ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠨᠢᠭᠲᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/26
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ᠂ ᠨᠢᠭᠡ ᠪᠦᠯᠦᠭ ᠬᠥᠳᠡᠭᠡ ᠲᠣᠰᠬᠤᠨ ᠳᠤ ᠬᠠᠶᠢᠷᠠᠲᠠᠢ᠂ ᠮᠡᠷᠭᠡᠵᠢᠯ ᠲᠠᠢ᠂ ᠬᠠᠮᠢᠶᠠᠷᠤᠯᠲᠠ ᠳᠤ ᠴᠢᠳᠠᠮᠠᠭᠠᠢ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠴᠢᠬᠤᠯᠠᠲᠠᠢ᠃ ᠨᠡᠩ ᠶᠡᠭᠡ ᠪᠠᠶᠢᠷᠢᠰᠢᠯ ᠢᠶᠠᠷ ᠴᠢᠳᠠᠪᠤᠷᠢᠲᠠᠨ ᠢ ᠲᠠᠲᠠᠵᠤ᠂ ᠨᠡᠩ ᠰᠠᠶᠢᠨ ᠲᠠᠪᠴᠠᠩ ᠢᠶᠠᠷ ᠴᠢᠳᠠᠪᠤᠷᠢᠲᠠᠨ ᠢ ᠬᠥᠮᠥᠵᠢᠭᠦᠯᠵᠦ᠂ ᠨᠡᠩ ᠠᠮᠢᠳᠤᠯᠢᠭ ᠲᠣᠭᠲᠠᠴᠠ ᠪᠠᠷ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠨᠡᠩ ᠰᠢᠯᠢᠳᠡᠭ ᠦᠢᠯᠡᠴᠢᠯᠡᠭᠡ ᠪᠠᠷ ᠴᠢᠳᠠᠪᠤᠷᠢᠲᠠᠨ ᠢ ᠪᠠᠲᠤᠯᠠᠪᠠᠯ ᠰᠠᠶ᠋ᠢ ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠣᠯᠭᠤᠵᠤ ᠴᠢᠳᠠᠨ᠎ᠠ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ᠂ ᠡᠷᠬᠡᠪᠰᠢ ᠴᠢᠳᠠᠪᠤᠷᠢᠲᠠᠨ ᠤ ᠦᠢᠯᠡᠳᠦᠯ ᠢ ᠴᠢᠬᠤᠯᠠᠴᠢᠯᠠᠵᠤ᠂ ᠡᠷᠳᠡᠮᠲᠡᠨ ᠮᠡᠷᠭᠡᠳ ᠢ ᠣᠷᠣᠭᠤᠯᠬᠤ ᠵᠠᠮ ᠢ ᠥᠷᠭᠡᠨ ᠢᠶᠠᠷ ᠨᠡᠭᠡᠭᠡᠵᠦ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠲᠡᠢ᠃ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠲᠤᠬᠠᠢ ᠤᠬᠠᠭᠤᠯᠭ᠎ᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠤᠴᠤᠷᠤᠩᠭᠤᠢ ᠪᠠᠶᠢᠳᠠᠯ ᠤᠨ ᠲᠤᠬᠠᠢ ᠣᠯᠠᠨ ᠲᠦᠮᠡᠨ ᠤ ᠬᠡᠪᠰᠢᠮᠡᠯ ᠰᠠᠭᠤᠭᠳᠠᠯ ᠢ ᠬᠤᠪᠢᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠤᠲᠤᠭ ᠤᠨ ᠬᠠᠶᠢᠷ᠎ᠠ ᠰᠡᠳᠬᠢᠯᠭᠡ ᠪᠠᠷ ᠬᠤᠯᠪᠣᠭᠠᠰᠤ ᠪᠣᠯᠭᠠᠵᠤ᠂ ᠣᠶᠤᠲᠠᠨ᠂ ᠬᠤᠲᠠ ᠣᠷᠣᠵᠤ ᠬᠥᠯᠥᠰᠦᠨ ᠠᠵᠢᠯ ᠬᠢᠭᠰᠡᠳ᠂ ᠴᠡᠷᠢᠭ ᠠᠴᠠ ᠪᠠᠭᠤᠭᠰᠠᠳ ᠵᠡᠷᠭᠡ ᠬᠠᠮᠲᠤᠯᠢᠭ ᠢᠶᠠᠷ ᠭᠤᠣᠯᠳᠠᠯᠭ᠎ᠠ ᠪᠣᠯᠭᠠᠨ᠂ ᠨᠠᠩ ᠣᠯᠠᠨ ᠴᠢᠳᠠᠪᠤᠷᠢᠲᠠᠨ ᠢ ᠲᠡᠳᠡᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠳᠤ ᠣᠷᠣᠯᠴᠠᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠰᠡᠳᠬᠢᠯ ᠳᠡᠭᠡᠨ ᠪᠤᠳᠤᠵᠤ᠂ ᠮᠠᠯᠵᠢᠬᠤ ᠲᠠᠷᠢᠶᠠᠯᠠᠬᠤ ᠣᠷᠣᠨ ᠲᠠᠢ ᠰᠡᠳᠬᠢᠯᠭᠡ ᠪᠠᠨ ᠬᠤᠯᠪᠣᠭᠰᠠᠨ᠂ ᠬᠠᠷᠠᠭ᠎ᠠ ᠥᠷᠭᠡᠨ ᠂ ᠣᠶᠢᠯᠠᠭᠠᠭᠳᠠᠬᠤᠨ ᠲᠡᠷᠢᠭᠦᠨ ᠤ ︽ᠰᠢᠨ᠎ᠡ ᠲᠠᠷᠢᠶᠠᠴᠢᠨ︾ ︽ᠰᠢᠨ᠎ᠡ ᠮᠠᠯᠴᠢᠨ︾ ᠢ ᠬᠥᠮᠥᠵᠢᠭᠦᠯᠦᠨ ᠪᠣᠶᠢᠵᠢᠭᠤᠯᠤᠨ᠎ᠠ᠃ ᠴᠢᠳᠠᠪᠤᠷᠢᠲᠠᠨ ᠢ ᠲᠠᠨᠢᠬᠤ ᠪᠢᠯᠢᠭ ᠤᠨ ᠨᠢᠳᠦ᠂ ᠴᠢᠳᠠᠪᠤᠷᠢᠲᠠᠨ ᠢ ᠬᠠᠶᠢᠷᠠᠯᠠᠬᠤ ᠦᠨᠡᠨᠴᠢ ᠰᠡᠳᠬᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ᠂ ᠴᠢᠬᠤᠯᠠ ᠠᠵᠢᠯ ᠤᠨ ᠪᠠᠶᠢᠷᠢ ᠶᠢᠨ ᠬᠡᠷᠡᠭᠴᠡᠭᠡ ᠳᠤ ᠵᠣᠬᠢᠴᠠᠬᠤ᠂ ᠵᠣᠬᠢᠴᠠᠩᠭᠤᠢ ᠵᠠᠩ ᠮᠣᠷᠠᠯ ᠪᠠ ᠴᠢᠳᠠᠪᠤᠷᠢ ᠶᠢ ᠪᠦᠷᠢᠳᠦᠭᠦᠯᠬᠦ᠂ ᠵᠣᠷᠢᠭᠲᠠᠢ ᠪᠠᠷ ᠲᠦᠷᠦᠭᠦᠯᠡᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢᠲᠠᠨ ᠢ ᠰᠣᠩᠭᠤᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠡᠬᠢ ᠪᠤᠯᠠᠭ︾ ᠬᠠᠩᠭᠠᠬᠤ ᠬᠡᠷᠡᠭᠲᠡᠢ᠃     ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠨᠤᠲᠤᠭ ᠤᠨ ᠴᠢᠳᠠᠪᠤᠷᠢᠲᠠᠨ ᠢ ᠲᠥᠷᠥᠯ ᠬᠤᠪᠢᠶᠠᠨ ᠬᠠᠮᠢᠶᠠᠷᠬᠤ᠂ ᠬᠠᠨᠳᠤᠯᠭᠠᠲᠤ ᠬᠥᠮᠥᠵᠢᠭᠦᠯᠦᠯ ᠬᠢᠵᠦ᠂ ᠬᠡᠷᠡᠭᠯᠡᠭᠡᠨ ᠤ ᠮᠡᠷᠭᠡᠵᠢᠯ ᠤᠨ ᠲᠠᠶᠢᠯᠤᠮᠵᠢ ᠬᠢᠬᠦ᠂ ︽ᠨᠠᠷᠠᠲᠤ ᠪᠠᠭᠰᠢ ᠱᠠᠪᠢ ᠳᠠᠭᠠᠭᠤᠯᠬᠤ︾᠂ ᠵᠠᠬᠢᠶᠠᠯᠠᠭ᠎ᠠ ᠶᠢᠨ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ ᠲᠥᠷᠥᠯ ᠬᠤᠪᠢᠶᠠᠨ ᠪᠣᠯᠪᠠᠰᠤᠷᠠᠭᠤᠯᠤᠯ ᠥᠷᠨᠢᠭᠦᠯᠵᠦ᠂ ᠨᠢᠭᠡ ᠪᠦᠯᠦᠭ ︽ᠨᠤᠲᠤᠭ ᠤᠨ ᠮᠡᠷᠭᠡᠵᠢᠯᠲᠡᠨ︾ ︽ᠲᠢᠶᠠᠨ ᠰᠢᠸ ᠼᠠᠢ︾ ᠶᠢ ᠬᠥᠮᠥᠵᠢᠭᠦᠯᠦᠨ᠎ᠡ᠃ ᠬᠤᠲᠠ ᠶᠢᠨ ᠰᠢᠯᠢᠳᠡᠭ ᠴᠢᠳᠠᠪᠤᠷᠢᠲᠠᠨ ᠢ ᠤᠷᠠᠨ ᠢᠶᠠᠷ ᠤᠷᠢᠨ ᠬᠡᠷᠡᠭᠯᠡᠵᠦ᠂ ᠰᠠᠶᠢᠨ ᠳᠤᠷ᠎ᠠ ᠶᠢᠨ ᠦᠢᠯᠡᠴᠢᠯᠡᠭᠡ᠂ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ ᠳᠤ ᠰᠢᠯᠢᠳᠡᠭ ᠴᠢᠳᠠᠪᠤᠷᠢᠲᠠᠨ ᠢ ᠰᠣᠩᠭᠤᠨ ᠲᠣᠮᠢᠯᠠᠵᠤ ︽ᠴᠢᠳᠠᠪᠤᠷᠢᠲᠠᠨ ᠤ ᠦᠢᠯᠡᠴᠢᠯᠡᠭᠡᠨ ᠤ ᠠᠩᠭᠢ︾ ᠶᠢ ᠪᠦᠷᠢᠯᠳᠦᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠹᠷᠣᠨᠲ ᠲᠤ ᠬᠦᠷᠴᠦ ᠮᠡᠷᠭᠡᠵᠢᠯ ᠴᠢᠳᠠᠪᠤᠷᠢ ᠶᠢᠨ ᠦᠢᠯᠡᠴᠢᠯᠡᠭᠡ ᠥᠷᠨᠢᠭᠦᠯᠦᠨ᠎ᠡ᠃ ᠢᠯᠠᠩᠭᠤᠶ᠎ᠠ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠠᠵᠢᠯ ᠮᠡᠷᠭᠡᠵᠢᠯ ᠤᠨ ᠡᠵᠡᠩᠨᠡᠨ ᠬᠠᠮᠢᠶᠠᠷᠤᠭᠴᠢ᠂ ᠵᠠᠭᠤᠴᠢᠯᠠᠭᠴᠢ᠂ ᠬᠥᠳᠡᠭᠡ ᠲᠣᠰᠬᠤᠨ ᠤ ᠤᠷᠠᠨ ᠳᠠᠷᠬᠠᠳ᠂ ᠰᠣᠶᠣᠯ ᠤᠨ ᠴᠢᠳᠠᠪᠤᠷᠢᠲᠠᠨ ᠪᠠ ᠤᠳᠤᠮᠰᠢᠯ ᠤᠨ ᠪᠤᠰᠤ ᠵᠠᠯᠭᠠᠮᠵᠢᠯᠠᠭᠴᠢ ᠵᠡᠷᠭᠡ ᠶᠢ ᠳᠡᠮᠵᠢᠨ ᠬᠥᠮᠥᠵᠢᠭᠦᠯᠬᠦ ᠬᠡᠷᠡᠭᠲᠡᠢ᠃ ᠴᠢᠳᠠᠪᠤᠷᠢᠲᠠᠨ ᠪᠣᠯᠬᠤ ᠰᠠᠶᠢᠨ ᠰᠠᠨᠠᠭ᠎ᠠ᠂ ᠴᠢᠳᠠᠪᠤᠷᠢᠲᠠᠨ ᠢ ᠬᠥᠮᠥᠵᠢᠭᠦᠯᠬᠦ ᠰᠠᠶᠢᠨ ᠠᠷᠭ᠎ᠠ ᠪᠣᠳᠣᠯᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠴᠢᠳᠠᠪᠤᠷᠢᠲᠠᠨ ᠢ ᠬᠥᠮᠥᠵᠢᠭᠦᠯᠵᠦ᠂ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠢᠳᠠᠪᠤᠷᠢᠲᠠᠨ ᠤ ᠴᠢᠨᠠᠷ ᠴᠢᠨᠰᠠᠭ᠎ᠠ ᠶᠢ ᠬᠠᠳᠠᠭᠠᠯᠠᠬᠤ ᠬᠡᠷᠡᠭᠲᠡᠢ᠃     ᠲᠠᠷᠢᠶᠠᠨ ᠭᠠᠵᠠᠷ ᠪᠣᠯ ᠡᠯ᠎ᠡ ᠲᠦᠷᠦᠯ ᠤᠨ ᠴᠢᠳᠠᠪᠤᠷᠢᠲᠠᠨ ᠤ ︽ᠴᠡᠷᠢᠭ ᠤᠨ ᠪᠣᠯᠪᠠᠰᠤᠷᠠᠯ ᠤᠨ ᠲᠠᠯᠠᠪᠠᠢ︾ ᠮᠥᠨ᠂ ᠥᠷᠭᠡᠨ ᠠᠭᠤᠳᠠᠮ ᠬᠥᠳᠡᠭᠡ ᠲᠣᠰᠬᠤᠨ ᠳᠤ ᠲᠤᠭ᠎ᠠ ᠲᠣᠮᠰᠢ ᠦᠭᠡᠢ ᠤᠯᠠᠨ ᠨᠠᠯᠠᠷᠬᠠᠢ ᠴᠢᠨᠠᠷ ᠲᠠᠢ ᠴᠢᠳᠠᠪᠤᠷᠢᠲᠠᠨ ᠨᠢᠭᠤᠭᠳᠠᠵᠤ ᠪᠠᠶᠢᠳᠠᠭ᠃ ᠴᠢᠳᠠᠪᠤᠷᠢᠲᠠᠨ ᠢ ᠢᠯᠡᠷᠡᠭᠦᠯᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠲᠠᠯᠪᠢᠬᠤ ᠢᠨᠵᠧᠨᠧᠷᠢᠩ᠂ ᠬᠥᠳᠡᠯᠭᠡᠬᠦ ᠬᠦᠴᠦᠨ ᠤ ᠬᠥᠳᠡᠯᠭᠡᠭᠦᠷ ᠪᠣᠯᠭᠠᠨ ᠠᠳᠬᠤᠵᠤ᠂ ᠠᠳᠠᠯᠢ ᠪᠤᠰᠤ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠣᠨᠴᠠ ᠴᠢᠳᠠᠪᠤᠷᠢ᠂ ᠳᠤᠷ᠎ᠠ ᠰᠣᠨᠢᠷᠬᠠᠯ ᠵᠡᠷᠭᠡ ᠪᠠᠷ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠡᠯ᠎ᠡ ᠲᠦᠷᠦᠯ ᠤᠨ ᠠᠵᠢᠯᠯᠠᠭᠴᠢ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠦᠨᠳᠦᠰᠦᠨ ᠱᠠᠲᠤᠨ ᠤ ᠬᠥᠭᠵᠢᠯᠲᠡ ᠳᠤ ᠬᠠᠮᠤᠭ ᠤᠨ ᠬᠡᠷᠡᠭᠴᠡᠭᠡ ᠲᠠᠢ ᠴᠢᠳᠠᠪᠤᠷᠢᠲᠠᠨ ᠢ ᠣᠯᠭᠤᠵᠤ᠂ ᠴᠢᠳᠠᠪᠤᠷᠢᠲᠠᠨ ᠳᠤ ᠬᠠᠮᠤᠭ ᠤᠨ ᠲᠣᠬᠢᠷᠠᠮᠵᠢᠲᠠᠢ ᠲᠠᠪᠴᠠᠩ ᠢ ᠣᠯᠭᠤᠬᠤ ᠬᠡᠷᠡᠭᠲᠡᠢ᠃ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠠᠵᠢᠯ ᠲᠦᠷᠦᠯ ᠳᠤ ᠲᠠᠷᠬᠠᠵᠤ ᠪᠠᠶᠢᠭ᠎ᠠ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠦᠴᠦ ᠪᠠᠨ ᠬᠠᠮᠲᠤᠳᠬᠠᠨ ᠠᠬᠢᠭᠤᠯᠬᠤ ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠨᠡᠩ ᠶᠡᠭᠡ ᠡᠷᠴᠢᠮ ᠢᠶᠠᠷ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠥᠨᠳᠥᠷ ᠪᠦᠲᠦᠮᠵᠢᠲᠡᠢ ᠪᠠᠷ ᠬᠡᠷᠡᠭᠯᠡᠵᠦ᠂ ᠴᠢᠳᠠᠪᠤᠷᠢᠲᠠᠨ ᠢ ᠠᠮᠢᠳᠤᠯᠢᠭ ᠢᠶᠠᠷ ᠬᠡᠷᠡᠭᠯᠡᠵᠦ᠂ ᠴᠢᠳᠠᠪᠤᠷᠢᠲᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠣᠨᠴᠠ ᠴᠢᠳᠠᠪᠤᠷᠢ ᠪᠣᠯᠣᠨ ᠳᠠᠪᠠᠭᠤᠯᠢᠭ ᠢ ᠪᠠᠳᠠᠷᠠᠭᠤᠯᠵᠤ᠂ ᠳᠤᠲᠠᠭᠤᠳᠠᠯ ᠢ ᠨᠢ ᠨᠥᠬᠦᠪᠦᠷᠢᠯᠡᠬᠦ ᠪᠤᠶᠤ ᠵᠠᠶᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠤᠨ ᠬᠥᠭᠵᠢᠯᠲᠡ ᠪᠣᠯᠣᠨ ᠴᠢᠳᠠᠪᠤᠷᠢᠲᠠᠨ ᠤ ᠡᠩᠨᠡᠭᠡ ᠶᠢᠨ ᠪᠤᠶᠢᠵᠢᠯᠲᠠ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃     ᠤᠷᠳᠤ ᠬᠤᠭᠤᠴᠠᠭᠠᠨ ᠤ ᠲᠤᠷᠰᠢ᠂ ᠦᠨᠳᠦᠰᠦᠨ ᠱᠠᠲᠤᠨ ᠳᠤ ︽ᠴᠢᠳᠠᠪᠤᠷᠢᠲᠠᠨ ᠢ ᠲᠠᠲᠠᠬᠤ ᠳᠤ ᠠᠮᠠᠷᠬᠠᠨ᠂ ᠴᠢᠳᠠᠪᠤᠷᠢᠲᠠᠨ ᠢ ᠦᠯᠡᠳᠡᠭᠡᠬᠦ ᠳᠤ ᠬᠦᠴᠢᠷᠲᠡᠢ︾ ᠪᠠᠶᠢᠬᠤ ᠡᠪ ᠦᠭᠡᠢ ᠪᠠᠶᠢᠳᠠᠯ ᠳᠤ ᠲᠤᠯᠭᠠᠷᠠᠭᠰᠠᠭᠠᠷ ᠢᠷᠡᠪᠡ᠃ ᠤᠶᠠᠩᠭᠠᠲᠤ ᠮᠣᠳᠣ ᠶᠢ ᠵᠠᠶᠢᠯᠠᠪᠠᠯ ᠭᠠᠷᠤᠳᠢ ᠶᠢ ᠲᠠᠲᠠᠵᠤ ᠠᠪᠴᠢᠷᠠᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠶᠠᠪᠤᠴᠠ ᠳᠤ᠂ ᠲᠦᠷᠦ ᠶᠢᠨ ᠪᠣᠳᠣᠯᠭ᠎ᠠ᠂ ᠳᠡᠮᠵᠢᠯᠭᠡ᠂ ᠢᠷᠠᠭᠤ ᠠᠯᠳᠠᠷ᠂ ᠢᠲᠡᠭᠡᠯ ᠢ ᠣᠯᠭᠤᠵᠤ᠂ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠦᠢᠯᠡᠴᠢᠯᠡᠵᠦ᠂ ᠬᠥᠳᠡᠭᠡ ᠲᠣᠰᠬᠤᠨ ᠤ ᠴᠢᠳᠠᠪᠤᠷᠢᠲᠠᠨ ᠳᠤ ︽ᠬᠠᠪᠤᠷ ᠤᠨ ᠤᠰᠤ︾ ᠶᠢ ᠠᠮᠢᠯᠠᠭᠤᠯᠬᠤ ᠬᠡᠷᠡᠭᠲᠡᠢ᠃ ᠠᠵᠢᠯ ᠤᠨ ᠪᠠᠶᠢᠷᠢ ᠳᠡᠪᠰᠢᠬᠦ ᠂ ᠴᠠᠯᠢᠩ ᠠᠰᠠᠷᠠᠮᠵᠢ ᠵᠡᠷᠭᠡ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠴᠢᠳᠠᠪᠤᠷᠢᠲᠠᠨ ᠢ ᠮᠠᠯᠵᠢᠬᠤ ᠲᠠᠷᠢᠶᠠᠯᠠᠬᠤ ᠣᠷᠣᠨ ᠳᠤ ᠬᠥᠳᠡᠯᠮᠦᠷᠢᠯᠡᠪᠡᠯ ᠣᠷᠣᠯᠭ᠎ᠠ ᠲᠠᠢ ᠪᠣᠯᠭᠠᠵᠤ᠂ ᠴᠢᠳᠠᠪᠤᠷᠢᠲᠠᠨ ᠤ ᠮᠠᠯᠵᠢᠬᠤ ᠲᠠᠷᠢᠶᠠᠯᠠᠬᠤ ᠣᠷᠣᠨ ᠳᠤ ᠦᠨᠳᠦᠰᠦ ᠬᠠᠳᠬᠤᠬᠤ ᠳᠤ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠨ ᠥᠭᠴᠦ᠂ ᠲᠡᠳᠡᠨ ᠢ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠴᠢᠳᠠᠪᠤᠷᠢᠲᠠᠨ ᠢ ᠦᠯᠡᠳᠡᠭᠡᠬᠦ ︾  ᠨᠢ ︽ ᠠᠩᠬᠠᠷᠬᠤ ︾ ᠳᠤ ᠪᠠᠶᠢᠵᠤ ᠂ ᠴᠢᠳᠠᠪᠤᠷᠢᠲᠠᠨ ᠢ ᠲᠠᠨᠢᠵᠤ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠬᠦᠨᠳᠦᠳᠬᠡᠵᠦ ᠴᠢᠳᠠᠪᠤᠷᠢᠲᠠᠨ ᠢ ᠬᠡᠷᠡᠭᠯᠡᠬᠦ ᠠᠵᠢᠯ ᠤᠨ ᠣᠷᠴᠢᠨ ᠲᠣᠭᠤᠷᠢᠨ ᠪᠠ ᠠᠭᠤᠷ ᠠᠮᠢᠰᠬᠤᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠨ ᠪᠠᠭᠲᠠᠭᠠᠬᠤ ᠬᠥᠮᠥᠨᠴᠢ ᠴᠢᠨᠠᠷᠲᠠᠢ ᠬᠠᠮᠢᠶᠠᠷᠤᠯᠲᠠ ᠪᠠᠷ ᠴᠢᠳᠠᠪᠤᠷᠢᠲᠠᠨ ᠤ ᠳᠠᠯᠳᠠ ᠴᠢᠳᠠᠪᠤᠷᠢ ᠶᠢ ᠬᠠᠮᠤᠭ ᠤᠨ ᠶᠡᠭᠡ ᠪᠠᠷ ᠪᠠᠳᠠᠷᠠᠭᠤᠯᠵᠤ᠂ ᠦᠨ᠎ᠡ ᠦᠷᠳᠡᠭ ᠢ ᠬᠠᠮᠤᠭ ᠤᠨ ᠰᠠᠶᠢᠨ ᠢᠯᠡᠷᠡᠭᠦᠯᠵᠦ᠂ ᠲᠡᠳᠡᠨ ᠢ ᠵᠣᠷᠢᠭᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠥᠷᠭᠡᠨ ᠠᠭᠤᠳᠠᠮ ᠣᠷᠣᠨ ᠵᠠᠢ ᠳᠤ ᠴᠢᠳᠠᠯ ᠢᠶᠠᠨ ᠶᠡᠭᠡ ᠪᠠᠷ ᠪᠠᠳᠠᠷᠠᠭᠤᠯᠵᠤ᠂ ᠠᠪᠢᠶᠠᠰ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠬᠡᠷᠡᠭᠲᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号