ᠤᠯᠤᠰ  ᠠᠴᠠ 6150 ᠬᠥᠮᠥᠨ  ᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠦᠨ᠎ᠡ᠂ ᠭᠡᠬᠦ ᠳᠤ ᠪᠠᠨ ᠵᠥᠪᠬᠡᠨ ᠬᠥᠳᠡᠭᠡ ᠶᠢᠨ ᠰᠤᠷᠤᠭᠴᠢ ᠪᠠᠷ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2023/5/29
       ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠨᠡᠶᠢᠲᠡᠯᠡᠵᠦ᠂ ᠡᠨᠡ ᠵᠢᠯ ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠠᠨᠠᠭᠠᠬᠤ ᠤᠬᠠᠭᠠᠨ ᠤ ᠰᠣᠷᠣᠭᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠭᠠᠵᠠᠷ ᠤᠨ ᠬᠢᠨ ᠢ 2023 ᠣᠨ ᠤ ᠲᠥᠪ ᠤᠨ ᠡᠳ᠋ ᠤᠨ ᠵᠠᠰᠠᠭ ᠠᠴᠠ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠬᠥᠳᠡᠭᠡ ᠲᠣᠰᠬᠤᠨ ᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠰᠦᠢᠳᠬᠡᠯ ᠬᠤᠷᠢᠶᠠᠬᠤ ᠦᠭᠡᠢ ᠪᠠᠷ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠡᠯᠰᠡᠨ᠎ᠡ᠃      ᠣᠶᠢᠯᠠᠭᠠᠭᠰᠠᠨ ᠢᠶᠠᠷ᠂ 2023 ᠣᠨ ᠳᠤ ᠲᠥᠪ ᠤᠨ ᠡᠳ᠋ ᠤᠨ ᠵᠠᠰᠠᠭ  ᠠᠴᠠ ᠳᠡᠭᠡᠳᠦ ᠵᠡᠷᠭᠡ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠳᠤᠮᠳᠠ ᠬᠡᠰᠡᠭ ᠪᠠᠷᠠᠭᠤᠨ ᠬᠡᠰᠡᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠲᠠᠪᠤᠨ ᠵᠢᠯ ᠤᠨ ᠳᠦᠷᠢᠮᠲᠦ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢ ᠨᠡᠶᠢᠲᠡ 6150 ᠬᠥᠮᠥᠵᠢᠭᠦᠯᠬᠦ ᠶᠢ ᠳᠡᠮᠵᠢᠵᠦ᠂ ᠲᠤᠰᠬᠠᠢ ᠮᠡᠷᠭᠡᠵᠢᠯ ᠳᠤ ᠡᠮᠴᠢᠯᠡᠭᠡᠨ ᠤ ᠠᠨᠠᠭᠠᠬᠤ ᠤᠬᠠᠭᠠᠨ᠂ ᠬᠢᠲᠠᠳ ᠠᠨᠠᠭᠠᠬᠤ ᠤᠬᠠᠭᠠᠨ᠂ ᠮᠣᠩᠭᠤᠯ ᠠᠨᠠᠭᠠᠬᠤ ᠤᠬᠠᠭᠠᠨ ᠪᠠ ᠤᠶᠢᠭᠤᠷ ᠠᠨᠠᠭᠠᠬᠤ ᠤᠬᠠᠭᠠᠨ ᠪᠠᠭᠲᠠᠨ᠎ᠠ᠃ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠩᠬᠢᠨᠢ ᠠᠩᠭᠢ ᠶᠢᠨ ᠰᠦᠢᠳᠬᠡᠯ ᠥᠯᠥ ᠬᠤᠷᠢᠶᠠᠬᠤ ᠠᠨᠠᠭᠠᠬᠤ ᠤᠬᠠᠭᠠᠨ ᠤ ᠰᠣᠷᠣᠭᠴᠢ ᠶᠢᠨ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ ᠲᠥᠯᠥᠪᠯᠡᠭᠡ ᠶᠢ 2023 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠣᠨ ᠤ ᠰᠣᠷᠣᠭᠴᠢ ᠡᠯᠰᠡᠬᠦ ᠬᠡᠪᠴᠢᠶ᠎ᠡ ᠳᠤ ᠣᠷᠣᠭᠤᠯᠵᠤ᠂ ᠰᠦᠢᠳᠬᠡᠯ ᠥᠯᠥ ᠬᠤᠷᠢᠶᠠᠬᠤ ᠠᠨᠠᠭᠠᠬᠤ ᠤᠬᠠᠭᠠᠨ ᠤ ᠰᠣᠷᠣᠭᠴᠢ ᠶᠢ ᠬᠥᠮᠥᠵᠢᠭᠦᠯᠬᠦ ᠡᠭᠦᠷᠭᠡ ᠶᠢ ᠡᠭᠦᠷᠭᠡᠯᠡᠬᠦ ᠳᠡᠭᠡᠳᠦ ᠰᠤᠷᠭᠠᠭᠤᠯᠢ ︵ᠳᠣᠷᠣᠭᠰᠢ ᠬᠥᠮᠥᠵᠢᠭᠦᠯᠬᠦ ᠳᠡᠭᠡᠳᠦ ᠰᠤᠷᠭᠠᠭᠤᠯᠢ ᠭᠡᠵᠦ ᠲᠣᠪᠴᠢᠯᠠᠨ᠎ᠠ︶ ᠶᠢᠨ ᠵᠣᠬᠢᠴᠠᠩᠭᠤᠢ ᠲᠤᠰᠬᠠᠢ ᠮᠡᠷᠭᠡᠵᠢᠯ ᠤᠨ ᠰᠣᠷᠣᠭᠴᠢ ᠡᠯᠰᠡᠬᠦ ᠬᠡᠪᠴᠢᠶ᠎ᠡ ᠶᠢ ᠥᠯᠥ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠰᠣᠷᠣᠭᠴᠢ ᠡᠯᠰᠡᠬᠦ ᠪᠦᠲᠦᠴᠡ ᠳᠤ ᠲᠣᠬᠢᠷᠠᠭᠤᠯᠤᠯᠲᠠ ᠬᠢᠨ᠎ᠡ᠃      ᠲᠥᠪ ᠤᠨ ᠡᠳ᠋ ᠤᠨ ᠵᠠᠰᠠᠭ ᠠᠴᠠ ᠳᠡᠮᠵᠢᠵᠦ ᠪᠠᠶᠢᠭ᠎ᠠ ᠰᠦᠢᠳᠬᠡᠯ ᠥᠯᠥ ᠬᠤᠷᠢᠶᠠᠬᠤ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢᠨ ᠵᠠᠬᠢᠶᠠᠯᠠᠭ᠎ᠠ ᠶᠢᠨ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ ᠲᠥᠯᠥᠪᠯᠡᠭᠡ ᠶᠢ ᠬᠤᠯᠪᠣᠭᠳᠠᠯ ᠪᠦᠬᠦᠢ ᠰᠤᠷᠭᠠᠭᠤᠯᠢ ᠶᠢᠨ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠰᠣᠷᠣᠭᠴᠢ ᠡᠯᠰᠡᠬᠦ ᠢᠷᠡᠯᠲᠡ ᠶᠢᠨ ᠲᠥᠯᠥᠪᠯᠡᠭᠡ ᠳᠤ ᠠᠰ ᠲᠤᠨᠢ ᠨᠠᠶᠢᠷᠠᠭᠤᠯᠤᠨ ᠵᠣᠬᠢᠶᠠᠵᠤ᠂ ᠲᠥᠯᠥᠪᠯᠡᠭᠡ ᠶᠢᠨ ᠰᠢᠨᠵᠢ ᠴᠢᠨᠠᠷ ᠨᠢ ︽ᠤᠯᠤᠰ ᠤᠨ ᠰᠦᠢᠳᠬᠡᠯ ᠥᠯᠥ ᠬᠤᠷᠢᠶᠠᠬᠤ ᠠᠨᠠᠭᠠᠬᠤ ᠤᠬᠠᠭᠠᠨ ᠤ ᠰᠣᠷᠣᠭᠴᠢ︾ ᠪᠣᠯᠣᠨ᠎ᠠ᠃ ᠰᠦᠢᠳᠬᠡᠯ ᠬᠤᠷᠢᠶᠠᠬᠤ ᠦᠭᠡᠢ ᠪᠠᠷ ᠠᠨᠠᠭᠠᠬᠤ ᠤᠬᠠᠭᠠᠨ ᠤ ᠬᠠᠨᠳᠤᠯᠭ᠎ᠠ ᠲᠠᠢ ᠰᠣᠷᠣᠭᠴᠢ ᠡᠯᠰᠡᠬᠦ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠴᠥᠮ ᠲᠤᠬᠠᠢ ᠶᠢᠨ ᠵᠢᠯ ᠤᠨ ᠪᠥᠬᠦ ᠤᠯᠤᠰ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠬᠡᠷᠡᠭᠲᠡᠢ᠂ ᠠᠰ ᠲᠤᠨᠢ ᠡᠷᠡᠮᠡᠯᠵᠡᠯ ᠵᠢᠭᠰᠠᠭᠠᠬᠤ᠂ ᠠᠰ ᠲᠤᠨᠢ ᠪᠦᠯᠦᠭ ᠤᠳᠠᠭ᠎ᠠ ᠭᠠᠷᠭᠠᠬᠤ᠂ ᠠᠰ ᠲᠤᠨᠢ ᠱᠤᠭᠤᠮ ᠲᠣᠭᠲᠠᠭᠠᠬᠤ᠂ ᠵᠥᠪᠬᠡᠨ ᠬᠥᠳᠡᠭᠡ ᠲᠣᠰᠬᠤᠨ ᠤ ᠰᠣᠷᠣᠭᠴᠢ ᠶᠢ ᠡᠯᠰᠡᠵᠦ᠂ ᠵᠢᠩᠬᠢᠨᠢ ᠠᠩᠭᠢ ᠶᠢᠨ ᠤᠷᠢᠳᠴᠢᠯᠠᠨ ᠪᠦᠯᠦᠭ ᠤᠳᠠᠭ᠎ᠠ ᠡᠯᠰᠡᠬᠦ ᠶᠢ ᠬᠡᠷᠡᠭᠵᠢᠭᠦᠯᠦᠨ᠎ᠡ᠃ ᠰᠣᠷᠣᠭᠴᠢ ᠶᠢᠨ ᠢᠷᠡᠯᠲᠡ ᠨᠢ ᠬᠦᠷᠦᠯᠴᠡᠬᠦ ᠦᠭᠡᠢ ᠦᠶ᠎ᠡ ᠳᠤ᠂ ᠪᠡᠶᠡᠯᠡᠭᠦᠯᠵᠦ ᠳᠡᠶᠢᠯᠦᠭᠡᠳᠦᠢ ᠲᠥᠯᠥᠪᠯᠡᠭᠡ ᠶᠢ ᠨᠢ ᠡᠷᠡᠮᠡᠯᠵᠡᠯ ᠨᠥᠬᠦᠵᠦ ᠲᠠᠲᠠᠪᠤᠷᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠨᠳᠥᠷ ᠬᠤᠪᠢ  ᠠᠴᠠ ᠳᠣᠣᠷ᠎ᠠ ᠬᠤᠪᠢ ᠶᠢᠨ ᠳᠠᠷᠠᠭᠠᠯᠠᠯ ᠢᠶᠠᠷ ᠡᠯᠰᠡᠵᠦ᠂ ᠲᠥᠯᠥᠪᠯᠡᠭᠡ ᠪᠠᠨ ᠪᠡᠶᠡᠯᠡᠭᠦᠯᠲᠡᠯ᠎ᠡ ᠡᠯᠰᠡᠨ᠎ᠡ᠃      ᠨᠥᠬᠦᠴᠡᠯ ᠲᠠᠢ ᠮᠤᠵᠢ ᠣᠷᠣᠨ ᠤ ᠬᠢᠨ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠯᠭᠠᠭᠤᠯᠤᠭᠴᠢ ᠶᠢᠨ ᠡᠷᠦᠬᠡ ᠠᠮᠠ ᠶᠢᠨ ᠲᠠᠩᠰᠠ ᠶᠢ ᠰᠢᠶᠠᠨ ᠢᠶᠠᠷ ᠨᠢᠭᠡᠴᠢ ᠪᠣᠯᠭᠠᠨ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ ᠠᠷᠭ᠎ᠠ ᠶᠢ ᠢᠳᠡᠪᠬᠢᠲᠡᠢ ᠪᠠᠷ ᠰᠦᠪᠡᠭᠴᠢᠯᠡᠵᠦ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠥᠮᠥᠨ ᠬᠡᠷᠡᠭᠯᠡᠬᠦ ᠬᠡᠷᠡᠭᠴᠡᠭᠡ ᠪᠠᠨ ᠦᠨᠳᠦᠰᠦᠯᠡᠨ ᠰᠢᠶᠠᠨ ᠢᠶᠠᠷ ᠨᠢᠭᠡᠴᠢ ᠪᠣᠯᠭᠠᠨ ᠰᠣᠷᠣᠭᠴᠢ ᠡᠯᠰᠡᠬᠦ ᠲᠥᠯᠥᠪᠯᠡᠭᠡ ᠲᠣᠬᠢᠷᠠᠭᠤᠯᠵᠤ᠂ ᠵᠥᠪᠬᠡᠨ ᠠᠵᠢᠯ ᠤᠨ ᠪᠠᠶᠢᠷᠢ ᠲᠣᠭᠲᠠᠭᠠᠭᠰᠠᠨ ᠨᠢᠭᠡᠴᠡ ᠶᠢᠨ ᠪᠠᠶᠢᠭ᠎ᠠ ᠰᠢᠶᠠᠨ ᠤ ᠬᠥᠳᠡᠭᠡ ᠲᠣᠰᠬᠤᠨ ᠤ ᠰᠣᠷᠣᠭᠴᠢ ᠶᠢᠨ ᠢᠷᠡᠯᠲᠡ ᠶᠢ ᠡᠯᠰᠡᠨ᠎ᠡ᠃ ᠰᠣᠷᠣᠭᠴᠢ ᠶᠢᠨ ᠢᠷᠡᠯᠲᠡ ᠨᠢ ᠬᠦᠷᠦᠯᠴᠡᠬᠦ ᠦᠭᠡᠢ ᠦᠶ᠎ᠡ ᠳᠤ᠂ ᠪᠡᠶᠡᠯᠡᠭᠦᠯᠦᠭᠡᠳᠦᠢ ᠲᠥᠯᠥᠪᠯᠡᠭᠡ ᠪᠠᠨ ᠪᠥᠬᠦ ᠮᠤᠵᠢ ᠶᠢᠨ ᠬᠥᠳᠡᠭᠡ ᠲᠣᠰᠬᠤᠨ ᠤ ᠰᠣᠷᠣᠭᠴᠢ ᠳᠤ ᠬᠠᠨᠳᠤᠭᠤᠯᠤᠨ ᠡᠷᠡᠮᠡᠯᠵᠡᠯ ᠨᠥᠬᠦᠵᠦ ᠡᠯᠰᠡᠬᠦ ᠶᠢᠨ ᠬᠠᠮᠲᠤ ᠨᠥᠬᠦᠵᠦ ᠡᠯᠰᠡᠬᠦ ᠰᠢᠯᠭᠠᠭᠤᠯᠤᠭᠴᠢ ᠶᠢᠨ ᠡᠷᠡᠮᠡᠯᠵᠡᠯ ᠵᠢᠴᠢ ᠡᠯᠰᠡᠬᠦ ᠱᠠᠭᠠᠷᠳᠠᠯᠭ᠎ᠠ ᠶᠣᠰᠣᠭᠠᠷ᠂ ᠥᠨᠳᠥᠷ ᠬᠤᠪᠢ  ᠠᠴᠠ ᠳᠣᠣᠷ᠎ᠠ ᠬᠤᠪᠢ ᠬᠦᠷᠲᠡᠯᠡᠬᠢ ᠳᠠᠷᠠᠭᠠᠯᠠᠯ ᠢᠶᠠᠷ ᠡᠯᠰᠡᠵᠦ᠂ ᠲᠥᠯᠥᠪᠯᠡᠭᠡ ᠪᠠᠨ ᠪᠡᠶᠡᠯᠡᠭᠦᠯᠲᠡᠯ᠎ᠡ ᠡᠯᠰᠡᠨ᠎ᠡ᠃      ᠰᠦᠢᠳᠬᠡᠯ ᠬᠤᠷᠢᠶᠠᠬᠤ ᠦᠭᠡᠢ ᠪᠠᠷ ᠬᠠᠨᠳᠤᠯᠭ᠎ᠠ ᠲᠠᠢ ᠪᠠᠷ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢ ᠡᠯᠰᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠢ ᠣᠯᠬᠤ  ᠠᠴᠠ ᠡᠮᠦᠨ᠎ᠡ᠂ ᠬᠥᠮᠥᠵᠢᠭᠦᠯᠬᠦ ᠳᠡᠭᠡᠳᠦ ᠰᠤᠷᠭᠠᠭᠤᠯᠢ ᠪᠠ ᠬᠠᠨᠳᠤᠯᠭ᠎ᠠ ᠲᠠᠢ ᠪᠠᠷ ᠠᠵᠢᠯ ᠣᠯᠬᠤ ᠭᠠᠵᠠᠷ ᠤᠨ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠰᠦᠢᠳᠬᠡᠯ ᠬᠤᠷᠢᠶᠠᠬᠤ ᠦᠭᠡᠢ ᠪᠠᠷ ᠬᠠᠨᠳᠤᠯᠭ᠎ᠠ ᠲᠠᠢ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠡᠷᠦᠬᠡ ᠠᠮᠠ ᠶᠢᠨ ᠲᠠᠩᠰᠠ ᠶᠢ ᠮᠥᠨ ᠬᠦ ᠤᠤᠯ ᠤᠨ ᠡᠷᠦᠬᠡ ᠠᠮᠠ ᠶᠢᠨ ᠲᠠᠩᠰᠠ ᠶᠢᠨ ᠪᠠᠶᠢᠭ᠎ᠠ ᠭᠠᠵᠠᠷ ᠲᠤᠨᠢ ᠦᠯᠡᠳᠡᠭᠡᠵᠦ ᠂ ᠲᠡᠭᠦᠰᠦᠭᠰᠡᠨ ᠤ ᠳᠠᠷᠠᠭ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠨᠳᠤᠯᠭ᠎ᠠ ᠲᠠᠢ ᠪᠠᠷ ᠠᠵᠢᠯ ᠣᠯᠭᠤᠨ᠎ᠠ᠃      ᠰᠦᠢᠳᠬᠡᠯ ᠬᠤᠷᠢᠶᠠᠬᠤ ᠦᠭᠡᠢ ᠪᠠᠷ ᠲᠣᠭᠲᠠᠭᠰᠠᠨ ᠴᠢᠭᠯᠡᠯ ᠲᠠᠢ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠣᠷᠣᠭᠴᠢ ᠵᠥᠪᠬᠡᠨ ᠬᠥᠳᠡᠭᠡ ᠲᠣᠰᠬᠤᠨ ᠤ ᠰᠣᠷᠣᠭᠴᠢ ᠶᠢ ᠡᠯᠰᠡᠨ᠎ᠡ᠂ ᠨᠡᠷ᠎ᠡ ᠮᠡᠳᠡᠭᠦᠯᠦᠭᠰᠡᠨ ᠰᠣᠷᠣᠭᠴᠢ ᠡᠷᠬᠡᠪᠰᠢ ᠳᠣᠣᠷᠠᠬᠢ ᠨᠥᠬᠦᠴᠡᠯ ᠤᠳ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠢ᠄ ︵1︶ 2023 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︔ ︵2︶ ᠲᠣᠰ ᠬᠥᠮᠥᠨ ᠵᠢᠴᠢ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠨᠢ ᠡᠷᠬᠡᠪᠰᠢ ᠬᠥᠳᠡᠭᠡ ᠲᠣᠰᠬᠤᠨ ᠳᠤ ᠪᠠᠶᠢᠬᠤ ᠬᠡᠷᠡᠭᠲᠡᠢ᠂ ᠲᠣᠰ ᠬᠥᠮᠥᠨ ᠨᠢ ᠲᠤᠬᠠᠢ ᠶᠢᠨ ᠭᠠᠵᠠᠷ ᠲᠤ ᠵᠠᠯᠭᠠᠭ᠎ᠠ ᠪᠠᠷ 3 ᠵᠢᠯ ᠠᠴᠠ ᠳᠡᠭᠡᠭᠰᠢ ᠡᠷᠦᠬᠡ ᠠᠮᠠ ᠶᠢᠨ ᠲᠠᠩᠰᠠ ᠲᠠᠢ ᠪᠠᠶᠢᠬᠤ ᠬᠡᠷᠡᠭᠲᠡᠢ︔ ︵3︶ ᠲᠤᠰ ᠮᠤᠵᠢ ᠶᠢᠨ ᠲᠣᠭᠲᠠᠭᠠᠭᠰᠠᠨ ᠪᠤᠰᠤᠳ ᠨᠥᠬᠦᠴᠡᠯ ᠤᠳ᠃ ᠰᠢᠶᠠᠨ ᠢᠶᠠᠷ ᠨᠢᠭᠡᠴᠢ ᠪᠣᠯᠭᠠᠨ ᠬᠠᠨᠳᠤᠯᠭ᠎ᠠ ᠲᠠᠢ ᠪᠠᠷ ᠰᠣᠷᠣᠭᠴᠢ ᠡᠯᠰᠡᠬᠦ ᠠᠷᠭ᠎ᠠ ᠶᠢ ᠠᠪᠤᠭᠰᠠᠨ ᠭᠠᠵᠠᠷ ᠣᠷᠣᠨ ᠳᠤ᠂ ᠨᠡᠷ᠎ᠡ ᠮᠡᠳᠡᠭᠦᠯᠦᠭᠰᠡᠨ ᠰᠣᠷᠣᠭᠴᠢ ᠳᠡᠭᠡᠷ᠎ᠡ ᠳᠤᠷᠠᠳᠤᠭᠰᠠᠨ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠠᠴᠠ ᠭᠠᠳᠠᠨ᠎ᠠ᠂ ᠲᠣᠰ ᠬᠥᠮᠥᠨ ᠵᠢᠴᠢ ᠡᠴᠢᠭᠡ ᠪᠤᠶᠤ ᠡᠬᠡ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠡᠷᠬᠡᠪᠰᠢ ᠠᠵᠢᠯ ᠤᠨ ᠪᠠᠶᠢᠷᠢ ᠲᠣᠭᠲᠠᠭᠠᠭᠰᠠᠨ ᠨᠢᠭᠡᠴᠡ ᠶᠢᠨ ᠪᠠᠶᠢᠭ᠎ᠠ ᠰᠢᠶᠠᠨ ᠤ ᠬᠥᠳᠡᠭᠡ ᠲᠣᠰᠬᠤᠨ ᠳᠤ ᠪᠠᠶᠢᠬᠤ ᠬᠡᠷᠡᠭᠲᠡᠢ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号