᠠᠶᠢᠵᠠᠮ ᠤᠨ ᠡᠷᠴᠢᠮ ᠢ ᠰᠠᠶᠢᠲᠤᠷ ᠡᠵᠡᠮᠳᠡᠵᠦ᠂ ᠠᠰᠠᠭᠤᠳᠠᠯ ᠤᠨ ᠤᠳᠤᠷᠢᠳᠤᠮᠵᠢ ᠶᠢ ᠪᠤᠢ ᠪᠣᠯᠭᠠᠵᠤ᠂ ᠶᠡᠷᠦᠩᠬᠡᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠲᠣᠪᠣᠶᠢᠮ᠎ᠠ ᠠᠰᠠᠭᠤᠳᠠᠯ ᠢ ᠱᠠᠲᠤ ᠬᠤᠪᠢᠶᠠᠨ ᠰᠠᠶᠢᠲᠤᠷ ᠰᠢᠢᠳᠪᠦᠷᠢᠯᠡᠵᠦ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠥᠨᠢ ᠤᠳᠠᠭᠠᠨ ᠤ ᠴᠢᠷᠮᠠᠶᠢᠯᠭ᠎ᠠ ᠲᠠᠢ ᠪᠠᠷ ᠪᠣᠳᠠᠲᠤ ᠦᠷ᠎ᠡ ᠪᠦᠲᠦᠮᠵᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠳᠠᠶᠢᠯᠠᠯᠳᠤᠭᠠᠨ ᠢ ᠳᠠᠬᠢᠨ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠶᠠᠷᠢᠯᠴᠠᠬᠤ ᠬᠤᠷᠠᠯ ᠠᠴᠠ ᠡᠮᠦᠨ᠎ᠡ᠂ ᠲᠠᠩ ᠷᠧᠨ ᠵᠢᠶᠠᠨ ᠤᠷᠢᠳ ᠬᠤᠵᠢᠳ ᠬᠠᠩᠵᠧᠦ ᠬᠤᠲᠠ ᠶᠢᠨ ᠰᠢᠶᠤᠤᠱᠠᠨ ᠲᠣᠭᠤᠷᠢᠭ ᠤᠨ ᠶᠠᠮᠤᠨ ᠤ ᠡᠮᠦᠨ᠎ᠡ ᠪᠠᠯᠭᠠᠰᠤᠨ ᠤ ᠹᠥ᠋ᠩ ᠬᠤᠸᠠᠩ ᠲᠣᠰᠬᠤᠨ᠂ ᠬᠠᠩ ᠮᠢᠨ ᠲᠣᠰᠬᠤᠨ ᠪᠣᠯᠣᠨ ᠮᠧᠢ ᠯᠢᠨ ᠲᠣᠰᠬᠤᠨ ᠳᠤ ᠬᠦᠷᠴᠦ ︽ᠮᠢᠩᠭᠠᠨ ᠲᠦᠮᠡᠨ ᠢᠨᠵᠧᠨᠧᠷᠢᠩ︾  ᠢ ᠬᠡᠷᠡᠭᠵᠢᠭᠦᠯᠦᠭᠰᠡᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠷᠢᠶᠠᠴᠢᠨ ᠡᠷᠦᠬᠡ ᠳᠤ ᠬᠦᠷᠴᠦ ᠲᠠᠷᠢᠶᠠᠴᠢᠨ ᠲᠦᠮᠡᠨ ᠤ ᠥᠩᠭᠡᠷᠡᠭᠰᠡᠨ ᠢᠶᠠᠨ ᠶᠠᠷᠢᠬᠤ᠂ ᠣᠳᠣᠬᠢ ᠪᠠᠨ ᠦᠵᠡᠬᠦ ᠶᠢ ᠰᠣᠨᠣᠰᠴᠤ᠂ ᠲᠥᠷᠥᠭᠳᠡᠯ ᠢᠶᠠᠨ ᠶᠠᠷᠢᠵᠤ᠂ ᠺᠠᠳ᠋ᠷ ᠤᠯᠠᠨ ᠲᠦᠮᠡᠨ ᠲᠠᠢ ︽ᠮᠢᠩᠭᠠᠨ ᠲᠦᠮᠡᠨ ᠢᠨᠵᠧᠨᠧᠷᠢᠩ︾  ᠤᠨ ᠬᠢᠳᠡᠯ ᠲᠤᠷᠰᠢᠯᠭ᠎ᠠ ᠪᠠᠨ ᠭᠦᠨᠵᠡᠭᠡᠢ ᠰᠣᠯᠢᠯᠴᠠᠵᠠᠢ᠃     ᠵᠧᠵᠢᠶᠠᠩ ᠳᠤ ᠪᠠᠶᠢᠬᠤ ᠬᠤᠭᠤᠴᠠᠭᠠᠨ ᠳᠠᠭᠠᠨ᠂ ᠲᠠᠩ ᠷᠧᠨ ᠵᠢᠶᠠᠨ ᠪᠠᠰᠠ ᠲᠤᠰᠬᠠᠶᠢᠯᠠᠨ ᠬᠤᠷᠠᠯ ᠬᠤᠷᠠᠯᠳᠤᠭᠤᠯᠵᠤ ᠵᠧᠵᠢᠶᠠᠩ ᠤᠨ ᠠᠯᠤᠰ ᠳᠠᠯᠠᠢ ᠶᠢᠨ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠣᠨ ᠯᠢ ᠴᠢᠶᠠᠩ ᠶᠡᠷᠦᠩᠬᠡᠢ ᠰᠠᠶᠢᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠢᠭᠠᠰᠤᠨ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠠᠯᠢ ᠲᠦᠷᠭᠡᠨ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠦᠭᠰᠢᠭᠦᠷᠢ ᠶᠢᠨ ᠳᠤᠲᠠᠭᠳᠠᠯ ᠢ ᠴᠢᠭᠯᠡᠭᠦᠯᠬᠦ ᠴᠢᠨᠠᠷᠲᠠᠢ ᠪᠠᠷ ᠨᠥᠬᠦᠪᠦᠷᠢᠯᠡᠵᠦ᠂ ᠲᠣᠭᠲᠠᠴᠠ ᠠᠷᠭ᠎ᠠ ᠶᠢ ᠲᠡᠭᠦᠯᠳᠡᠷᠵᠢᠭᠦᠯᠦᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠯᠠᠩᠭᠤᠶ᠎ᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠶᠢ ᠰᠠᠶᠢᠲᠤᠷ ᠬᠡᠷᠡᠭᠯᠡᠨ ᠣᠩᠭᠤᠴᠠᠴᠢᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃     ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠶᠡᠷᠦᠩᠬᠡᠢ ᠠᠵᠤ ᠠᠬᠤᠶᠢᠴᠢ᠂ ᠠᠯᠪᠠᠨ ᠲᠢᠩᠬᠢᠮ ᠤᠨ ᠡᠷᠬᠢᠯᠡᠭᠴᠢ ᠸᠧᠢ ᠪᠠᠢ ᠭᠠᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号