| ︽ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠪᠠᠷ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠬᠤ ᠬᠡᠷᠡᠭᠲᠡᠢ︾᠂ ᠡᠨᠡ ᠪᠣᠯ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭᠠᠨ ᠤ ᠴᠢᠬᠤᠯᠠ ᠠᠭᠤᠯᠭ᠎ᠠ ᠮᠥᠨ᠃ ᠡᠨᠡ ᠬᠦ ᠴᠢᠬᠤᠯᠠ ᠨᠤᠲᠠᠯᠠᠯᠲᠠ ᠨᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ | ᠨᠡᠶᠢᠴᠡᠵᠦ᠂ ᠦᠨᠳᠦᠰᠦᠲᠡᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ | ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠲᠠᠶᠢᠴᠢᠯᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠪᠠᠷ ᠬᠠᠮᠲᠤ ᠪᠠᠷ | ᠴᠢᠷᠮᠠᠶᠢᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠣᠨᠴᠠᠭᠠᠶ ᠬᠠᠯᠠᠮᠵᠢᠯᠠᠨ | ᠳᠡᠮᠵᠢᠵᠦ᠂ ︽ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠭᠡᠷ ᠪᠦᠯᠢ ᠪᠠᠷ ᠢᠶᠠᠨ ᠴᠥᠮ | ᠰᠠᠶᠢᠨ ᠰᠠᠶᠢᠬᠠᠨ ᠠᠮᠢᠳᠤᠷᠠᠬᠤ ᠬᠡᠷᠡᠭᠲᠡᠢ︾ ᠭᠡᠵᠦ ᠴᠢᠬᠤᠯᠠᠴᠢᠯᠠᠨ᠂ ᠦᠨᠳᠦᠰᠦᠲᠡᠨ ᠤ ᠭᠠᠵᠠᠷ ᠣᠷᠣᠨ ᠤ ᠪᠦᠲᠦᠭᠡᠨ | ᠪᠠᠶᠢᠭᠤᠯᠤᠯᠲᠠ ᠶᠢᠨ ᠪᠦᠬᠦ ᠲᠠᠯ᠎ᠠ ᠶᠢᠨ ᠴᠢᠨᠡᠭᠡᠯᠢᠭᠵᠢᠯ ᠪᠠ ᠣᠳᠣᠬᠢᠴᠢᠯᠠᠯᠲᠠ ᠶᠢᠨ ᠲᠤᠬᠠᠢ ᠠᠯᠢ ᠤᠯᠠᠨ ᠴᠢᠬᠤᠯᠠ | ᠵᠢᠭᠠᠪᠤᠷᠢ ᠴᠣᠬᠤᠯᠠᠪᠤᠷᠢ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠥᠬᠦᠷᠡᠰᠢ ᠦᠭᠡᠢ ᠴᠢᠷᠮᠠᠶᠢᠯᠭ᠎ᠠ ᠳᠣᠣᠷ᠎ᠠ᠂ | ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠦᠷᠭᠦᠯᠵᠢᠯᠡᠨ ᠲᠦᠷᠭᠡᠨ ᠬᠥᠭᠵᠢᠵᠦ᠂ ᠰᠠᠭᠤᠷᠢ | ᠪᠡᠯᠡᠳᠬᠡᠮᠵᠢ ᠶᠢᠨ ᠨᠥᠬᠦᠴᠡᠯ ᠢᠯᠡᠳᠲᠡ ᠰᠠᠶᠢᠵᠢᠷᠠᠨ᠂ ᠠᠮᠢ ᠠᠬᠤᠢ ᠶᠢᠨ ᠬᠠᠯᠬᠠᠪᠴᠢ ᠨᠡᠩ ᠪᠠᠬᠢᠵᠢᠵᠦ᠂ | ᠠᠷᠠᠳ ᠤᠨ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠ ᠪᠦᠬᠦ ᠤᠯᠤᠰ ᠢᠶᠠᠷ ᠢᠶᠠᠨ ᠬᠠᠮᠲᠤ ᠪᠠᠷ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠮᠥᠨ | ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠲᠡᠦᠬᠡᠨ ᠳᠠᠬᠢ ᠠᠭᠤᠤ ᠶᠡᠭᠡ | ᠭᠠᠶᠢᠬᠠᠮᠰᠢᠭ ᠢ ᠡᠭᠦᠳᠴᠡᠢ᠃ ᠣᠳᠣᠬᠠᠨ ᠳᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠮᠤᠭ ᠵᠣᠷᠢᠭ ᠪᠠᠳᠠᠷᠠᠩᠭᠤᠢ ᠪᠠᠷ ᠮᠣᠷᠳᠠᠵᠤ | ᠪᠠᠶᠢᠨ᠎ᠠ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠮᠠᠨ ᠤ | ᠨᠠᠮ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠬᠢᠭᠡᠳ ᠮᠠᠨ ᠤ ᠤᠯᠤᠰ ᠤᠨ ᠬᠥᠭᠵᠢᠯᠲᠡ ᠶᠢ | ᠶᠡᠷᠦᠩᠬᠡᠶᠢᠯᠡᠨ ᠵᠠᠳᠠᠯᠤᠭᠰᠠᠨ ᠰᠠᠭᠤᠷᠢᠨ ᠳᠡᠭᠡᠷ᠎ᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠃ | ᠡᠨᠡ ᠪᠣᠯ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠮᠠᠨ ᠤ ᠤᠯᠤᠰ ᠤᠨ ᠬᠥᠭᠵᠢᠯᠲᠡ ᠶᠢᠨ ᠱᠠᠭᠠᠷᠳᠠᠯᠭ᠎ᠠ | ᠪᠥᠭᠡᠳ ᠮᠠᠨ ᠤ ᠤᠯᠤᠰ ᠤᠨ ᠨᠡᠶᠢᠭᠡᠮ ᠵᠢᠷᠤᠮ ᠤᠨ ᠠᠩᠬᠠᠨ ᠤ ᠱᠠᠲᠤᠨ ᠠᠴᠠ ᠨᠡᠩ ᠳᠡᠭᠡᠳᠦ ᠱᠠᠲᠤᠨ ᠲᠡᠶᠢᠰᠢ | ᠤᠷᠤᠭᠰᠢᠯᠠᠬᠤ ᠶᠢᠨ ᠱᠠᠭᠠᠷᠳᠠᠯᠭ᠎ᠠ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠤᠶᠠᠷ ᠱᠠᠲᠤ | ᠬᠤᠪᠢᠶᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠬᠢᠵᠦ᠂ 2035 ᠣᠨ ᠪᠣᠯᠬᠤ ᠳᠤ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠦᠨ᠂ ᠲᠤᠰ ᠵᠠᠭᠤᠨ ᠤ ᠳᠤᠮᠳᠠᠴᠢ | ᠪᠣᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ | ᠪᠠᠶᠢᠭᠤᠯᠤᠨ᠎ᠠ ᠭᠡᠵᠦ ᠳᠤᠷᠠᠳᠪᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠮᠠᠨ ᠤ | ᠤᠯᠤᠰ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠬᠦ | ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠤᠶᠤᠨ ᠤ | ᠪᠣᠯᠪᠠᠰᠤᠨ ᠢ ᠬᠠᠷᠢᠯᠴᠠᠨ ᠵᠣᠬᠢᠴᠠᠭᠤᠯᠤᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ ᠵᠠᠮᠨᠠᠬᠤ | ᠣᠳᠣᠬᠢᠴᠢᠯᠠᠯᠲᠠ ᠮᠥᠨ᠃ ᠮᠠᠨ ᠤ ᠠᠭᠤᠤ ᠶᠡᠭᠡ ᠡᠬᠡ ᠤᠯᠤᠰ ᠢ 56 ᠦᠨᠳᠦᠰᠦᠲᠡᠨ ᠬᠠᠮᠲᠤ ᠪᠠᠷ ᠨᠡᠭᠡᠭᠡᠨ | ᠬᠥᠭᠵᠢᠭᠦᠯᠦᠭᠰᠡᠨ ᠶᠤᠮ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠶᠢ ᠴᠦ 56 ᠦᠨᠳᠦᠰᠦᠲᠡᠨ ᠳᠤ | ᠲᠦᠰᠢᠭᠯᠡᠨ ᠬᠠᠮᠲᠤ ᠪᠠᠷ ᠡᠭᠦᠳᠦᠨ᠎ᠡ᠃ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ ᠦᠭᠡᠢ ᠪᠣᠯ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠡᠷᠬᠡ ᠶᠤᠮ᠂ ᠦᠨᠳᠦᠰᠦᠲᠡᠨ ᠨᠦᠭᠦᠳ ᠬᠠᠮᠲᠤ ᠪᠠᠷ | ᠴᠡᠴᠡᠭᠯᠡᠨ ᠬᠥᠭᠵᠢᠬᠦ ᠦᠭᠡᠢ ᠪᠣᠯ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠯᠲᠠ ᠪᠢᠰᠢ ᠶᠤᠮ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ | ᠦᠨᠳᠦᠰᠦᠲᠡᠨ ᠨᠦᠭᠦᠳ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠲᠡᠮᠵᠢᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠦᠨᠳᠦᠰᠦᠲᠡᠨ ᠤ | ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ | ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ᠂ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠴᠠ ᠪᠠ | ᠬᠦᠴᠦᠯᠡᠬᠦ ᠴᠡᠭ ᠢ ᠣᠨᠣᠪᠴᠢᠲᠠᠢ ᠡᠵᠡᠮᠳᠡᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠠᠩᠬᠠᠨ ᠤ ᠵᠣᠷᠢᠯᠲᠠ ᠪᠠ ᠬᠠᠷᠠᠯᠲᠠ ᠪᠣᠯᠭᠠᠵᠤ᠂ | ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠳ ᠢ | ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠤᠳ ᠢ | ᠢᠯᠡᠭᠦᠬᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠮᠠᠯ | ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠢ᠂ ᠮᠠᠯᠴᠢᠳ ᠲᠠᠷᠢᠶᠠᠴᠢᠳ ᠤᠨ ᠪᠠᠶᠠᠨ ᠲᠠᠩᠰᠤᠭ ᠪᠠᠶᠢᠬᠤ ᠶᠢ ᠠᠬᠢᠭᠤᠯᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ | ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ | ᠲᠠᠯ᠎ᠠ᠂ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠦᠯᠦᠪᠯᠡᠵᠦ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠠᠮᠤᠷ ᠲᠦᠪᠰᠢᠨ ᠤ ᠬᠠᠯᠬᠠᠪᠴᠢ ᠶᠢᠨ ᠦᠢᠯᠡᠳᠦᠯ ᠢ | ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠦᠨᠳᠦᠰᠦᠲᠡᠨ ᠤ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠮᠠᠨ ᠤ ᠤᠯᠤᠰ ᠪᠣᠯ ᠤᠯᠠᠨ | ᠦᠨᠳᠦᠰᠦᠲᠡᠨ ᠲᠠᠢ ᠨᠢᠭᠡᠳᠦᠭᠰᠡᠨ ᠤᠯᠤᠰ ᠶᠤᠮ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠮᠢᠨ ᠰᠤᠳᠠᠰᠤ ᠮᠥᠨ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠳᠠᠪᠰᠢᠵᠤ᠂ | ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ | ᠡᠷᠡᠮᠡᠯᠵᠡᠯ ᠮᠥᠨ᠃ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠯ ᠢ | ᠡᠰᠡᠷᠭᠦᠴᠡᠬᠦ ᠶᠢᠨ ᠠᠴᠢ ᠬᠤᠯᠪᠣᠭᠳᠠᠯ ᠢ ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ | ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠭᠠᠭᠴᠠ ᠬᠦ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠵᠦ᠂ ᠭᠠᠷ ᠭᠠᠷ ᠢᠶᠠᠨ | ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠬᠠᠮᠲᠤ ᠪᠠᠷ ᠴᠢᠷᠮᠠᠶᠢᠨ ᠲᠡᠮᠡᠴᠡᠪᠡᠯ ᠰᠠᠶ᠋ᠢ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠠᠤᠭ᠎ᠠ ᠬᠦᠴᠦᠨ ᠢ | ᠨᠢᠭᠲᠠᠷᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ | ᠢᠷᠡᠭᠡᠳᠦᠢ ᠪᠠᠨ ᠬᠠᠮᠲᠤ ᠪᠠᠷ ᠴᠣᠭᠴᠠᠯᠠᠵᠤ ᠴᠢᠳᠠᠨ᠎ᠠ᠃ | ᠣᠯᠠᠨ ᠤ ᠬᠦᠴᠦᠨ ᠢ ᠨᠢᠭᠲᠠᠷᠠᠭᠤᠯᠪᠠᠯ ᠠᠭᠤᠯᠠ ᠶᠢ ᠨᠡᠭᠦᠯᠭᠡᠵᠦ ᠴᠢᠳᠠᠨ᠎ᠠ᠃ ᠦᠨᠳᠦᠰᠦᠲᠡᠨ ᠨᠦᠭᠦᠳ ᠤᠨ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠬᠠᠮᠲᠤ ᠪᠠᠷ ᠲᠡᠮᠡᠴᠡᠬᠦ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ | ᠴᠢᠬᠤᠯᠠ ᠡᠭᠦᠷᠭᠡ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ | ᠪᠠᠷᠢᠮᠲᠠᠯᠠᠨ᠂ ᠭᠠᠷ ᠭᠠᠷ ᠢᠶᠠᠨ ᠬᠤᠯᠪᠤᠯᠴᠠᠨ ᠮᠥᠷᠥ ᠵᠡᠷᠭᠡᠴᠡᠨ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠳᠡᠭ | ᠯᠠ ᠶᠤᠮ ᠪᠣᠯ᠂ ᠤᠷᠤᠭᠰᠢᠯᠠᠯᠲᠠ ᠶᠢᠨ ᠵᠠᠮ ᠳᠡᠭᠡᠷ᠎ᠡ ᠳᠠᠪᠠᠵᠤ ᠳᠡᠶᠢᠯᠦᠰᠢ ᠦᠭᠡᠢ ᠬᠦᠴᠢᠷ ᠪᠡᠷᠬᠡᠰᠢᠶᠡᠯ ᠭᠡᠵᠦ | ᠪᠠᠶᠢᠬᠤ ᠦᠭᠡᠢ᠂ ᠢᠯᠠᠵᠤ ᠳᠡᠶᠢᠯᠦᠰᠢ ᠦᠭᠡᠢ ᠥᠷᠢᠰᠦᠯᠳᠦᠭᠡᠨ ᠭᠡᠵᠦ ᠪᠠᠶᠢᠬᠤ ᠦᠭᠡᠢ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠵᠢᠷᠤᠭ ᠲᠥᠯᠥᠪᠯᠡᠭᠡ ᠯᠠᠪᠲᠠᠢ ᠪᠡᠶᠡᠯᠡᠭᠳᠡᠬᠦ ᠶᠤᠮ︕ | |