ᠯᠢᠦ ᠭᠦᠸᠧ ᠵᠦᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/5/29
     ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 26  ᠤ ᠴᠠᠬᠢᠯᠭᠠᠨ ᠮᠡᠳᠡᠭᠡ     ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠯᠢᠦ ᠭᠦᠸᠧ ᠵᠦᠩ 26  ᠤ ᠡᠳᠦᠷ ᠪᠡᠭᠡᠵᠢᠩ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠧᠯᠸᠢᠰ ᠤᠲᠠᠰᠤ ᠬᠤᠷᠠᠯ ᠳᠤ ᠣᠷᠣᠯᠴᠠᠪᠠ᠃ ᠲᠡᠷᠡ ᠴᠢᠬᠤᠯᠠᠴᠢᠯᠠᠭᠰᠠᠨ ᠨᠢ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠰᠢ ᠶᠢᠨ ᠫᠢᠩ  ᠤ ᠶᠡᠷᠦᠩᠬᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠩᠭ᠎ᠠ ᠬᠦᠴᠦᠲᠡᠢ ᠵᠣᠬᠢᠶᠠᠨ ᠪᠠᠶᠢᠭᠤᠯᠵᠤ ᠤᠳᠤᠷᠢᠳᠬᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠵᠣᠯᠭᠠᠭᠤᠯᠬᠤ ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃     ᠯᠢᠦ ᠭᠦᠸᠧ ᠵᠦᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠬᠢᠯᠪᠠᠷ ᠪᠤᠰᠤ ᠪᠠᠷ ᠢᠷᠡᠭᠰᠡᠨ ᠶᠤᠮ᠂ ᠬᠠᠪᠰᠤᠷᠤᠨ ᠲᠡᠳᠬᠦᠬᠦ ᠠᠵᠢᠯ ᠪᠣᠯᠣᠨ ᠲᠦᠷᠦ ᠶᠢᠨ ᠪᠣᠳᠣᠯᠭ᠎ᠠ ᠶᠢᠨ ᠲᠣᠭᠲᠠᠭᠤᠨ ᠪᠥᠭᠡᠳ ᠦᠷᠭᠦᠯᠵᠢᠯᠡᠨ ᠶᠠᠪᠤᠭᠳᠠᠬᠤ ᠶᠢ ᠪᠠᠲᠤᠯᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠡᠷᠴᠢ ᠵᠣᠷᠢᠭ ᠢᠶᠠᠨ ᠰᠤᠯᠠᠷᠠᠭᠤᠯᠬᠤ ᠦᠭᠡᠢ ᠪᠠᠶᠢᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠭᠤᠣᠯᠳᠠᠯᠭ᠎ᠠ ᠲᠠᠢ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠭᠠᠵᠠᠷ ᠣᠷᠣᠨ ᠤ ᠬᠡᠯᠪᠡᠶᠢᠭᠦᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠵᠤ ᠦᠢᠯᠡᠰ ᠪᠣᠯᠣᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠠᠲᠠᠭᠤ ᠠᠰᠠᠭᠤᠳᠠᠯ ᠲᠠᠢ ᠬᠠᠯᠳᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠢᠨᠠᠨ ᠰᠢᠯᠭᠠᠵᠤ ᠦᠨᠡᠯᠡᠨ ᠵᠢᠱᠢᠬᠦ ᠵᠡᠷᠭᠡ ᠠᠰᠠᠭᠤᠳᠠᠯ ᠢ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠬᠥᠭᠵᠢᠯᠲᠡ ᠶᠢ ᠨᠡᠩ ᠰᠠᠶᠢᠲᠤᠷ ᠳᠡᠮᠵᠢᠬᠦ ᠬᠡᠷᠡᠭᠲᠡᠢ᠃     ᠯᠢᠦ ᠭᠦᠸᠧ ᠵᠦᠩ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ᠶᠡᠷᠦᠩᠬᠡᠢ ᠱᠠᠭᠠᠷᠳᠠᠯᠭ᠎ᠠ ᠶᠣᠰᠣᠭᠠᠷ᠂ ᠵᠧᠵᠢᠶᠠᠩ ᠤᠨ︽ᠮᠢᠩᠭᠠᠨ ᠲᠦᠮᠡᠨ ᠢᠨᠵᠧᠨᠧᠷᠢᠩ︾  ᠳᠤ ᠠᠭᠤᠯᠤᠭᠳᠠᠵᠤ ᠪᠠᠶᠢᠭ᠎ᠠ ᠣᠶᠢᠯᠠᠭᠠᠭᠳᠠᠬᠤᠨ ᠠᠷᠭ᠎ᠠ ᠶᠢ ᠰᠤᠷᠤᠯᠴᠠᠨ ᠬᠡᠷᠡᠭᠯᠡᠵᠦ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃     ᠵᠡᠭᠦᠨ ᠬᠡᠰᠡᠭ ᠤᠨ 8 ᠮᠤᠵᠢ ︵ᠬᠤᠲᠠ︶ ᠪᠣᠯᠣᠨ ᠪᠠᠷᠠᠭᠤᠨ ᠬᠡᠰᠡᠭ ᠤᠨ 10 ᠮᠤᠵᠢ ︵ᠣᠷᠣᠨ᠂ ᠬᠤᠲᠠ︶ ᠬᠤᠷᠠᠯ ᠳᠡᠭᠡᠷ᠎ᠡ 2023 ᠣᠨ ᠤ ᠬᠠᠮᠵᠢᠯᠴᠠᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ 
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号