ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ  ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠪᠠᠳᠠᠷᠠᠭᠤᠯᠵᠤ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ              ᠯᠢ ᠴᠢᠶᠠᠩ    ᠯᠢ ᠰᠢ ᠣᠷᠣᠯᠴᠠᠵᠠᠢ
ᠨᠡᠶᠢᠲᠡᠯᠡᠭᠰᠡᠨ ᠴᠠᠭ᠄
2023/5/24
       ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ  ᠶᠢᠨ ᠲᠡᠷᠢᠭᠦᠯᠡᠭᠴᠢ ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 5 ᠰᠠᠷ᠎ᠠ ᠶᠢᠨ 23 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠂ ᠬᠢᠨᠠᠨ ᠪᠤᠳᠤᠬᠤ ᠠᠵᠢᠯ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ ᠂ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ ᠂ ᠭᠤᠣᠯ ᠬᠠᠷᠢᠭᠤᠴᠠᠯᠭ᠎ᠠ ᠭᠤᠣᠯ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠃ ᠰᠢᠨ᠎ᠡ ᠨᠢᠭᠡ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠵᠢᠯ ᠢ ᠰᠠᠶᠢᠲᠤᠷ ᠬᠢᠬᠦ ᠳᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠪᠦᠭᠦ ᠲᠠᠯ᠎ᠠ ᠶᠢᠨ ᠴᠢᠨᠠᠷᠲᠠᠢ ᠂ ᠠᠯᠤᠰ ᠭᠡᠳᠦ ᠶᠢᠨ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠬᠢᠨᠠᠨ ᠪᠤᠳᠤᠬᠤ ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠦᠵᠦ ᠲᠥᠯᠥᠪᠯᠡᠭᠡ ᠶᠢ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ ᠂ ᠬᠦᠴᠦᠲᠡᠢ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠪᠠᠷ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ ᠰᠢ ᠬᠤᠷᠠᠯ ᠳᠤ ᠣᠷᠣᠯᠴᠠᠵᠠᠢ ᠃      ᠬᠤᠷᠠᠯ ᠠᠴᠠ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠯᠪᠠᠨ ᠭᠡᠷ ᠤᠨ 2022 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ ᠪᠤᠳᠤᠬᠰᠠᠨ ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠵᠢᠴᠢ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ ᠃      ᠬᠤᠷᠠᠯ ᠠᠴᠠ ᠂ ᠬᠢᠨᠠᠨ ᠪᠤᠳᠤᠬᠤ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠲᠥᠪ ᠤᠨ ᠬᠢᠨᠠᠨ ᠪᠤᠳᠤᠬᠤ ᠬᠤᠷᠢᠶ᠎ᠠ ᠬᠢᠨᠠᠨ ᠪᠤᠳᠤᠬᠤ ᠪᠠᠶᠢᠭᠤᠯᠤᠮᠵᠢ ᠶᠢᠨ ᠰᠢᠰᠲ᠋ᠧᠮᠲᠦ ᠴᠢᠨᠠᠷᠲᠠᠢ ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠠᠬᠢᠭᠤᠯᠵᠤ ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠬᠢᠨᠠᠨ ᠪᠤᠳᠤᠬᠤ ᠰᠢᠨ᠎ᠡ ᠵᠠᠮ ᠢ ᠨᠡᠭᠡᠭᠡᠵᠦ ᠂ ᠬᠢᠨᠠᠨ ᠪᠤᠳᠤᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠪᠠ ᠃ ᠨᠢᠭᠡ ᠳᠤ ᠂ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ ᠂ ᠬᠢᠨᠠᠨ ᠪᠤᠳᠤᠬᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠳᠦᠷᠢᠮᠵᠢᠭᠦᠯᠪᠡ ᠃ ᠬᠤᠶᠠᠷ ᠲᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤ ᠦᠢᠯᠡᠰ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠶᠢᠷᠡᠪᠡ ᠃ ᠭᠤᠷᠪᠠ ᠳᠤ ᠂ ᠨᠠᠮ ᠪᠠ ᠤᠯᠤᠰ ᠤᠨ ᠶᠡᠭᠡ ᠲᠠᠯ᠎ᠠ ᠳᠤ ᠬᠢᠨᠠᠨ ᠪᠣᠳᠣᠯᠲᠠ ᠬᠢᠵᠦ ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠨᠢ ᠨᠠᠩ ᠴᠢᠩᠭ᠎ᠠ ᠂ ᠵᠣᠬᠢᠴᠠᠬᠤ ᠴᠢᠨᠠᠷ ᠨᠢ ᠨᠠᠩ ᠥᠨᠳᠥᠷ ᠪᠣᠯᠵᠤ ᠂ ᠥᠪᠡᠷᠮᠢᠴᠡ ᠬᠢᠨᠠᠯᠲᠠ ᠲᠠᠯᠪᠢᠬᠤ ᠦᠢᠯᠡᠳᠦᠯ ᠨᠢ ᠨᠠᠩ ᠢᠯᠡᠷᠬᠡᠢ ᠪᠣᠯᠪᠠ ᠃ ᠳᠥᠷᠪᠡ ᠳᠤ ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠪᠠᠶᠢᠷᠢᠰᠢᠯ ᠠᠩᠬ᠎ᠠ ᠠᠯᠬᠤᠮ ᠪᠦᠷᠢᠯᠳᠦᠵᠦ ᠂ ᠬᠢᠨᠠᠨ ᠪᠤᠳᠤᠬᠰᠠᠨ ᠦᠷ᠎ᠡ ᠳ᠋ᠦᠩ ᠤᠨ ᠬᠡᠷᠡᠭᠯᠡᠯᠲᠡ ᠨᠡᠪᠲᠡᠷᠡᠯᠴᠡᠭᠡ ᠬᠠᠮᠵᠢᠯᠴᠠᠭ᠎ᠠ ᠨᠠᠩ ᠤᠷᠤᠭᠰᠢᠲᠠᠢ ᠂ ᠡᠷᠬᠡ ᠰᠦᠷᠲᠦ ᠂ ᠥᠨᠳᠥᠷ ᠪᠦᠲᠦᠮᠵᠢᠲᠡᠶ ᠪᠣᠯᠵᠠᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠱᠠᠭᠠᠷᠳᠠᠯᠭ᠎ᠠ ᠪᠣᠯ ᠲᠥᠪᠯᠡᠷᠡᠩᠭᠦᠢ ᠨᠢᠭᠡᠳᠦᠯᠲᠡᠢ ᠂ ᠪᠦᠭᠦ ᠲᠠᠯ᠎ᠠ ᠶᠢ ᠬᠠᠮᠤᠷᠤᠭᠰᠠᠨ ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠪᠠᠶᠢᠭᠤᠯᠵᠤ ᠂ ᠬᠢᠨᠠᠨ ᠪᠤᠳᠤᠬᠤ ᠬᠢᠨᠠᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠶᠠᠪᠤᠳᠠᠯ ᠪᠣᠯᠣᠨ᠎ᠠ ᠃ ᠵᠣᠷᠢᠭᠰᠠᠨ ᠢᠶᠠᠷ ᠢᠶᠠᠨ ᠵᠢᠯᠤᠭᠤᠳᠴᠤ ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ ᠂ ᠲᠤᠭᠤᠷᠠᠲᠠᠯ᠎ᠠ ᠣᠶᠢᠯᠠᠭᠠᠵᠤ ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠰᠡᠭᠦᠳᠡᠷ ᠮᠡᠲᠦ ᠲᠠᠭᠠᠵᠤ ᠂ ᠤᠯᠠᠨ ᠨᠡᠶᠢᠲᠡ ᠶᠢᠨ ᠪᠡᠯᠡ ᠮᠥᠩᠭᠦ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠴᠤ ᠬᠡᠷᠡᠭᠯᠡᠬᠦ ᠪᠤᠢ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠶᠢ ᠨᠢᠭᠡ ᠶᠢ ᠴᠦ ᠣᠷᠬᠢᠭᠳᠠᠭᠤᠯᠬᠤ ᠦᠭᠡᠢ ᠨᠢᠭᠡ ᠶᠢ ᠴᠦ ᠣᠨᠴᠠᠭᠠᠶᠢᠷᠠᠭᠤᠯᠬᠤ ᠦᠭᠡᠢ ᠪᠠᠶᠢᠵᠤ ᠂ ᠪᠠᠶᠢᠩᠭᠤᠵᠢᠭᠰᠠᠨ ᠂ ᠬᠥᠳᠡᠯᠦᠩᠭᠦᠢ ᠵᠢᠷᠦᠭᠡᠰᠢᠶᠡᠭᠦᠯᠦᠯ ᠢ ᠪᠦᠷᠢᠯᠳᠦᠭᠦᠯᠬᠦ ᠬᠡᠷᠡᠭᠲᠡᠢ ᠃ ᠠᠶᠤᠩᠭ᠎ᠠ ᠨᠢᠵᠢᠭᠢᠨᠡᠬᠦ‍ ᠰᠢᠭ ᠢᠶᠠᠷ ᠬᠠᠤᠯᠢ ᠶᠣᠰᠣᠭᠠᠷ ᠬᠢᠨᠠᠨ ᠪᠤᠳᠤᠬᠤ ᠶᠢ ᠪᠠᠷᠢᠮᠲᠠᠯᠠᠵᠤ ᠂ ᠰᠤᠳᠤᠯᠭᠠᠨ ᠤ ᠴᠢᠨᠠᠷᠲᠠᠢ ᠬᠢᠨᠠᠨ ᠪᠣᠳᠣᠯᠲᠠ ᠶᠢ ᠪᠣᠳᠠᠲᠠᠶᠢᠵᠢᠭᠤᠯᠵᠤ ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠠᠵᠤ ᠠᠬᠤᠢ ᠶᠢᠨ ᠬᠢᠨᠠᠯᠲᠠ ᠲᠠᠯᠪᠢᠬᠤ ︽ ᠣᠨᠴᠠᠭᠠᠢ ᠴᠡᠷᠢᠭ ᠠᠩᠭᠢ ︾  ᠶᠢ ᠪᠠᠶᠢᠭᠤᠯᠬᠤ ᠭᠡᠷᠡᠭᠲᠡᠢ︔ ᠪᠤᠰᠤᠳ ᠬᠢᠨᠠᠯᠲᠠ ᠯᠤᠭ᠎ᠠ ᠨᠡᠪᠲᠡᠷᠡᠯᠴᠡᠨ ᠬᠠᠮᠵᠢᠯᠴᠠᠬᠤ ᠶᠢ ᠰᠠᠶᠢᠲᠤᠷ ᠬᠢᠵᠦ ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠡᠨᠡ ᠵᠢᠯ ᠤᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠴᠢᠬᠤᠯᠠ ᠶᠡᠭᠡ ᠠᠰᠠᠭᠤᠳᠠᠯ ᠢ ᠲᠣᠪᠤᠶᠢᠯᠭᠠᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠬᠤᠯᠠ ᠶᠡᠭᠡ ᠲᠥᠷᠥᠯ ᠵᠦᠢᠯ ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠬᠤᠪᠣᠷ ᠨᠠᠨᠳᠢᠨ ᠡᠳ᠋ ᠤᠨ ᠵᠠᠰᠠᠭ ᠤᠨ ᠪᠡᠯᠡ ᠮᠥᠩᠭᠦ ᠶᠢ ᠦᠷᠭᠦᠯᠵᠢᠯᠡᠨ ᠰᠠᠶᠢᠲᠤᠷ ᠠᠩᠬᠠᠷᠴᠤ ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ ᠂ ︽ ᠬᠤᠶᠠᠷ ᠭᠤᠶᠢᠪᠢᠰᠢ ᠦᠭᠡᠢ ︾  ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠩᠬᠠᠷᠴᠤ ᠂ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠂ ᠮᠥᠩᠭᠦᠨ ᠭᠦᠢᠯᠭᠡᠭᠡᠨ ᠂ ᠭᠡᠷ ᠭᠠᠵᠠᠷ ᠤᠨ ᠬᠥᠷᠥᠩᠭᠡ ᠂ ᠠᠮᠤ ᠪᠤᠳᠠᠭ᠎ᠠ ᠂ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠨᠢᠭᠲᠠ ᠠᠩᠬᠠᠷᠴᠤ ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠡᠷᠬᠡ ᠶᠢ ᠵᠢᠷᠤᠮᠵᠢᠭᠤᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠢᠯᠵᠠᠷᠠᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ ᠂ ᠡᠷᠬᠡ ᠲᠥᠪᠯᠡᠷᠡᠭᠰᠡᠨ ᠂ ᠪᠡᠯᠡ ᠮᠥᠩᠭᠦ ᠬᠤᠷᠠᠭᠰᠠᠨ ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ ᠂ ᠤᠯᠠᠨ ᠲᠦᠮᠡᠨ ᠤ ᠳᠡᠷᠭᠡᠳᠡᠬᠢ ᠵᠢᠵᠢᠭ ᠱᠠᠮᠰᠢᠯ ᠪᠠᠭ᠎ᠠ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃      ᠬᠤᠷᠠᠯ ᠠᠴᠠ ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ ᠰᠡᠭᠦᠯᠴᠢ ᠶᠢᠨ ᠠᠵᠢᠯ ︾ ᠪᠣᠯᠣᠨ ᠬᠢᠨᠠᠨ ᠪᠤᠳᠤᠵᠤ ᠠᠰᠠᠭᠤᠳᠠᠯ ᠢ ᠢᠯᠡᠷᠡᠭᠦᠯᠬᠦ ︽ ᠡᠬᠢᠨ ᠤ ᠠᠵᠢᠯ ︾ ᠨᠢ ᠠᠳᠠᠯᠢᠬᠠᠨ ᠴᠢᠬᠤᠯᠠ ᠪᠣᠯᠬᠤᠷ ᠡᠷᠬᠡᠪᠰᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠬᠢᠨᠠᠨ ᠪᠤᠳᠣᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠠᠪᠤᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠤᠯᠭᠠᠵᠤ ᠂ ᠬᠢᠨᠠᠨ ᠪᠤᠳᠣᠬᠰᠠᠨ ᠦᠷ᠎ᠡ ᠳ᠋ᠦᠩ ᠢ ᠺᠠᠳ᠋ᠷ ᠢ ᠰᠢᠯᠭᠠᠨ ᠬᠢᠨᠠᠬᠤ ᠂ ᠲᠣᠮᠢᠯᠠᠬᠤ ᠪᠠᠭᠤᠯᠭᠠᠬᠤ ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠤᠯᠭᠠᠬᠤ ᠬᠡᠷᠡᠭᠲᠡᠢ ᠃ ᠴᠡᠭᠴᠡᠯᠡᠨ ᠰᠠᠶᠢᠵᠢᠷᠠᠭᠤᠯᠤᠭᠰᠠᠨ ᠨᠢ ᠰᠤᠯᠠ ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠡᠨᠡ ᠵᠢᠯ ᠪᠣᠯ ᠬᠢᠨᠠᠨ ᠪᠤᠳᠤᠬᠤ ᠪᠠᠶᠢᠭᠤᠯᠭ᠎ᠠ ᠪᠠᠶᠢᠭᠤᠯᠤᠭᠳᠠᠭᠰᠠᠨ 40 ᠵᠢᠯ ᠤᠨ ᠤᠢ ᠪᠣᠯᠣᠨ᠎ᠠ ᠃ ᠨᠠᠮ ᠤᠨ ᠲᠥᠪ ᠬᠤᠷᠢᠶ᠎ᠠ ᠬᠢᠨᠠᠨ ᠪᠤᠳᠤᠬᠤ ᠠᠵᠢᠯ ᠳᠤ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ ᠂ ᠬᠢᠨᠠᠨ ᠪᠣᠳᠣᠯᠲᠠ ᠶᠢᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠵᠠᠯᠭᠠᠮᠵᠢᠯᠠᠵᠤ ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠤᠢ ᠪᠤᠯᠭᠠᠵᠤ ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠪᠤᠳᠤᠬᠤ ᠶᠢ ᠵᠠᠰᠠᠵᠤ ᠂ ᠭᠤᠣᠯ ᠰᠡᠳᠦᠪᠲᠦ ᠬᠥᠮᠦᠵᠢᠯ ᠪᠣᠯᠣᠨ ᠬᠢᠨᠠᠨ ᠪᠤᠳᠤᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠂ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠬᠢᠨᠠᠨ ᠪᠤᠳᠤᠬᠤ ᠠᠵᠢᠯ ᠳᠠᠬᠢ ᠤᠳᠤᠷᠢᠳᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ ᠃ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠨ ᠂ ᠪᠡᠶ᠎ᠡ ᠪᠠᠷ ᠢᠶᠠᠨ ᠬᠠᠮᠢᠶᠠᠷᠴᠤ ᠂ ᠬᠢᠨᠠᠨ ᠪᠤᠳᠤᠬᠤ ᠬᠤᠷᠢᠶ᠎ᠠ  ᠶᠢᠨ ᠲᠦᠷᠦᠭᠦᠯᠡᠨ ᠶᠡᠷᠦᠩᠬᠡᠶᠢᠯᠡᠨ ᠠᠳᠬᠤᠬᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ ᠃      ᠲᠥᠪ ᠤᠨ ᠬᠢᠨᠠᠨ ᠪᠤᠳᠤᠬᠤ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号