ᠯᠢᠦ ᠭᠦᠸᠧ ᠵᠦᠩ᠄ ᠬᠠᠷᠢᠭᠤᠴᠠᠯᠭ᠎ᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠴᠢᠩᠭᠠᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠡᠷᠡᠰ ᠪᠠᠬᠢᠵᠢᠭᠦᠯᠦᠨ ᠰᠠᠶᠢᠲᠤᠷ ᠥᠷᠭᠡᠳᠬᠡᠬᠦ ᠬᠡᠷᠡᠭᠲᠡᠢ
ᠨᠡᠶᠢᠲᠡᠯᠡᠭᠰᠡᠨ ᠴᠠᠭ᠄
2023/5/26
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠯᠢᠦ ᠭᠦᠸᠧ ᠵᠥᠩ 22 ᠤᠨ ᠡᠳᠦᠷ ᠠᠴᠠ 24 ᠤ ᠡᠳᠦᠷ ᠪᠣᠯᠲᠠᠯ᠎ᠠ ᠬᠥᠬᠡᠨᠠᠭᠤᠷ᠂ ᠭᠠᠨᠰᠤ ᠳᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠲᠠᠢ ᠤᠶᠠᠯᠳᠤᠭᠤᠯᠵᠤ᠂ ᠬᠠᠷᠢᠭᠤᠴᠠᠯᠭ᠎ᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠴᠥᠬᠡᠨ ᠴᠦ ᠰᠤᠯᠠᠷᠠᠭᠤᠯᠤᠯ ᠦᠭᠡᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠡᠷᠡᠰ ᠪᠠᠲᠤ ᠪᠠᠷ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠬᠢᠵᠢᠭᠦᠯᠵᠦ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠣᠮᠣ ᠶᠠᠪᠤᠳᠠᠯ ᠢ ᠦᠷᠭᠦᠯᠵᠢᠯᠡᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃     ᠯᠢᠦ ᠭᠦᠸᠧ ᠵᠦᠩ ᠤᠷᠢᠳ ᠬᠤᠵᠢᠳ ᠬᠥᠬᠡᠨᠠᠭᠤᠷ ᠮᠤᠵᠢ ᠶᠢᠨ ᠬᠤᠸᠠᠩᠨᠠᠨ ᠵᠧᠦ᠂ ᠬᠠᠶᠢᠳᠦ᠋ᠩ ᠬᠤᠲᠠ ᠪᠣᠯᠣᠨ ᠭᠠᠨᠰᠤ ᠮᠤᠵᠢ ᠶᠢᠨ ᠯᠢᠨᠰᠢᠶᠠ ᠵᠧᠦ᠂ ᠳ᠋ᠢᠩᠰᠢ ᠬᠤᠲᠠ ᠵᠡᠷᠭᠡ ᠭᠠᠵᠠᠷ ᠢᠶᠠᠷ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠲᠦᠷᠦᠯ ᠵᠦᠢᠯ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ ᠣᠨᠳᠣᠣ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠣᠷᠣᠨ ᠵᠡᠷᠭᠡ ᠶᠢ ᠰᠢᠨᠵᠢᠯᠡᠨ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ︽ ᠭᠤᠷᠪᠠ ᠶᠢ ᠪᠠᠲᠤᠯᠠᠬᠤ ︾ ᠪᠠ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠵᠢᠴᠢ ᠬᠠᠪᠰᠤᠷᠤᠨ ᠲᠡᠳᠬᠦᠬᠦ ᠲᠦᠷᠦᠯ ᠵᠦᠢᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠲᠤᠳᠬᠠᠨ ᠥᠷᠭᠡᠳᠬᠡᠬᠦ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠲᠠᠪᠤᠨ ᠱᠠᠲᠤᠨ ᠤ ᠱᠦᠵᠢ ᠬᠠᠮᠲᠤᠪᠠᠷ ᠠᠳᠬᠤᠬᠤ ᠶᠢ ᠪᠠᠷᠢᠮᠲᠠᠯᠠᠵᠤ᠂ ︽ᠳᠥᠷᠪᠡ ᠶᠢ ᠰᠠᠯᠭᠠᠬᠤ ᠦᠭᠡᠢ︾ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠯᠵᠢᠯᠲᠡ ᠶᠢᠨ ᠬᠤᠭᠤᠴᠠᠭᠠᠨ ᠳᠠᠬᠢ ᠭᠤᠣᠯ ᠪᠣᠯᠬᠤ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠤᠯᠠᠨ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠦᠷᠭᠡᠨ ᠢᠯᠡᠷᠡᠭᠦᠯᠬᠦ ᠪᠠ ᠠᠷᠭᠠᠴᠠᠬᠤ ᠲᠣᠭᠲᠠᠴᠠ ᠶᠢ ᠪᠦᠷᠢᠨᠰᠢᠭᠦᠯᠵᠦ᠂ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠤᠨᠢᠨ ᠳᠡᠭᠡᠷ᠎ᠡ  ᠨᠢ ᠰᠡᠷᠭᠡᠶᠢᠯᠡᠨ ᠠᠷᠢᠯᠭᠠᠬᠤ ᠬᠡᠷᠡᠭᠲᠡᠢ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠬᠡᠯᠪᠡᠶᠢᠯᠭᠡᠵᠦ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠦᠷᠭᠦᠯᠵᠢᠯᠡᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠨᠡᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃     ᠯᠢᠦ ᠭᠦᠸᠧ ᠵᠦᠩ᠂ ᠠᠵᠤ ᠦᠢᠯᠡᠰ ᠪᠣᠯᠣᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠶᠡᠬᠡᠪᠡᠷ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠃ ᠨᠡᠩ ᠶᠡᠭᠡ ᠬᠦᠴᠦ ᠣᠷᠣᠭᠤᠯᠵᠤ ᠪᠠᠶᠢᠭᠠᠳ ︽ ᠨᠤᠲᠤᠭ ᠤᠨ ᠣᠨᠴᠠ ᠭᠠᠷᠤᠯᠲᠠ ︾  ᠶᠢᠨ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠲᠦᠷᠦᠯ ᠬᠤᠪᠢᠶᠠᠨ ᠨᠠᠶᠢᠳᠠᠪᠤᠷᠢᠵᠢᠭᠤᠯᠵᠤ᠂ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠠᠵᠢᠯ ᠣᠯᠭᠤᠯᠲᠠ ᠶᠢ ᠲᠡᠳᠬᠦᠨ ᠳᠡᠮᠵᠢᠬᠦ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠭᠠᠳᠠᠭᠰᠢ ᠭᠠᠷᠴᠤ ᠲᠣᠭᠲᠠᠭᠤᠨ ᠢᠶᠠᠷ ᠠᠵᠢᠯ ᠣᠯᠬᠤ ᠶᠢ ᠦᠷᠭᠦᠯᠵᠢᠯᠡᠨ ᠲᠡᠮᠵᠢᠵᠤ ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠪᠠᠷ ᠳᠠᠮᠵᠢᠭᠤᠯᠤᠨ ᠲᠤᠬᠠᠢ ᠶᠢᠨ ᠭᠠᠵᠠᠷ ᠤᠨ ᠠᠵᠢᠯ ᠤᠨ ᠪᠠᠶᠢᠷᠢ ᠶᠢ ᠠᠭᠤᠳᠠᠯᠵᠤ᠂ ᠣᠶᠢᠷ᠎ᠠ ᠬᠠᠪᠢ ᠳᠠᠭᠠᠨ ᠠᠵᠢᠯ ᠣᠯᠬᠤ ᠲᠣᠬᠢᠶᠠᠯ ᠢ ᠨᠡᠮᠡᠭᠳᠡᠭᠦᠯᠬᠦ ᠬᠡᠷᠡᠭᠲᠡᠢ ᠃     ᠯᠢᠦ ᠭᠦᠸᠧ ᠵᠦᠩ ᠪᠠᠰᠠ ᠮᠤᠵᠢ᠂ ᠰᠢᠶᠠᠨ ᠬᠤᠶᠠᠷ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠭᠤᠯᠤᠮᠵᠢ ᠳᠤ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠥᠮ ᠨᠢ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠤᠮᠳᠠ᠂ ᠰᠢᠯᠢᠳᠡᠭ ᠤᠯᠠᠮᠵᠢᠯᠠᠯᠲᠤ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠬᠠᠷᠢᠭᠤᠴᠠᠯᠭ᠎ᠠ ᠪᠠᠨ ᠬᠤᠪᠢᠷᠠᠭᠤᠯᠬᠤ ᠦᠭᠡᠢ᠂ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ ᠂ ᠺᠠᠳ᠋ᠷ ᠤᠨ ᠬᠤᠭᠤᠴᠠᠭ᠎ᠠ ᠲᠤᠯᠪᠠᠯ ᠲᠣᠬᠢᠷᠠᠭᠤᠯᠤᠯᠲᠠ ᠬᠢᠵᠦ ᠡᠭᠡᠯᠵᠢᠯᠡᠨ ᠰᠣᠯᠢᠬᠤ ᠠᠵᠢᠯ ᠢ ᠰᠠᠶᠢᠲᠤᠷ ᠬᠢᠵᠦ᠂ ᠪᠣᠯᠪᠠᠰᠤᠷᠠᠯ ᠪᠣᠯᠣᠨ ᠡᠳᠦᠷ ᠳᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号