ᠰᠢ ᠶᠢᠨ ᠫᠢᠩ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ  ᠸᠠᠩ ᠬᠤ᠋ ᠨᠢᠩ  ᠼᠠᠢ ᠴᠢ ᠠᠭᠤᠯᠵᠠᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/5/9
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 8 ᠤ ᠴᠠᠬᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ ᠂ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠤᠯᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠂ ᠳᠡᠯᠡᠬᠡᠢ ᠶᠢᠨ ᠡᠯ᠎ᠡ ᠭᠠᠵᠠᠷ ᠤᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃
1.jpg
5 ᠰᠠᠷ᠎ᠠ ᠶᠢᠨ 8 ᠤ ᠡᠳᠦᠷ ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠸᠠᠩ ᠬᠤ᠋ ᠨᠢᠩ ᠂ ᠼᠠᠢ ᠴᠢ ᠨᠠᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠯᠢ ᠰᠢᠤᠸᠠᠢ ᠷᠧᠨ   ᠰᠡᠭᠦᠳᠡᠷᠯᠡᠪᠡ      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠠᠭᠤᠯᠵᠠᠯᠲᠠ ᠳᠤ ᠣᠷᠣᠯᠴᠠᠵᠠᠢ ᠃      ᠦᠳᠡ ᠶᠢᠨ ᠡᠮᠦᠨᠡᠬᠢ 10 ᠴᠠᠭ 30 ᠮᠢᠨᠦ᠋ᠲ ᠲᠤ ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠬᠦᠷᠴᠦ ᠢᠷᠡᠬᠦ ᠳᠤ ᠂ ᠲᠠᠯᠠᠪᠠᠢ ᠳᠠᠶᠠᠭᠠᠷ ᠢᠶᠠᠨ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ ᠰᠢ ᠶᠢᠨ ᠫᠢᠩ ᠨᠠᠷ ᠲᠥᠯᠥᠭᠡᠯᠡᠭᠴᠢᠳ ᠲᠠᠢ ᠭᠠᠷ ᠳᠠᠯᠠᠯᠤᠨ ᠮᠡᠨᠳᠦᠴᠢᠯᠡᠵᠦ ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ ᠠᠭᠤᠯᠵᠠᠯᠲᠠ ᠳᠤ ᠣᠷᠣᠯᠴᠠᠭᠰᠠᠨ ᠪᠥᠭᠡᠳ ᠲᠤᠰ ᠡᠳᠦᠷ ᠤᠨ ᠦᠳᠡ ᠶᠢᠨ ᠡᠮᠦᠨᠡᠬᠢ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ ᠃ ᠲᠡᠷᠡ ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠪᠣᠯ ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠯᠴᠡᠭᠦᠯᠬᠦ ᠥᠪᠡᠷᠮᠢᠴᠡ ᠳᠠᠪᠠᠭᠤᠯᠢᠭ ᠲᠠᠢ ᠶᠤᠮ ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠢ ᠬᠤᠯᠪᠣᠬᠤ ᠴᠢᠬᠤᠯᠠ ᠬᠥᠭᠦᠷᠭᠡ ᠬᠤᠯᠪᠣᠭᠠᠰᠤ ᠮᠥᠨ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠠᠮᠢᠵᠢᠷᠠᠯ ᠤᠨ ᠬᠦᠴᠦᠨ ᠮᠥᠨ ᠃ ᠥᠷᠭᠡᠨ ᠣᠯᠠᠨ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠭᠠᠷ ᠬᠤᠯᠪᠣᠨ ᠰᠡᠳᠬᠢᠯ ᠢᠶᠠᠨ ᠨᠢᠭᠡᠳᠬᠡᠵᠦ ᠂ ᠡᠷᠡᠮᠡᠬᠡᠶᠢᠯᠡᠨ ᠤᠷᠤᠭᠰᠢᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠳᠤᠮᠳᠠᠳᠤ ᠭᠠᠳᠠᠭᠠᠳᠤ ᠶᠢᠨ ᠨᠥᠬᠦᠷᠯᠡᠯ ᠢ ᠢᠳᠡᠪᠬᠢᠲᠡᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠢᠳᠡᠪᠬᠢᠲᠡᠢ ᠠᠬᠢᠭᠤᠯᠵᠤ ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠪᠣᠯᠣᠨ ᠪᠣᠯᠪᠠᠰᠤᠨ ᠤ ᠲᠣᠯᠢᠯᠠᠯ ᠢ ᠢᠳᠡᠪᠬᠢᠲᠡᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠠᠶᠠᠨ ᠳᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠪᠣᠯ ᠪᠦᠭᠦ ᠪᠥᠮᠪᠥᠷᠴᠡᠭ ᠤᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠭᠤᠣᠯ ᠪᠣᠯᠬᠤ ᠡᠪᠯᠡᠯ ᠪᠦᠯᠬᠦᠮ ᠵᠢᠴᠢ ᠬᠠᠷᠢᠭᠤᠴᠠᠯᠭᠠᠲᠠᠨ ᠤ ᠨᠥᠬᠦᠷᠯᠡᠯ ᠤᠨ ᠰᠣᠯᠢᠯᠴᠠᠭᠠᠨ ᠤ ᠴᠢᠬᠤᠯᠠ ᠲᠠᠪᠴᠠᠩ ᠪᠣᠯᠣᠨ᠎ᠠ ᠃ ᠲᠤᠰ ᠬᠤᠭᠤᠴᠠᠭᠠᠨ ᠤ ᠶᠡᠭᠡ ᠬᠤᠷᠠᠯ ᠨᠢ ︽ ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠯᠴᠡᠭᠦᠯᠵᠦ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠶ᠎ᠠ ︾ ᠪᠠᠷ ᠭᠤᠣᠯ ᠰᠡᠳᠦᠪ ᠪᠣᠯᠭᠠᠵᠤ ᠂ 130 ᠭᠠᠷᠤᠢ ᠤᠯᠤᠰ ᠪᠠ ᠭᠠᠵᠠᠷ ᠣᠷᠣᠨ ᠠᠴᠠ ᠢᠷᠡᠭᠰᠡᠨ 500 ᠰᠢᠬᠠᠮ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠪᠠ ᠃      ᠸᠠᠩ ᠢ ᠂ ᠵᠢᠶᠠᠩ ᠽᠦᠸᠧ ᠵᠢᠶᠦ᠋ᠨ ᠠᠭᠤᠯᠵᠠᠯᠲᠠ ᠳᠤ ᠣᠷᠣᠯᠴᠠᠵᠠᠢ ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号