ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ ᠥᠭᠦᠯᠡᠬᠦ ᠨᠢ ︾ ᠭᠡᠬᠦ ᠨᠣᠮ ᠢ | ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠭᠦ ᠤᠯᠤᠰ ᠲᠤ | ᠲᠠᠷᠬᠠᠭᠠᠪᠠ ᠃ | ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠲᠤᠬᠠᠢ | 50 ᠴᠢᠬᠤᠯᠠ ᠵᠣᠬᠢᠶᠠᠯ ᠢ ᠣᠷᠣᠭᠤᠯᠪᠠ ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠨᠡᠶᠢᠲᠡᠯᠡᠵᠦ | ᠪᠠᠶᠢᠨ᠎ᠠ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠪᠣᠯ ᠤᠯᠤᠰ ᠤᠨ ᠬᠦᠴᠦᠷᠬᠡᠭᠵᠢᠨ ᠮᠠᠨᠳᠤᠬᠤ ᠶᠢᠨ ᠰᠠᠭᠤᠷᠢ ᠂ ᠠᠮᠤᠷ ᠲᠦᠪᠰᠢᠨ ᠤ ᠵᠠᠩᠭᠢᠯᠠᠭ᠎ᠠ | ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ | ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠵᠤ ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠭᠦ ᠲᠠᠯ᠎ᠠ ᠪᠠᠷ ᠲᠥᠯᠥᠪᠵᠢᠭᠦᠯᠵᠦ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠵᠤ ᠂ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ | ᠲᠠᠰᠤᠷᠠᠯᠲᠠ ᠦᠭᠡᠢ ᠴᠢᠩᠭᠠᠷᠠᠵᠤ ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠵᠤ ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠬᠥᠭᠵᠢᠨ ᠪᠤᠵᠠᠭᠠᠶᠢᠷᠠᠵᠤ ᠂ | ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠴᠣᠯᠭᠤᠷᠠᠨ ᠭᠠᠷᠴᠤ ᠂ ᠮᠠᠨ ᠤ ᠤᠯᠤᠰ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠴᠤ ᠂ ᠰᠢᠨ᠎ᠡ ᠶᠢ ᠡᠭᠦᠳᠬᠦ ᠮᠠᠶ᠋ᠢᠭ ᠤᠨ ᠤᠯᠤᠰ ᠤᠨ ᠡᠩᠨᠡᠭᠡᠨ ᠳᠤ ᠣᠷᠣᠪᠠ ᠃ ᠰᠢ | ᠶᠢᠨ ᠫᠢᠩ ᠨᠥᠬᠦᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠠᠬᠢᠭᠤᠯᠬᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ ᠂ ᠨᠠᠮ ᠪᠠ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ ᠂ ᠳᠡᠯᠡᠬᠡᠢ ᠶᠢᠨ ᠶᠡᠭᠡ | ᠬᠠᠨᠳᠤᠰᠢ ᠪᠠ ᠴᠠᠭ ᠦᠶ᠎ᠡ ᠶᠢᠨ ᠤᠷᠤᠰᠬᠠᠯ ᠢ ᠡᠵᠡᠮᠳᠡᠵᠦ ᠂ ᠬᠥᠮᠥᠨ ᠲᠥᠷᠥᠯᠬᠢᠲᠡᠨ ᠤ ᠨᠡᠶᠢᠭᠡᠮ ᠤᠨ | ᠳᠠᠪᠰᠢᠯᠲᠠ ᠳᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠪᠠᠶᠢᠷᠢ ᠰᠠᠭᠤᠷᠢ ᠶᠢ | ᠭᠦᠨᠵᠡᠭᠡᠢ ᠲᠣᠳᠣᠷᠬᠠᠶᠢᠯᠠᠨ ᠥᠭᠦᠯᠡᠵᠦ ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠠᠷᠠᠯᠲᠠ ᠂ ᠭᠤᠣᠯᠳᠠᠯᠭ᠎ᠠ ᠲᠠᠢ ᠡᠭᠦᠷᠭᠡ ᠂ ᠴᠢᠬᠤᠯᠠ ᠶᠡᠭᠡ ᠠᠷᠭ᠎ᠠ | ᠬᠡᠮᠵᠢᠶ᠎ᠡ ᠪᠠ ᠦᠨᠳᠦᠰᠦᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠠᠯᠢ ᠣᠯᠠᠨ ᠰᠢᠨ᠎ᠡ | ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭᠠᠷᠳᠠᠯᠭ᠎ᠠ ᠳᠤᠷᠠᠳᠤᠭᠰᠠᠨ ᠨᠢ ᠪᠢᠳᠡᠨ ᠤ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠂ ᠤᠯᠤᠰ ᠤᠨ | ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠬᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ | ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠬᠦ ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠬᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠮᠠᠰᠢ ᠴᠢᠬᠤᠯᠠ ᠵᠢᠯᠤᠭᠤᠳᠬᠤ ᠠᠴᠢ | ᠬᠤᠯᠪᠣᠭᠳᠠᠯ ᠲᠠᠢ ᠶᠤᠮ ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ ︶ | |