| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ | ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠤᠷᠠᠨ ᠵᠢᠷᠤᠭ ᠤᠨ | ᠣᠷᠳᠣᠨ ᠤ ᠠᠬᠠᠮᠠᠳ ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠳ ᠲᠤ ᠬᠠᠷᠢᠭᠤ ᠵᠠᠬᠢᠳᠠᠯ ᠢᠯᠡᠭᠡᠵᠦ ᠂ | ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠪᠠᠶᠢᠭᠤᠯᠤᠭᠳᠠᠵᠤ ᠨᠡᠭᠡᠭᠡᠯᠲᠡ ᠬᠢᠭᠰᠡᠨ 60 ᠵᠢᠯ ᠤᠨ ᠤᠢ ᠶᠢᠨ | ᠲᠠᠰᠢᠷᠠᠮ ᠳᠤ ᠂ ᠣᠷᠳᠣᠨ ᠤ ᠪᠦᠭᠦ ᠨᠥᠬᠦᠳ ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠰᠢᠨ᠎ᠡ | ᠳᠤᠮᠳᠠᠳᠤ ᠤᠯᠤᠰ ᠤᠨ ᠤᠷᠠᠨ ᠵᠢᠷᠤᠭ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠬᠦᠴᠦᠲᠡᠢ ᠭᠡᠷᠡᠴᠢᠯᠡᠵᠦ ᠂ | ᠰᠣᠩᠭᠤᠳᠠᠭ ᠬᠠᠳᠠᠭᠠᠯᠠᠯᠲᠠ ᠰᠣᠳᠣᠨ ᠪᠦᠲᠦᠭᠡᠯ ᠂ ᠦᠵᠡᠰᠭᠦᠯᠡᠩ ᠦᠵᠡᠭᠦᠯᠭᠡ ᠂ ᠤᠯᠠᠨ ᠨᠡᠶᠢᠲᠡ ᠶᠢᠨ ᠬᠥᠮᠦᠵᠢᠯ ᠂ | ᠭᠠᠳᠠᠭᠠᠳᠤ ᠰᠣᠯᠢᠯᠴᠠᠭ᠎ᠠ ᠵᠡᠷᠭᠡ ᠲᠠᠯ᠎ᠠ ᠪᠠᠷ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠢᠳᠡᠪᠬᠢᠲᠡᠢ | ᠦᠷ᠎ᠡ ᠪᠦᠲᠦᠮᠵᠢ ᠣᠯᠵᠠᠢ ᠭᠡᠵᠦ ᠬᠡᠯᠡᠪᠡ ᠃ | ᠰᠢ ᠶᠢᠨ ᠫᠢᠩ ᠂ ᠰᠢᠨ᠎ᠡ ᠠᠶᠠᠨ ᠳᠤ ᠂ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠬᠢᠨ ᠵᠥᠪ | ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ ᠂ ᠠᠷᠠᠳ ᠲᠦᠮᠡᠨ ᠢ ᠳᠡᠭᠡᠳᠦᠯᠡᠬᠦ ᠣᠷᠳᠣᠨ ᠡᠷᠭᠢᠯᠡᠭᠦ | ᠣᠶᠢᠯᠠᠭᠠᠭᠳᠠᠬᠤᠨ ᠢ ᠪᠠᠷᠢᠮᠲᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠦᠢᠯᠡᠳᠦᠯᠭᠡᠵᠢᠭᠦᠯᠵᠦ ᠂ ᠴᠢᠨᠠᠷ ᠰᠠᠶᠢᠲᠠᠢ ᠬᠤᠷᠢᠶᠠᠨ ᠬᠠᠳᠠᠭᠠᠯᠠᠬᠤ ᠥᠨᠳᠥᠷ ᠲᠦᠪᠰᠢᠨ ᠢᠶᠠᠷ ᠠᠰᠢᠭᠯᠠᠬᠤ ᠴᠢᠨᠠᠷ | ᠰᠠᠶᠢᠲᠠᠢ ᠦᠢᠯᠡᠴᠢᠯᠡᠬᠦ ᠲᠠᠯ᠎ᠠ ᠪᠠᠷ ᠬᠦᠴᠦ ᠲᠠᠯᠪᠢᠵᠤ ᠂ ᠰᠢᠨ᠎ᠡ ᠴᠠᠭ ᠦᠶ᠎ᠡ ᠶᠢᠨ ᠠᠷᠠᠳ ᠣᠯᠠᠨ ᠤ ᠤᠷᠠᠨ | ᠵᠢᠷᠤᠭ ᠤᠨ ᠰᠣᠳᠣᠨ ᠪᠦᠲᠦᠭᠡᠯ ᠢ ᠰᠣᠨᠢᠷᠬᠠᠬᠤ ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠤᠯᠤᠰ ᠤᠨ | ᠲᠠᠰ ᠴᠢᠨᠠᠭᠰᠢᠯᠠᠪᠠᠯ ᠳᠡᠯᠡᠬᠡᠢ ᠶᠢᠨ ᠲᠠᠰ ᠤᠨ ᠤᠷᠠᠯᠢᠭ ᠤᠨ ᠣᠷᠳᠣᠨ ᠢ ᠴᠢᠷᠮᠠᠶᠢᠨ ᠴᠣᠭᠴᠠᠯᠠᠵᠤ ᠂ ᠳᠤᠮᠳᠠᠳᠤ | ᠤᠯᠤᠰ ᠤᠨ ᠤᠷᠠᠨ ᠵᠢᠷᠤᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠂ ᠰᠣᠶᠣᠯ ᠤᠨ ᠢᠲᠡᠭᠡᠯ | ᠬᠦᠴᠦᠷᠬᠡᠭᠵᠢᠯ ᠢ ᠠᠬᠢᠭᠤᠯᠬᠤ ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ | ᠪᠦᠲᠦᠮᠵᠢ ᠶᠢ ᠡᠭᠦᠳᠬᠦ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ | ᠳᠠᠷᠠᠭ᠎ᠠ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠤᠷᠠᠨ ᠵᠢᠷᠤᠭ ᠤᠨ ᠣᠷᠳᠣᠨ ᠪᠠᠶᠢᠵᠤ ᠂ 1963 | ᠣᠨ ᠤ 5 ᠰᠠᠷ᠎ᠠ ᠶᠢᠨ 23 ᠤ ᠡᠳᠦᠷ ᠪᠠᠶᠢᠭᠤᠯᠤᠭᠳᠠᠵᠤ ᠨᠡᠭᠡᠭᠡᠯᠲᠡ ᠬᠢᠪᠡ ᠃ 60 ᠵᠢᠯ ᠤᠨ ᠲᠤᠷᠰᠢ ᠂ ᠨᠥᠯᠥᠭᠡᠯᠡᠬᠦ | ᠬᠦᠴᠦᠨ ᠪᠦᠬᠦᠢ ᠤᠷᠠᠨ ᠵᠢᠷᠤᠭ ᠤᠨ ᠦᠵᠡᠰᠭᠦᠯᠡᠩ ᠢ ᠨᠡᠶᠢᠲᠡ 5500 ᠭᠠᠷᠤᠢ ᠲᠠᠯᠠᠪᠠᠶ ᠡᠷᠭᠢᠯᠡᠵᠦ ᠂ ᠳᠤᠮᠳᠠᠳᠤ | ᠭᠠᠳᠠᠭᠠᠳᠤ ᠶᠢᠨ ᠡᠯ᠎ᠡ ᠲᠥᠷᠥᠯ ᠤᠨ ᠤᠷᠠᠨ ᠵᠢᠷᠤᠭ ᠤᠨ ᠪᠦᠲᠦᠭᠡᠯ ᠢ 13 ᠲᠦᠮᠡ ᠭᠠᠷᠤᠢ ᠬᠤᠷᠢᠶᠠᠨ | ᠬᠠᠳᠠᠭᠠᠯᠠᠭᠰᠠᠨ ᠪᠠᠶᠢᠨ᠎ᠠ ᠃ ᠣᠶᠢᠷ᠎ᠠ ᠳᠤ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ 13 ᠠᠬᠠᠮᠠᠳ | ᠲᠤᠰᠬᠠᠢ ᠮᠡᠷᠭᠡᠵᠢᠯᠲᠡᠨ ᠠᠬᠠᠮᠠᠳ ᠤᠷᠠᠯᠢᠭᠴᠢᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ ᠂ | ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ | ᠬᠠᠷᠢᠭᠤ ᠮᠡᠳᠡᠭᠦᠯᠵᠦ ᠂ ᠰᠢᠨ᠎ᠡ ᠴᠠᠭ ᠦᠶ᠎ᠡ ᠶᠢᠨ ᠤᠷᠠᠨ ᠵᠢᠷᠤᠭ ᠤᠨ ᠣᠷᠳᠣᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠵᠡᠢ ᠃ | | |