5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ | ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃ | | | 5 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ ᠠᠽᠢᠶ᠎ᠠ ᠶᠢᠨ ᠠᠵᠤ | ᠠᠬᠤᠢ ᠶᠢᠨ ᠶᠠᠷᠢᠶᠠᠨ ᠤ ᠲᠠᠪᠴᠠᠩ ᠤᠨ ᠪᠦᠭᠦᠳᠡ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠸᠢᠳᠢᠤ᠋ ᠪᠠᠷ | ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠳᠤ ᠣᠷᠣᠰᠢᠵᠤ᠂ ᠳᠡᠯᠡᠬᠡᠢ ᠶᠢᠨ ᠣᠯᠠᠨ ᠲᠤᠶᠢᠯᠵᠢᠯ᠂ ᠠᠵᠤ ᠠᠬᠤᠢ ᠶᠢᠨ ᠳᠡᠯᠡᠬᠡᠶᠢᠵᠢᠯᠲᠡ ᠶᠢᠨ | ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠪᠠᠶᠢᠨ᠎ᠠ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠪᠣᠯ ᠳᠡᠯᠡᠬᠡᠢ ᠨᠡᠶᠢᠭᠡᠮ ᠤᠨ ᠥᠷᠭᠡᠨ ᠳᠡᠯᠭᠡᠷ | ᠬᠠᠮᠲᠤ ᠶᠢᠨ ᠲᠠᠨᠢᠯᠲᠠ ᠮᠥᠨ᠃ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠪᠣᠯ ᠳᠡᠯᠡᠬᠡᠢ ᠳᠡᠭᠡᠷᠡᠬᠢ ᠬᠥᠮᠥᠨ | ᠠᠮᠠ ᠪᠠᠷ ᠬᠠᠮᠤᠭ ᠤᠨ ᠣᠯᠠᠨ᠂ ᠤᠯᠤᠰ ᠢᠶᠠᠷ ᠬᠠᠮᠤᠭ ᠤᠨ ᠣᠯᠠᠨ᠂ ᠪᠣᠯᠪᠠᠰᠤᠨ ᠢᠶᠠᠷ ᠬᠠᠮᠤᠭ ᠤᠨ ᠣᠯᠠᠨ | ᠶᠠᠩᠵᠤᠲᠤ ᠴᠢᠨᠠᠷᠲᠠᠢ ᠭᠠᠵᠠᠷ ᠣᠷᠣᠨ ᠪᠣᠯᠣᠨ᠎ᠠ᠃ ᠣᠷᠤᠭ᠎ᠠ ᠪᠤᠰᠬᠠᠭ᠎ᠠ ᠬᠤᠪᠢᠰᠤᠯᠲᠠ ᠶᠡᠬᠡᠲᠡᠢ ᠳᠡᠯᠡᠬᠡᠢ ᠶᠢᠨ | ᠪᠠᠶᠢᠳᠠᠯ ᠳᠤ ᠬᠠᠨᠳᠤᠬᠤ ᠳᠠᠭᠠᠨ᠂ ᠠᠽᠢᠶ᠎ᠠ ᠡᠸᠦ᠋ᠷᠦᠫᠡ ᠶᠢᠨ ᠬᠠᠮᠲᠤᠷᠠᠯᠴᠠᠭ᠎ᠠ ᠶᠠᠭᠠᠬᠢᠵᠤ ᠵᠠᠮᠨᠠᠪᠠᠯ ᠵᠣᠬᠢᠬᠤ ᠪᠤᠢ︖ | ᠡᠨᠡ ᠨᠢ ᠭᠠᠵᠠᠷ ᠣᠷᠣᠨ ᠤ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠬᠤ ᠪᠠᠷ ᠦᠯᠦ ᠪᠠᠷᠠᠮ᠂ ᠪᠠᠰᠠ | ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠨᠥᠯᠥᠭᠡᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠶᠢᠮᠦᠷᠬᠦᠦ ᠴᠠᠭ ᠦᠶ᠎ᠡ ᠶᠢᠨ ᠠᠰᠠᠭᠤᠯᠲᠠ᠂ ᠲᠡᠦᠬᠡ ᠶᠢᠨ ᠠᠰᠠᠭᠤᠯᠲᠠ ᠳᠤ ᠳᠤᠮᠳᠠᠳᠤ | ᠤᠯᠤᠰ ᠤᠨ ᠬᠠᠷᠢᠭᠤᠯᠲᠠ ᠪᠣᠯ ᠲᠣᠳᠣᠷᠬᠠᠢ ᠶᠤᠮ᠃ ᠪᠢ ᠤᠷᠢᠳ ᠬᠤᠵᠢᠳ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠤᠯᠤᠰ ᠤᠨ ᠬᠢᠨ ᠥᠨᠢ ᠤᠳᠠᠭᠠᠨ ᠡᠩᠬᠡ | ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠤ ᠪᠠᠭᠲᠠᠭᠠᠮᠵᠢᠲᠠᠢ᠂ | ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ | ᠤᠷᠢᠶᠠᠯᠠᠪᠠ᠃ ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠡᠨᠡ ᠬᠦ ᠰᠠᠨᠠᠭᠠᠴᠢᠯᠠᠭ᠎ᠠ ᠶᠢᠨ ᠦᠨᠳᠦᠰᠦᠨ | ᠵᠣᠷᠢᠯᠲᠠ ᠪᠠ ᠲᠤᠰᠤᠯᠲᠠ ᠪᠣᠯ ᠳᠠᠷᠤᠢ ᠬᠤᠯᠠ ᠣᠶᠢᠷ᠎ᠠ ᠬᠥᠷᠰᠢ ᠵᠡᠷᠭᠡᠯᠡᠳᠡᠭᠡ ᠬᠠᠮᠲᠤ ᠪᠠᠷ ᠬᠥᠭᠵᠢᠬᠦ ᠰᠢᠨ᠎ᠡ | ᠠᠷᠭ᠎ᠠ ᠶᠢ ᠰᠦᠪᠡᠭᠴᠢᠯᠡᠵᠦ᠂ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ︽ | ᠵᠢᠷᠭᠠᠯ ᠤᠨ ᠵᠠᠮ︾ ᠢ ᠨᠡᠭᠡᠭᠡᠭᠰᠡᠨ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠽᠢᠶ᠎ᠠ ᠡᠸᠦ᠋ᠷᠦᠫᠡ ᠶᠢᠨ ᠶᠡᠭᠡ ᠭᠡᠷ ᠪᠦᠯᠢ ᠶᠢᠨ ᠨᠢᠭᠡ ᠪᠦᠷᠢᠯᠳᠦᠭᠦᠨ ᠪᠣᠯᠤᠭᠰᠠᠨ ᠤ | ᠬᠤᠪᠢ ᠳᠤ᠂ ᠳᠤᠮᠳᠠᠳᠤ ᠤᠯᠤᠰ ᠤᠨ ᠬᠥᠭᠵᠢᠯᠲᠡ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠠᠴᠠ ᠰᠠᠯᠵᠤ | ᠴᠢᠳᠠᠬᠤ ᠦᠭᠡᠢ᠂ ᠪᠠᠰᠠ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠳᠤ ᠠᠰᠢᠭ ᠬᠦᠷᠲᠡᠭᠡᠨ᠎ᠡ᠃ ᠳᠤᠮᠳᠠᠳᠤ ᠤᠯᠤᠰ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯᠣᠨ ᠡᠸᠦ᠋ᠷᠦᠫᠡ ᠠᠽᠢᠶ᠎ᠠ ᠶᠢᠨ ᠠᠵᠤ | ᠠᠬᠤᠢ ᠶᠢᠨ ᠬᠤᠯᠪᠤᠭ᠎ᠠ ᠶᠢᠨ ᠪᠦᠲᠦᠭᠡᠨ ᠪᠠᠶᠢᠭᠤᠯᠤᠯᠲᠠ ᠶᠢ ᠵᠣᠯᠭᠠᠭᠤᠯᠬᠤ ᠬᠠᠮᠲᠤᠷᠠᠯᠴᠠᠭ᠎ᠠ ᠭᠦᠨᠵᠡᠭᠡᠶᠢᠷᠡᠨ | ᠪᠣᠳᠠᠲᠠᠶᠢᠵᠢᠵᠤ᠂ ᠡᠯ᠎ᠡ ᠤᠯᠤᠰ ᠤᠨ ᠪᠦᠯᠬᠦᠮᠳᠡᠨ ᠬᠠᠮᠵᠢᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠠᠽᠢᠶ᠎ᠠ ᠡᠸᠦ᠋ᠷᠦᠫᠡ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ ᠴᠢᠩ | ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠨᠡ ᠵᠢᠯ ᠤᠨ ᠳᠣᠣᠷ᠎ᠠ ᠬᠠᠭᠠᠰ ᠵᠢᠯ ᠳᠤ᠂ ᠳᠤᠮᠳᠠᠳᠤ ᠤᠯᠤᠰ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠨ ᠶᠠᠪᠤᠭᠳᠠᠭᠤᠯᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠪᠣᠯᠣᠨ ᠡᠸᠦ᠋ᠷᠦᠫᠡ ᠠᠽᠢᠶ᠎ᠠ ᠶᠢᠨ | ᠠᠵᠤ ᠠᠬᠤᠢ ᠶᠢᠨ ᠬᠤᠯᠪᠤᠭ᠎ᠠ ᠶᠢᠨ ᠪᠦᠷᠢᠯᠳᠦᠭᠦᠨ ᠤᠯᠤᠰ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ | ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠠᠵᠠ | ᠲᠣᠭᠢᠶᠠᠯ ᠢ ᠬᠠᠮᠲᠤ ᠪᠠᠷ ᠡᠳ᠋ᠯᠡᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠢᠷᠡᠭᠡᠳᠦᠢ ᠪᠠᠨ ᠬᠠᠮᠲᠤ ᠪᠠᠷ | ᠴᠣᠭᠴᠠᠯᠠᠵᠤ᠂ ᠣᠯᠠᠨ ᠲᠤᠶᠢᠯᠰᠢᠷᠠᠭᠰᠠᠨ ᠳᠡᠯᠡᠬᠡᠢ ᠶᠢᠨ ᠪᠣᠯᠪᠠᠰᠤᠨ ᠤ ᠳᠠᠪᠰᠢᠯᠲᠠ ᠶᠢᠨ ᠰᠢᠨ᠎ᠡ ᠬᠠᠭᠤᠳᠠᠰᠤ ᠶᠢ ᠭᠠᠷ | ᠬᠤᠯᠪᠣᠨ ᠪᠢᠴᠢᠭᠯᠡᠨ᠎ᠡ ᠭᠡᠵᠦ ᠴᠢᠬᠤᠯᠠᠴᠢᠯᠠᠪᠠ᠃ | ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠬᠤᠶᠠᠳᠤᠭᠠᠷ ᠬᠤᠭᠤᠴᠠᠭᠠᠨ ᠤ ᠡᠸᠦ᠋ᠷᠦᠫᠡ | ᠠᠽᠢᠶ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ 5 ᠰᠠᠷ᠎ᠠ ᠶᠢᠨ 24 ᠤ ᠡᠳᠦᠷ ᠣᠷᠣᠰ ᠤᠨ ᠮᠣᠰᠺᠸᠠ ᠳᠤ | ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠵᠤ᠂ ︽ᠣᠯᠠᠨ | ᠲᠤᠶᠢᠯᠰᠢᠷᠠᠭᠰᠠᠨ ᠳᠡᠯᠡᠬᠡᠢ ᠳᠠᠬᠢ ᠡᠸᠦ᠋ᠷᠦᠫᠡ ᠠᠽᠢᠶ᠎ᠠ ᠶᠢᠨ ᠨᠢᠭᠡ ᠴᠣᠭᠴᠠᠵᠢᠯᠲᠠ︾ ᠭᠡᠬᠦ ᠭᠤᠣᠯ ᠰᠡᠳᠦᠪ ᠢᠶᠠᠷ | ᠶᠠᠪᠤᠭᠳᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ︶ |