ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠠᠶᠢᠷᠳᠣ᠋ · ᠠᠨ ᠳᠠᠬᠢᠨᠲᠠ ᠲᠦᠷᠺ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2023/5/30
       ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ   5 ᠰᠠᠷ᠎ᠠ ᠶᠢᠨ 29  ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠸᠢᠢᠵᠢᠶ᠋ᠸᠫᠦ᠋ · ᠲᠠᠶ᠋ᠢᠫᠦ᠋ · ᠠᠶᠢᠷᠳᠣ᠋ · ᠠᠨ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠠ ᠨᠠᠶᠢᠷᠠᠮᠳᠠᠬᠤ ᠲᠦᠷᠺ ᠤᠯᠤᠰ ᠤᠨ ᠶᠡᠷᠦᠩᠬᠡᠶᠢᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ ᠃      ᠰᠢ ᠶᠢᠨ ᠫᠢᠩ ᠂ ᠳᠤᠮᠳᠠᠳᠤ ᠤᠯᠤᠰ ᠪᠣᠯᠣᠨ ᠲᠦᠷᠺ ᠪᠣᠯ ᠴᠥᠮ ᠬᠥᠭᠵᠢᠵᠦ ᠪᠠᠶᠢᠭ᠎ᠠ ᠲᠣᠮᠣ ᠤᠯᠤᠰ ᠪᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠮᠥᠨ ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠲᠠᠢ ᠶᠤᠮ᠃ ᠣᠶᠢᠷ᠎ᠠ ᠶᠢᠨ ᠵᠢᠯ ᠠᠴᠠ ᠳᠤᠮᠳᠠᠳᠤ ᠲᠦᠷᠺ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠢᠳᠡᠪᠬᠢᠲᠡᠢ ᠠᠬᠢᠴᠠ ᠲᠠᠢ ᠪᠣᠯᠪᠠ ᠃ ᠪᠢ ᠳᠤᠮᠳᠠᠳᠤ ᠲᠦᠷᠺ ᠤᠨ ᠬᠠᠷᠢᠯᠴᠠᠭ᠎ᠠ ᠶᠢᠨ ᠬᠥᠭᠵᠢᠯᠲᠡ ᠶᠢ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠶᠡᠷᠦᠩᠬᠡᠶᠢᠯᠡᠭᠴᠢ ᠠᠶᠢᠷᠳᠣ᠋ · ᠠᠨ ᠲᠠᠢ ᠬᠠᠮᠲᠤ ᠪᠠᠷ ᠴᠢᠷᠮᠠᠶᠢᠵᠤ ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠳᠡᠮᠵᠢᠯᠴᠡᠵᠦ ᠂ ᠳᠤᠮᠳᠠᠳᠤ ᠲᠦᠷᠺ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号