ᠪᠦᠭᠦ ᠤᠯᠤᠰ ᠤᠨ ᠥᠷᠭᠡᠨ ᠣᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ | ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ | ᠼᠠᠢ ᠴᠢ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 31 ᠤ ᠦᠳᠡ ᠶᠢᠨ ᠡᠮᠦᠨ᠎ᠡ ᠪᠡᠭᠡᠵᠢᠩ ᠤᠨ ᠢᠦᠢ ᠶᠢᠩ | ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠬᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ | ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠪᠠᠭᠠᠴᠤᠳ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ | ᠮᠥᠨ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠡᠦᠬᠡᠳ ᠤᠳ ᠬᠠᠷᠠᠯᠲᠠ ᠵᠣᠷᠢᠯᠲᠠ ᠲᠠᠢ᠂ ᠬᠦᠰᠡᠯ | ᠵᠡᠭᠦᠳᠦ ᠲᠠᠢ᠂ ᠰᠤᠷᠤᠯᠴᠠᠬᠤ ᠳᠤᠷᠠᠲᠠᠢ᠂ ᠭᠦᠳᠡᠯᠮᠦᠷᠢ ᠳᠤ ᠳᠤᠷᠠᠲᠠᠢ᠂ ᠠᠴᠢ ᠡᠨᠡᠷᠢᠯ ᠳᠤ ᠲᠠᠯᠠᠷᠬᠠᠬᠤ ᠶᠢ ᠮᠡᠳᠡᠬᠦ᠂ | ᠨᠥᠭᠦᠷᠰᠡᠭ ᠪᠠᠶᠢᠬᠤ ᠶᠢ ᠮᠡᠳᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠵᠣᠷᠢᠭᠲᠠᠢ ᠪᠠᠷ ᠲᠡᠮᠡᠴᠡᠬᠦ᠂ ᠶᠣᠰᠣ | ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ | ᠰᠠᠶᠢᠨ ᠬᠡᠦᠬᠡᠳ ᠪᠤᠯᠬᠤ ᠬᠡᠷᠡᠭᠲᠡᠢ᠃ ᠰᠤᠷᠤᠬᠴᠢ ᠨᠥᠬᠦᠳ ᠤᠨ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠪᠢᠴᠢᠭ ᠦᠵᠡᠬᠦ ᠪᠠᠷ ᠵᠣᠷᠢᠭ ᠰᠢᠭᠤᠳᠴᠤ᠂ | ᠭᠡᠷ ᠤᠨ ᠠᠬᠠᠮᠠᠳ ᠤᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠨᠠᠮ ᠪᠣᠯᠣᠨ ᠠᠷᠠᠳ ᠲᠦᠮᠡᠨ ᠤ ᠬᠦᠰᠡᠯ | ᠪᠠᠷᠠᠯᠠᠯ ᠢ ᠬᠥᠰᠡᠷᠳᠡᠭᠦᠯᠬᠦ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ | ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ | ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠪᠡᠭᠡᠵᠢᠩ ᠤᠨ ᠢᠦᠢ ᠶᠢᠩ ᠰᠤᠷᠭᠠᠭᠤᠯᠢ 1948 ᠣᠨ ᠳᠤ ᠾᠧᠪᠧᠢ ᠶᠢᠨ ᠰᠢ ᠪᠠᠢ ᠫᠥᠸᠧ ᠳᠤ | ᠪᠠᠶᠢᠭᠤᠯᠤᠭᠳᠠᠪᠠ᠃ ᠤᠤᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ | ᠬᠠᠷᠢᠶ᠎ᠠ ᠪᠠᠶᠢᠭᠤᠯᠭ᠎ᠠ ᠶᠢᠨ ᠬᠠᠩᠭᠠᠯᠭ᠎ᠠ ᠶᠢᠨ ᠬᠡᠯᠲᠡᠰ ᠤᠨ ᠢᠦᠢ ᠶᠢᠩ ᠪᠠᠭ᠎ᠠ ᠰᠤᠷᠭᠠᠭᠤᠯᠢ︾ ᠭᠡᠵᠦ ᠨᠡᠷᠡᠶᠢᠳᠴᠦ | ᠪᠠᠶᠢᠵᠠᠢ᠃ 75 ᠵᠢᠯ ᠤᠨ ᠲᠤᠷᠰᠢ ᠰᠤᠷᠭᠠᠭᠤᠯᠢ ᠨᠢ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠶᠢᠷ᠎ᠠ | ᠬᠠᠯᠠᠮᠵᠢᠯᠠᠯ ᠳᠣᠣᠷ᠎ᠠ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ | ᠰᠤᠷᠤᠯᠭ᠎ᠠ ᠶᠢᠨ ᠳᠦᠷᠢᠮ ᠤᠨ ᠰᠢᠨ᠎ᠡ ᠶᠢ ᠡᠭᠦᠳᠬᠦ ᠶᠢ ᠬᠡᠷᠡᠭᠵᠢᠭᠦᠯᠵᠦ᠂ ᠣᠨᠴᠠᠯᠢᠭ ᠲᠠᠢ ᠪᠠᠷ ᠰᠤᠷᠭᠠᠭᠤᠯᠢ | ᠡᠷᠭᠢᠯᠡᠭᠦ ᠶᠢ ᠥᠷᠨᠢᠭᠦᠯᠵᠦ᠂ ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠬᠥᠲᠥᠯᠥᠨ ᠳᠠᠭᠠᠭᠤᠯᠪᠠ᠃ | ᠰᠢ ᠶᠢᠨ ᠫᠢᠩ ᠡᠩ ᠲᠡᠷᠢᠭᠦᠨ ᠳᠤ ᠰᠤᠷᠭᠠᠭᠤᠯᠢ ᠶᠢᠨ ᠲᠡᠦᠬᠡ ᠶᠢᠨ ᠣᠷᠳᠣᠨ ᠳᠤ ᠬᠦᠷᠴᠦ᠂ | ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ᠂ ᠪᠦᠲᠦᠭᠡᠨ ᠪᠠᠶᠢᠭᠤᠯᠤᠯᠲᠠ ᠬᠥᠭᠵᠢᠯᠲᠡ ᠪᠠ ᠣᠶᠢᠷ᠎ᠠ ᠶᠢᠨ | ᠵᠢᠯ ᠤᠨ ᠲᠤᠷᠰᠢᠬᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠤᠭᠰᠠᠨ᠂ ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠰᠠᠨ᠂ ᠰᠤᠷᠤᠬᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ | ᠰᠠᠶᠢᠬᠠᠨ ᠭᠦᠳᠡᠯᠮᠦᠷᠢ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ ᠰᠢ | ᠶᠢᠨ ᠫᠢᠩ᠂ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ | ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ | ᠶᠠᠪᠤᠳᠠᠯ ᠪᠣᠯᠣᠨ᠎ᠠ᠃ ᠰᠤᠷᠤᠬᠴᠢᠳ ᠤᠨ ᠬᠦᠰᠡᠯᠡᠩ ᠢᠲᠡᠭᠡᠯ ᠪᠢᠰᠢᠷᠡᠯ᠂ ᠶᠣᠰᠣ ᠰᠤᠷᠲᠠᠬᠤᠨ ᠵᠠᠩ ᠴᠢᠨᠠᠷ᠂ | ᠮᠡᠳᠡᠯᠭᠡ ᠤᠶᠤᠨ ᠴᠢᠳᠠᠪᠤᠷᠢ᠂ ᠪᠡᠶ᠎ᠡ ᠮᠠᠬᠠᠪᠤᠳ ᠪᠠ ᠰᠡᠳᠬᠢᠴᠡ ᠶᠢᠨ ᠬᠡᠪ ᠴᠢᠨᠠᠷ ᠵᠡᠷᠭᠡ ᠡᠯ᠎ᠡ ᠲᠠᠯ᠎ᠠ ᠶᠢᠨ | ᠬᠥᠮᠦᠵᠢᠯ ᠤᠨ ᠠᠯᠢ ᠨᠢ ᠴᠤ ᠲᠤᠲᠠᠭᠳᠠᠵᠤ ᠪᠤᠯᠬᠤ ᠦᠭᠡᠢ ᠶᠤᠮ᠃ ︽ᠬᠤᠶᠠᠷ ᠢ ᠬᠥᠩᠭᠡᠷᠡᠭᠦᠯᠬᠦ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠵᠣᠬᠢᠬᠤ ᠶᠠᠪᠤᠴᠠ ᠶᠢ ᠬᠡᠷᠡᠭᠰᠡᠨ᠎ᠡ᠂ ᠡᠷᠬᠡᠪᠰᠢ ᠤᠳᠠᠭᠠᠨ ᠳᠠᠭᠠᠭᠠᠮᠠᠭᠠᠢ | ᠪᠠᠷᠢᠮᠲᠠᠯᠠᠬᠤ ᠬᠡᠷᠡᠭᠲᠡᠢ᠃ ᠭᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠢᠨ ᠢ | ᠬᠥᠲᠥᠯᠥᠨ ᠵᠢᠯᠤᠭᠤᠳᠴᠤ ᠲᠠᠨᠢᠯᠲᠠ ᠪᠠᠨ ᠳᠡᠭᠡᠭᠰᠢᠯᠡᠭᠦᠯᠵᠤ᠂ ︽ᠬᠤᠶᠠᠷ ᠢ ᠬᠥᠩᠭᠡᠷᠡᠭᠦᠯᠬᠦ︾ ᠠᠵᠢᠯ ᠤᠨ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠤᠬᠴᠢᠳ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠢᠦᠢ ᠶᠢᠩ ᠰᠤᠷᠭᠠᠭᠤᠯᠢ ᠨᠢ ᠢᠷᠠᠭᠤ ᠠᠯᠳᠠᠷᠲᠤ ᠬᠤᠪᠢᠰᠬᠠᠯᠲᠤ | ᠤᠯᠠᠮᠵᠢᠯᠠᠯ ᠪᠠ ᠢᠯᠡ ᠲᠣᠳᠣ ᠬᠤᠪᠢᠰᠬᠠᠯ ᠤᠨ ᠤᠳᠤᠮᠰᠢᠯ ᠲᠠᠢ ᠶᠤᠮ᠃ ᠬᠤᠪᠢᠰᠬᠠᠯᠲᠤ ᠤᠯᠠᠮᠵᠢᠯᠠᠯ ᠤᠨ | ᠬᠥᠮᠦᠵᠢᠯ ᠢ ᠴᠢᠩᠭᠠᠳᠬᠠᠵᠤ᠂ ᠢᠦᠢ ᠶᠢᠩ ᠰᠤᠷᠭᠠᠭᠤᠯᠢ ᠶᠢᠨ ᠰᠤᠷᠤᠬᠴᠢ ᠨᠢᠭᠡ ᠪᠦᠷᠢ ᠳᠤ ᠰᠤᠷᠭᠠᠭᠤᠯᠢ ᠶᠢᠨ | ᠢᠷᠠᠭᠤ ᠠᠯᠳᠠᠷᠲᠤ ᠲᠡᠦᠬᠡ ᠶᠢ ᠪᠠᠲᠤ ᠴᠡᠭᠡᠵᠢᠯᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠪᠠᠲᠤ ᠴᠡᠭᠡᠵᠢᠯᠡᠭᠦᠯᠵᠦ᠂ | ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ | ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠠᠮ ᠤᠨ ᠲᠥᠯᠥᠭᠡ | ᠴᠢᠳᠠᠪᠤᠷᠢᠲᠠᠨ ᠪᠤᠯᠬᠤ᠂ ᠤᠯᠤᠰ ᠤᠨ ᠲᠥᠯᠥᠭᠡ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | | | | 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠤᠨ ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ ᠰᠤᠷᠤᠬᠴᠢᠳ ᠢ ᠡᠷᠭᠢᠨ ᠦᠵᠡᠵᠦ ᠲᠣᠬᠤᠨᠢᠭᠤᠯᠤᠨ | ᠂ ᠪᠦᠭᠦ ᠤᠯᠤᠰ ᠤᠨ ᠥᠷᠭᠡᠨ ᠤᠯᠠᠨ ᠪᠠᠭᠠᠴᠤᠳ ᠬᠡᠦᠬᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | ᠵᠢᠷᠤᠭ ᠪᠣᠯ ᠰᠢ ᠶᠢᠨ ᠫᠢᠩ ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠶᠠᠭ ᠲᠠᠷᠢᠶᠠᠯᠠᠩ ᠤᠨ ᠲᠠᠷᠢᠮᠠᠯ ᠤᠨ | ᠦᠢᠯᠡᠳᠦᠯᠭᠡ ᠳᠤ ᠤᠷᠤᠯᠴᠠᠵᠦ ᠪᠠᠶᠢᠭ᠎ᠠ ᠪᠠᠭ᠎ᠠ ᠰᠤᠷᠭᠠᠭᠤᠯᠢ ᠶᠢᠨ ᠰᠤᠷᠤᠬᠴᠢᠳ ᠲᠠᠢ ᠳᠣᠲᠣᠨᠣ ᠪᠠᠷ ᠰᠠᠨᠠᠯ ᠢᠶᠠᠨ | ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ ᠶᠠᠪᠠᠭᠠᠨ ᠢᠶᠠᠷ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠴᠠᠭᠠᠨ ᠦᠵᠡᠪᠡ | ᠃ ᠰᠠᠭᠰᠤᠨ ᠪᠥᠮᠪᠦᠭᠡ ᠶᠢᠨ ᠲᠠᠯᠠᠪᠤᠷ ᠲᠤ ᠰᠤᠷᠤᠬᠴᠢᠳ ᠶᠠᠭ ᠰᠠᠭᠰᠤᠨ ᠪᠥᠮᠪᠦᠭᠡ ᠨᠠᠭᠠᠳᠴᠤ᠂ ᠳᠡᠭᠡᠰᠦ | ᠦᠰᠦᠷᠴᠦ᠂ ᠲᠠᠮᠢᠷ ᠤᠨ ᠬᠢᠴᠢᠶᠡᠯ ᠣᠷᠣᠵᠤ ᠪᠠᠶᠢᠯ᠎ᠠ᠃ ᠰᠢ ᠶᠢᠨ ᠫᠢᠩ᠂ ᠬᠥᠮᠥᠨ ᠤ ᠡᠷᠡᠭᠦᠯ ᠮᠡᠨᠳᠦ ᠶᠢᠨ ᠬᠡᠪ | ᠴᠢᠨᠠᠷ ᠢ ᠳᠡᠭᠡᠭᠰᠢᠯᠡᠭᠦᠯᠭᠦ ᠳᠤ ᠵᠠᠯᠠᠭᠤᠴᠤᠳ ᠪᠠᠭᠠᠴᠤᠳ ᠤᠨ ᠱᠠᠲᠤ ᠦᠶ᠎ᠡ ᠪᠣᠯ ᠰᠢᠵᠢᠷ ᠠᠯᠳᠠᠨ ᠴᠠᠭ ᠦᠶ᠎ᠡ | ᠪᠣᠯᠣᠨ᠎ᠠ᠃ ᠡᠨᠡ ᠬᠦ ᠱᠠᠲᠤᠨ ᠳᠤ ᠪᠡᠶ᠎ᠡ ᠮᠠᠬᠠᠪᠤᠳ ᠥᠰᠦᠨ ᠪᠣᠶᠢᠵᠢᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠂ | ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠪᠠᠯ ᠰᠠᠶ᠋ᠢ ᠬᠤᠶᠢᠰᠢᠳᠠ ᠶᠢᠨ ᠨᠢᠭᠡ ᠨᠠᠰᠤᠨ ᠤ ᠰᠤᠷᠤᠯᠴᠠᠯᠭ᠎ᠠ ᠪᠠ | ᠠᠵᠢᠯ ᠤᠨ ᠰᠠᠭᠤᠷᠢ ᠶᠢ ᠰᠠᠶᠢᠲᠤᠷ ᠲᠠᠯᠪᠢᠵᠤ ᠴᠢᠳᠠᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯ ᠪᠠᠭᠠᠴᠤᠳ | ᠬᠡᠦᠬᠡᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠬᠤ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠤᠳᠤ | ᠠᠮᠢᠳᠤᠷᠠᠯ ᠤᠨ ᠨᠥᠬᠦᠴᠡᠯ ᠰᠠᠶᠢᠵᠢᠷᠠᠵᠠᠢ᠂ ᠬᠡᠦᠬᠡᠳ ᠤᠳ ᠮᠠᠷᠢᠶᠠᠯᠠᠲᠠᠯᠠ ᠢᠳᠡᠬᠦ ᠪᠢᠰᠢ᠂ ᠬᠠᠷᠢᠨ ᠡᠷᠡᠭᠦᠯ ᠴᠢᠭᠢᠷᠠᠭ | ᠦᠰᠦᠨ ᠪᠣᠶᠢᠵᠢᠵᠤ᠂ ᠪᠣᠯᠪᠠᠰᠤᠷᠠᠯ ᠢᠶᠠᠷ ᠲᠠᠮᠵᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠡᠷᠡᠭᠲᠡᠢ᠃ ᠪᠡᠶ᠎ᠡ ᠶᠢᠨ | ᠲᠠᠮᠢᠷ ᠤᠨ ᠪᠣᠯᠪᠠᠰᠤᠷᠠᠯ ᠢ ᠪᠠᠭ᠎ᠠ ᠠᠴᠠ ᠨᠢ ᠠᠳᠬᠤᠬᠤ ᠬᠡᠷᠡᠭᠲᠡᠢ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ | ᠢᠯᠡᠭᠦᠬᠡᠨ ᠣᠷᠣᠯᠴᠠᠪᠠᠯ ︽ᠮᠠᠷᠢᠶ᠎ᠠ ᠲᠠᠢ ᠬᠡᠦᠬᠡᠳ︾᠂ ︽ᠨᠢᠳᠦᠨ ᠰᠢᠯ ᠲᠠᠢ ᠬᠡᠦᠬᠡᠳ︾ ᠴᠥᠭᠡᠨ ᠪᠣᠯᠴᠢᠬᠠᠳᠠᠭ | ᠃ ᠰᠤᠷᠭᠠᠭᠤᠯᠢ ᠠᠴᠠ ᠪᠡᠶ᠎ᠡ ᠶᠢᠨ ᠲᠠᠮᠢᠷ ᠤᠨ ᠪᠠᠭᠰᠢ ᠶᠢ ᠭᠦᠢᠴᠡᠳ ᠰᠠᠶᠢᠲᠤᠷ ᠲᠣᠬᠢᠷᠠᠭᠤᠯᠵᠤ᠂ ᠭᠡᠷ ᠪᠦᠯᠢ᠂ | ᠰᠤᠷᠭᠠᠭᠤᠯᠢ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠢᠨ ᠴᠥᠮ ᠪᠠᠭᠠᠴᠤᠳ ᠬᠡᠦᠬᠡᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | ᠰᠢ ᠶᠢᠨ ᠫᠢᠩ ᠪᠡᠭᠡᠵᠢᠩ ᠤᠨ ᠢᠦᠢ ᠶᠢᠩ ᠰᠤᠷᠭᠠᠭᠤᠯᠢ ᠳᠤ ᠰᠢᠨᠵᠢᠯᠡᠨ ᠪᠠᠶᠢᠴᠠᠭᠠᠵᠤ᠂ ᠪᠦᠭᠦ ᠤᠯᠤᠰ ᠤᠨ | ᠥᠷᠭᠡᠨ ᠣᠯᠠᠨ ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ | ᠡᠳᠦᠷ ᠤᠨ ᠮᠡᠨᠳᠦᠴᠢᠯᠡᠯ ᠳᠡᠪᠰᠢᠭᠦᠯᠪᠡ᠃ 5 ᠰᠠᠷ᠎ᠠ ᠶᠢᠨ 31 ᠤ ᠦᠳᠡ ᠶᠢᠨ ᠡᠮᠦᠨ᠎ᠡ᠂ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠢᠦᠢ ᠶᠢᠩ ᠰᠤᠷᠭᠠᠭᠤᠯᠢ ᠳᠤ ᠬᠦᠷᠴᠦ᠂ ᠪᠠᠭᠰᠢ | ᠰᠤᠷᠤᠬᠴᠢᠳ ᠢ ᠡᠷᠭᠢᠨ ᠦᠵᠡᠵᠦ ᠲᠣᠬᠤᠨᠢᠭᠤᠯᠤᠨ᠂ ᠪᠦᠭᠦ ᠤᠯᠤᠰ ᠤᠨ ᠥᠷᠭᠡᠨ ᠤᠯᠠᠨ ᠪᠠᠭᠠᠴᠤᠳ ᠬᠡᠦᠬᠡᠳ ᠲᠤ | ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠷᠤᠭ ᠪᠣᠯ ᠰᠢ ᠶᠢᠨ ᠫᠢᠩ ᠰᠢᠨᠵᠢᠯᠡᠬᠦ ᠤᠬᠠᠭᠠᠨ ᠤ ᠬᠢᠴᠢᠶᠡᠯ ᠤᠨ | ᠭᠡᠷ ᠲᠤ ᠪᠠᠭ᠎ᠠ ᠰᠤᠷᠭᠠᠭᠤᠯᠢ ᠶᠢᠨ ᠰᠤᠷᠤᠬᠴᠢᠳ ᠲᠠᠢ ᠳᠣᠲᠣᠨᠣ ᠪᠠᠷ ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠳᠠᠷᠠᠭ᠎ᠠ ᠨᠢ ᠰᠢ ᠶᠢᠨ ᠫᠢᠩ ᠰᠤᠷᠤᠬᠴᠢᠳ ᠤᠨ ᠲᠠᠷᠢᠶᠠᠯᠠᠩ ᠤᠨ ᠲᠠᠯᠠᠪᠠᠢ ᠳᠤ ᠬᠦᠷᠴᠦ ᠢᠷᠡᠪᠡ᠃ ᠠᠳᠡ | ᠪᠣᠯ ᠰᠤᠷᠤᠬᠴᠢᠳ ᠤᠨ ᠲᠠᠷᠢᠶᠠᠯᠠᠩ ᠤᠨ ᠲᠠᠷᠢᠮᠠᠯ ᠤᠨ ᠠᠵᠢᠯᠯᠠᠭ᠎ᠠ ᠥᠷᠨᠢᠭᠦᠯᠬᠦ ᠦᠢᠯᠡᠳᠦᠯᠭᠡ ᠶᠢᠨ ᠲᠠᠯᠠᠪᠤᠷ | ᠪᠣᠯᠣᠨ᠎ᠠ᠂ ᠨᠡᠷᠡᠨ ᠤ ᠭᠡᠷᠡᠯ ᠳᠣᠣᠷᠠᠬᠢ ᠲᠠᠷᠢᠶᠠᠨ ᠳᠠᠯᠠᠩ ᠢᠶᠠᠷ ᠵᠢᠭᠳᠡᠷᠡᠨ ᠤᠷᠭᠤᠭᠰᠠᠨ ᠨᠣᠭᠤᠭ᠎ᠠ ᠶᠢᠨ ᠴᠢᠬᠢ | ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠡᠦᠬᠡᠳ ᠤᠳ ᠤᠰᠤᠨ ᠰᠠᠭᠤᠯᠠᠭ᠎ᠠ᠂ ᠬᠤᠰᠤᠭᠤᠷ᠂ ᠮᠠᠯᠲᠠᠭᠤᠷ᠂ | ᠦᠰᠦᠨ ᠪᠢᠷ ᠢᠶᠠᠨ ᠠᠪᠴᠤ᠂ ᠲᠥᠪᠡᠳ ᠬᠠᠰᠢ᠂ ᠥᠷᠭᠡᠰᠦᠲᠦ ᠬᠡᠮᠬᠡ ᠵᠡᠷᠭᠡ ᠶᠢ ᠤᠰᠤᠯᠠᠵᠤ᠂ ᠬᠥᠷᠥᠰᠥ ᠶᠢ | ᠰᠤᠯᠠᠷᠠᠭᠤᠯᠵᠤ᠂ ᠡᠪᠡᠰᠦ ᠶᠢ ᠨᠢ ᠠᠷᠴᠢᠵᠤ᠂ ᠲᠣᠭᠤᠰᠣ ᠬᠦᠷᠲᠡᠭᠡᠨ᠎ᠡ᠃ ᠰᠢ ᠶᠢᠨ ᠫᠢᠩ᠂ ᠮᠠᠰᠢ ᠤᠯᠠᠨ | ᠮᠡᠳᠡᠯᠭᠡ ᠪᠠ ᠶᠣᠰᠣ ᠤᠴᠢᠷ ᠨᠢ ᠪᠦᠷ ᠭᠦᠳᠡᠯᠮᠦᠷᠢ ᠠᠴᠠ ᠢᠷᠡᠳᠡᠭ ᠶᠤᠮ᠂ ᠠᠮᠢᠳᠤᠷᠠᠯ ᠠᠴᠠ ᠢᠷᠡᠳᠡᠭ ᠶᠤᠮ᠃ | ᠬᠡᠦᠬᠡᠳ ᠢ ᠬᠥᠲᠥᠯᠥᠨ ᠳᠠᠭᠠᠭᠤᠯᠵᠤ ᠬᠠᠷᠠᠬᠠᠨ ᠪᠠᠭ᠎ᠠ ᠠᠴᠠ ᠨᠢ ᠭᠦᠳᠡᠯᠮᠦᠷᠢ ᠶᠢᠨ ᠦᠵᠡᠯᠲᠡ ᠲᠠᠢ ᠪᠤᠯᠭᠠᠵᠤ᠂ | ᠭᠦᠳᠡᠯᠮᠦᠷᠢ ᠶᠢᠨ ᠳᠠᠳᠬᠠᠯ ᠢ ᠨᠢ ᠬᠥᠮᠥᠵᠢᠭᠦᠯᠦᠨ᠂ ᠬᠥᠳᠡᠯᠮᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠭᠦ ᠨᠢ | ᠲᠡᠳᠡᠨ ᠤ ᠮᠡᠳᠡᠯᠭᠡ ᠶᠢ ᠨᠡᠩ ᠰᠠᠶᠢᠲᠤᠷ ᠰᠤᠷᠤᠯᠴᠠᠬᠤ ᠳᠤ ᠠᠰᠢᠭᠲᠠᠢ ᠶᠤᠮ᠃ ᠣᠳᠣᠬᠠᠨ ᠳᠤ ᠵᠠᠷᠢᠮ ᠬᠤᠲᠠ ᠶᠢᠨ | ᠬᠡᠦᠬᠡᠳ ᠤᠨ ᠬᠥᠳᠡᠭᠡ ᠲᠣᠰᠬᠤᠨ ᠳᠤ ᠬᠦᠷᠴᠦ᠂ ᠡᠬᠡ ᠪᠠᠶᠢᠭᠠᠯᠢ ᠲᠠᠢ ᠣᠶᠢᠷᠠᠳᠬᠤ ᠨᠢ ᠴᠥᠭᠡᠨ ᠪᠠᠶᠢᠨ᠎ᠠ᠂ ︽ | ᠬᠥᠯ ᠭᠠᠷ ᠬᠥᠳᠡᠯᠬᠦ ᠨᠢ ᠴᠥᠭᠡᠨ︾ ᠪᠠᠶᠢᠬᠤ ᠪᠠᠷ ᠪᠠᠷᠠᠬᠤ ᠦᠭᠡᠢ ᠪᠠᠰᠠ ︽ᠲᠠᠪᠤᠨ ᠲᠠᠷᠢᠶ᠎ᠠ ᠶᠢ ᠴᠤ ᠲᠠᠨᠢᠬᠤ | ᠦᠭᠡᠢ︾ ᠪᠠᠶᠢᠵᠤ᠂ ᠢᠳᠡᠵᠦ ᠪᠠᠶᠢᠭ᠎ᠠ ᠵᠦᠢᠯ ᠨᠢ ᠶᠠᠭᠤ ᠪᠤᠯᠬᠤ᠂ ᠬᠠᠮᠢᠭ᠎ᠠ ᠠᠴᠠ ᠢᠷᠡᠭᠰᠡᠨ᠂ ᠶᠠᠭᠠᠬᠢᠵᠤ | ᠢᠷᠡᠭᠰᠡᠨ ᠢ ᠴᠦ ᠮᠡᠳᠡᠬᠦ ᠦᠭᠡᠢ᠂ ᠨᠠᠩ ᠴᠤ ︽ᠬᠠᠯᠪᠠᠭ᠎ᠠ ᠳᠣᠲᠣᠷᠠᠬᠢ ᠨᠢᠭᠡᠨ ᠮᠥᠬᠦᠯᠢᠭ ᠠᠮᠤ ᠶᠢᠨ ᠬᠠᠯᠠᠰᠢᠷᠠᠯ | ᠵᠤᠪᠠᠯᠠᠩ ᠢ ᠬᠡᠨ ᠮᠡᠳᠡᠬᠦ ᠠᠵᠢ︾ ᠭᠡᠳᠡᠭ ᠢ ᠪᠠᠶᠠᠳᠠᠨ ᠣᠶᠢᠯᠠᠭᠠᠬᠤ ᠳᠤ ᠨᠡᠩ ᠴᠤ ᠪᠡᠷᠬᠡ ᠶᠤᠮ ᠭᠡᠵᠦ | ᠴᠢᠬᠤᠯᠠᠴᠢᠯᠠᠪᠠ᠃ ᠲᠡᠷᠡ ᠰᠤᠷᠤᠬᠴᠢ ᠨᠥᠬᠦᠳ ᠲᠤ᠂ ᠡᠬᠡ ᠪᠠᠶᠢᠭᠠᠯᠢ ᠶᠢ ᠲᠠᠨᠢᠬᠤ ᠳᠤ ᠶᠠᠭᠤᠨ ᠤ ᠡᠮᠦᠨ᠎ᠡ | ᠳᠡᠷᠭᠡᠳᠡᠬᠢ ᠤᠷᠭᠤᠮᠠᠯ ᠢ ᠲᠠᠨᠢᠬᠤ ᠠᠴᠠ ᠡᠬᠢᠯᠡᠬᠦ ᠬᠡᠷᠡᠭᠲᠡᠢ᠃ ᠰᠤᠷᠤᠬᠴᠢᠳ ᠤᠨ ᠳᠠᠷᠢᠵᠤ ᠪᠣᠶᠢᠵᠢᠭᠤᠯᠤᠭᠰᠠᠨ ᠡᠯ᠎ᠡ | ᠵᠦᠢᠯ ᠤᠨ ᠤᠷᠭᠤᠮᠠᠯ ᠢ ᠨᠣᠮ ᠳᠡᠪᠲᠡᠷ ᠳᠡᠭᠡᠷ᠎ᠡ ᠴᠥᠮ ᠲᠠᠨᠢᠯᠴᠠᠭᠤᠯᠵᠤ ᠪᠠᠶᠢᠳᠠᠭ ᠪᠤᠯᠪᠠᠴᠤ ᠣᠯᠠᠨ ᠢᠶᠠᠷ ᠢᠶᠠᠨ | ᠥᠪᠡᠷ ᠤᠨ ᠭᠠᠷ ᠢᠶᠠᠷ ᠢᠶᠠᠨ ᠳᠠᠷᠢᠵᠤ᠂ ᠥᠪᠡᠷ ᠤᠨ ᠪᠡᠶ᠎ᠡ ᠪᠠᠷ ᠢᠶᠠᠨ ᠪᠣᠶᠢᠵᠢᠭᠤᠯᠵᠤ᠂ ᠮᠥᠷᠳᠡᠨ ᠠᠵᠢᠭᠯᠠᠪᠠᠯ | ᠯᠠᠪᠲᠠᠢ ᠠᠳᠠᠯᠢ ᠦᠭᠡᠢ ᠣᠯᠣᠯᠲᠠ ᠲᠠᠢ ᠶᠤᠮ᠃ ᠰᠤᠷᠤᠬᠴᠢ ᠨᠥᠬᠦᠳ ︽ᠲᠠᠷᠢᠶᠠᠨ ᠠᠵᠢᠯ ᠢ ᠬᠢᠵᠦ ᠰᠤᠷᠬᠤ︾ | ᠳᠤᠮᠳᠠ ᠠᠴᠠ ᠲᠠᠷᠢᠶᠠᠨ ᠠᠵᠢᠯ ᠤᠨ ᠬᠦᠴᠢᠷ ᠪᠡᠷᠬᠡᠰᠢᠶᠡᠯ ᠪᠠ ᠲᠠᠷᠢᠶᠠᠴᠢᠳ ᠤᠨ ᠭᠢᠯᠪᠠᠷ ᠪᠤᠰᠤ ᠶᠢ ᠣᠶᠢᠯᠠᠭᠠᠵᠤ᠂ | ᠬᠠᠷᠠᠬᠠᠨ ᠪᠠᠭ᠎ᠠ ᠠᠴᠠ ᠪᠠᠨ ᠭᠦᠳᠡᠯᠮᠦᠷᠢ ᠳᠤ ᠳᠤᠷᠠᠲᠠᠢ᠂ ᠠᠮᠤ ᠪᠤᠳᠠᠭ᠎ᠠ ᠶᠢ ᠨᠠᠨᠳᠢᠩᠨᠠᠨ ᠬᠠᠶᠢᠷᠠᠯᠠᠬᠤ᠂ ᠪᠠᠶᠢᠭᠠᠯᠢ ᠶᠢ | ᠬᠦᠨᠳᠦᠳᠬᠡᠬᠦ ᠰᠠᠶᠢᠨ ᠰᠠᠶᠢᠬᠠᠨ ᠳᠠᠳᠬᠠᠯ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ | ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠰᠢᠨ᠎ᠡ ᠴᠠᠭ ᠦᠶ᠎ᠡ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠡᠦᠬᠡᠳ ᠪᠠᠭᠠᠴᠤᠳ ᠠᠴᠠ ᠡᠬᠢᠯᠡᠨ ᠠᠳᠬᠤᠵᠤ᠂ ᠭᠦᠳᠡᠯᠮᠦᠷᠢ ᠶᠢ | ᠪᠠᠶᠠᠳᠠᠨ ᠣᠶᠢᠯᠠᠭᠠᠭᠤᠯᠬᠤ ᠠᠮᠢᠳᠤᠯᠢᠭ ᠰᠠᠶᠢᠬᠠᠨ ᠬᠢᠴᠢᠶᠡᠯ ᠢᠶᠠᠷ ᠳᠠᠮᠵᠢᠭᠤᠯᠤᠨ ᠬᠡᠦᠬᠡᠳ ᠢ ᠪᠡᠶ᠎ᠡ ᠪᠠᠷ ᠨᠢ ᠭᠢᠯᠭᠡᠵᠤ | ᠂ ᠪᠡᠶ᠎ᠡ ᠪᠠᠷ ᠨᠢ ᠣᠷᠣᠯᠴᠠᠭᠤᠯᠵᠤ᠂ ᠪᠡᠶ᠎ᠡ ᠪᠠᠷ ᠨᠢ ᠣᠶᠢᠯᠠᠭᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠬᠡᠦᠬᠡᠳ ᠤᠨ ᠤᠢ ᠰᠡᠳᠬᠢᠯ ᠳᠤ ᠡᠷᠲᠡᠬᠡᠨ | ᠬᠠᠳᠠᠩᠰᠢᠭᠤᠯᠬᠤ ᠬᠡᠷᠡᠭᠲᠡᠢ ᠭᠡᠪᠡ᠃ | ᠰᠤᠷᠭᠠᠭᠤᠯᠢ ᠶᠢᠨ ᠰᠧ ᠼᠦᠩ ᠠᠰᠠᠷ ᠤᠨ ᠬᠤᠶᠠᠳᠤᠭᠠᠷ ᠳᠠᠪᠬᠤᠷᠯᠢᠭ ᠤᠨ ᠰᠢᠨᠵᠢᠯᠡᠬᠦ ᠤᠬᠠᠭᠠᠨ ᠤ | ᠬᠢᠴᠢᠶᠡᠯ ᠤᠨ ᠭᠡᠷ ᠠᠴᠠ ᠪᠠᠶᠠᠷᠯᠠᠯᠳᠤᠨ ᠨᠠᠷᠭᠢᠯᠳᠤᠬᠤ ᠳᠠᠭᠤᠨ ᠲᠠᠰᠤᠷᠠᠯᠳᠠ ᠦᠭᠡᠢ ᠰᠣᠨᠣᠰᠳᠠᠨ᠎ᠠ᠃ ᠰᠢ ᠶᠢᠨ ᠫᠢᠩ | ᠬᠢᠴᠢᠶᠡᠯ ᠤᠨ ᠭᠡᠷ ᠲᠤ ᠣᠷᠣᠬᠤ ᠳᠤ᠂ ᠪᠠᠭᠰᠢ ᠰᠤᠷᠤᠬᠴᠢᠳ ᠶᠡᠷᠦᠩᠬᠡᠢ ᠱᠦᠵᠢ ᠳᠤ᠂ ᠪᠢᠳᠠ ᠶᠠᠭ ᠥᠪᠡᠷ ᠤᠨ | ᠰᠤᠷᠤᠬᠰᠠᠨ ᠰᠢᠯᠤᠭᠤᠨ ᠱᠤᠭᠤᠮ ᠤᠨ ᠬᠥᠳᠡᠯᠭᠡᠭᠡᠨ᠂ ᠮᠤᠷᠤᠢ ᠱᠤᠭᠤᠮ ᠤᠨ ᠬᠥᠳᠡᠯᠭᠡᠭᠡᠨ᠂ ᠨᠠᠯᠠᠤ ᠲᠠᠯ᠎ᠠ ᠶᠢᠨ | ᠬᠥᠳᠡᠯᠭᠡᠭᠡᠨ ᠵᠡᠷᠭᠡ ᠮᠡᠳᠡᠯᠭᠡ ᠪᠠᠨ ᠬᠡᠷᠡᠭᠯᠡᠵᠦ᠂ ᠵᠡᠷᠭᠡᠯᠡᠬᠦ ᠮᠣᠳᠣᠨ ᠲᠣᠭᠯᠠᠭᠠᠮ ᠢᠶᠠᠷ ᠠᠭᠤᠯᠠ ᠳᠠᠪᠠᠭ᠋ᠤ ᠲᠡᠷᠭᠡᠨ ᠤ | ᠵᠠᠭᠪᠤᠷ ᠢ ᠵᠢᠷᠤᠵᠤ ᠲᠥᠯᠥᠪᠯᠡᠨ ᠰᠢᠯᠭᠠᠨ ᠪᠠᠲᠤᠯᠠᠵᠤ ᠪᠠᠶᠢᠨ᠎ᠠ ᠭᠡᠵᠦ ᠬᠡᠯᠡᠵᠦ ᠥᠭᠪᠡ᠃ ᠰᠢ ᠶᠢᠨ ᠫᠢᠩ᠂ ᠰᠢᠨᠵᠢᠯᠡᠬᠦ | ᠤᠬᠠᠭᠠᠨ ᠤ ᠲᠤᠷᠰᠢᠯᠲᠠ ᠶᠢᠨ ᠬᠢᠴᠢᠶᠡᠯ ᠪᠣᠯ ᠬᠡᠦᠬᠡᠳ ᠤᠨ ᠰᠢᠨᠵᠢᠯᠡᠬᠦ ᠤᠬᠠᠭᠠᠨᠴᠢ ᠰᠡᠳᠬᠢᠬᠦᠢ᠂ ᠦᠯᠦ ᠮᠡᠳᠡᠬᠦ | ᠵᠦᠢᠯ ᠢᠶᠠᠨ ᠬᠠᠶᠢᠨ ᠰᠦᠪᠡᠭᠴᠢᠯᠡᠬᠦ ᠳᠤᠷ᠎ᠠ ᠪᠠᠬ᠎ᠠ ᠪᠣᠯᠣᠨ ᠰᠢᠨ᠎ᠡ ᠶᠢ ᠡᠭᠦᠳᠬᠦ ᠤᠬᠠᠮᠰᠠᠷ ᠢ ᠬᠥᠮᠥᠵᠢᠭᠦᠯᠬᠦ | ᠪᠦᠲᠦᠮᠵᠢᠲᠡᠢ ᠠᠷᠭ᠎ᠠ ᠭᠡᠯᠪᠡᠷᠢ ᠪᠣᠯᠣᠨ᠎ᠠ᠃ ᠰᠤᠷᠤᠬᠴᠢᠳ ᠬᠠᠷᠠᠬᠠᠨ ᠪᠠᠭ᠎ᠠ ᠠᠴᠠ ᠪᠠᠨ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠬᠦᠰᠡᠯ | ᠵᠣᠷᠢᠯᠲᠠ ᠶᠢ ᠪᠤᠢ ᠪᠤᠯᠭᠠᠵᠤ᠂ ᠣᠳᠣᠬᠠᠨ ᠳᠤ ᠵᠣᠷᠢᠭᠲᠠᠢ ᠪᠠᠷ ᠪᠢᠴᠢᠬᠠᠨ ᠰᠢᠨᠵᠢᠯᠡᠬᠦ ᠤᠬᠠᠭᠠᠨᠲᠠᠨ ᠪᠣᠯᠵᠤ᠂ | ᠢᠷᠡᠭᠡᠳᠦᠢ ᠳᠤ ᠲᠣᠮᠣ ᠰᠢᠨᠵᠢᠯᠡᠬᠦ ᠤᠬᠠᠭᠠᠨᠲᠠᠨ ᠪᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠥᠨᠳᠥᠷ ᠲᠦᠪᠰᠢᠨ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ | ᠃ | ᠰᠢ ᠶᠢᠨ ᠫᠢᠩ ᠳᠠᠷᠠᠭ᠎ᠠ ᠨᠢ ᠲᠠᠪᠤᠳᠤᠭᠠᠷ ᠣᠨ ᠤ ᠪᠠᠭᠰᠢ ᠶᠢᠨ ᠠᠯᠪᠠᠨ ᠭᠡᠷ ᠲᠤ ᠬᠦᠷᠴᠦ᠂ ᠰᠤᠳᠤᠯᠤᠨ | ᠶᠠᠷᠢᠯᠴᠠᠵᠤ ᠬᠢᠴᠢᠶᠡᠯ ᠪᠡᠯᠡᠳᠬᠡᠵᠦ ᠪᠠᠶᠢᠭ᠎ᠠ ᠪᠠᠭᠰᠢ ᠨᠠᠷ ᠢ ᠪᠣᠯᠭᠤᠭᠠᠨ ᠦᠵᠡᠵᠦ᠂ ᠬᠢᠴᠢᠶᠡᠯ ᠤᠨ ᠳᠠᠷᠠᠭᠠᠬᠢ | ᠦᠢᠯᠡᠴᠢᠯᠡᠭᠡ ᠶᠢᠨ ᠬᠢᠴᠢᠶᠡᠯ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠠᠰᠠᠭᠤᠪᠠ᠃ | ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠰᠢᠰᠲ᠋ᠧᠮ | ᠪᠣᠯ ᠰᠠᠶᠢᠨ ᠶᠤᠮ᠃ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠳᠡᠯᠡᠬᠡᠢ ᠳᠡᠭᠡᠷ᠎ᠡ ᠳᠠᠪᠠᠭᠤᠯᠢᠭ ᠲᠠᠯ᠎ᠠ ᠲᠠᠢ | ᠶᠤᠮ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠥᠪᠡᠷ ᠤᠨ ᠰᠠᠶᠢᠨ ᠲᠠᠯ᠎ᠠ ᠪᠠᠨ ᠰᠠᠶᠢᠲᠤᠷ ᠪᠠᠷᠢᠮᠲᠠᠯᠠᠵᠤ᠂ | ᠭᠠᠳᠠᠭᠠᠳᠤ ᠶᠢᠨ ᠰᠠᠶᠢᠨ ᠲᠠᠯ᠎ᠠ ᠪᠠᠷ ᠰᠠᠶᠢᠲᠤᠷ ᠲᠣᠯᠢ ᠪᠤᠯᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ | ᠨᠡᠭᠡᠭᠡᠯᠲᠡᠲᠡᠢ ᠪᠠᠷ ᠬᠥᠭᠵᠢᠵᠦ᠂ ᠬᠡᠦᠬᠡᠳ ᠤᠳ ᠢ ᠨᠠᠩ ᠳᠡᠯᠭᠡᠷ ᠬᠠᠷᠠᠭᠠᠰᠤ᠂ ᠨᠠᠩ ᠥᠷᠭᠡᠨ ᠰᠡᠳᠬᠢᠮᠵᠢ᠂ ᠨᠠᠩ | ᠨᠡᠭᠡᠭᠡᠯᠲᠡᠲᠤ ᠣᠶᠢᠯᠠᠭᠠᠭᠳᠠᠬᠤᠨ ᠲᠠᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ | ᠡᠭᠦᠷᠭᠡᠯᠡᠬᠦ᠂ ᠵᠣᠷᠢᠭᠲᠠᠢ ᠪᠠᠷ ᠳᠡᠯᠡᠬᠡᠢ ᠶᠢᠨ ᠭᠠᠶᠢᠬᠠᠮᠰᠢᠭ ᠢ ᠡᠭᠦᠳᠬᠦ ᠤᠯᠤᠰ ᠤᠨ ᠲᠤᠯᠭᠠᠭᠤᠷᠢ ᠴᠢᠳᠠᠪᠤᠷᠢᠲᠠᠨ ᠢ | ᠴᠢᠷᠮᠠᠶᠢᠨ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠴᠢᠳᠠᠪᠤᠷᠢᠲᠠᠨ ᠢ | ᠬᠥᠮᠥᠵᠢᠭᠦᠯᠬᠦ ᠶᠢᠨ ᠵᠠᠩᠭᠢᠯᠠᠭ᠎ᠠ ᠨᠢ ᠪᠠᠭᠰᠢ ᠳᠤ ᠪᠤᠢ᠃ ᠥᠷᠭᠡᠨ ᠤᠯᠠᠨ ᠪᠠᠭᠰᠢ ᠨᠠᠷ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠠᠷᠠᠳ ᠤᠨ ᠰᠤᠷᠭᠠᠨ ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠶᠣᠰᠣ ᠰᠤᠷᠲᠠᠬᠤᠨ ᠢᠶᠠᠷ | ᠪᠡᠶ᠎ᠡ ᠪᠠᠨ ᠵᠠᠰᠠᠵᠤ᠂ ᠶᠣᠰᠣ ᠰᠤᠷᠲᠠᠬᠤᠨ ᠢᠶᠠᠷ ᠰᠤᠷᠭᠠᠭᠤᠯᠢ ᠡᠷᠭᠢᠯᠡᠵᠤ᠂ ᠶᠣᠰᠣ ᠰᠤᠷᠲᠠᠬᠤᠨ ᠢᠶᠠᠷ ᠵᠢᠭᠠᠨ | ᠰᠤᠷᠭᠠᠬᠤ ᠬᠡᠷᠡᠭᠲᠡᠢ᠃ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ | ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠵᠤ᠂ ᠪᠠᠭᠰᠢ ᠶᠢᠨ ᠠᠵᠢᠯ ᠢ ᠨᠡᠶᠢᠭᠡᠮ ᠤᠨ ᠬᠦᠨᠳᠦᠳᠬᠡᠯ ᠪᠠ | ᠬᠥᠮᠥᠰ ᠤᠨ ᠪᠠᠭ᠋ᠠᠷᠬᠠᠯ ᠢ ᠬᠠᠮᠤᠭ ᠠᠴᠠ ᠢᠯᠡᠭᠦᠦ ᠣᠯᠣᠭᠰᠠᠨ ᠲᠤᠬᠠᠶᠢᠯᠠᠬᠰᠨ ᠠᠵᠢᠯ ᠪᠤᠯᠭᠠᠵᠤ᠂ ᠰᠢᠯᠢᠳᠡᠭ | ᠴᠢᠳᠠᠪᠤᠷᠢᠲᠠᠨ ᠢᠳᠡᠪᠬᠢᠯᠡᠨ ᠪᠠᠭᠰᠢ ᠪᠤᠯᠬᠤ᠂ ᠰᠢᠯᠢᠳᠡᠭ ᠪᠠᠭᠰᠢ ᠲᠠᠰᠤᠷᠠᠯᠳᠠ ᠦᠭᠡᠢ ᠴᠣᠯᠭᠤᠷᠠᠨ ᠭᠠᠷᠬᠤ ᠰᠠᠶᠢᠨ | ᠰᠠᠶᠢᠬᠠᠨ ᠪᠠᠶᠢᠳᠠᠯ ᠢ ᠴᠢᠷᠮᠠᠶᠢᠨ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠤᠷᠭᠠᠭᠤᠯᠢ ᠶᠢᠨ ᠵᠢᠵᠢᠭ ᠠᠭᠤᠳᠠᠮ ᠲᠠᠯᠠᠪᠠᠢ ᠳᠤ ᠪᠠᠭᠰᠢ ᠰᠤᠷᠤᠬᠴᠢᠳ ᠶᠡᠷᠦᠩᠬᠡᠢ ᠱᠦᠵᠢ ᠶᠢ | ᠬᠠᠯᠠᠭᠤᠨ ᠢᠶᠠᠷ ᠦᠳᠡᠨ ᠮᠣᠷᠳᠠᠭᠤᠯᠪᠠ᠃ ᠰᠢ ᠶᠢᠨ ᠫᠢᠩ ᠬᠡᠦᠬᠡᠳ ᠤᠳ ᠤᠨ ᠢᠳᠡᠷᠡᠭᠦᠨ ᠢᠶᠠᠷ ᠦᠰᠦᠨ ᠪᠣᠶᠢᠵᠢᠵᠤ | ᠂ ᠡᠷᠡᠭᠦᠯ ᠴᠢᠭᠢᠷᠠᠭ ᠢᠶᠠᠷ ᠴᠢᠳᠠᠪᠤᠷᠢᠲᠠᠨ ᠪᠤᠯᠬᠤ ᠶᠢ ᠵᠥᠩᠨᠡᠭᠰᠡᠨ ᠪᠥᠭᠡᠳ ᠪᠦᠭᠦ ᠤᠯᠤᠰ ᠤᠨ ᠥᠷᠭᠡᠨ ᠤᠯᠠᠨ | ᠪᠠᠭᠠᠴᠤᠳ ᠬᠡᠦᠬᠡᠳ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠡᠳᠦᠷ ᠤᠨ ᠮᠡᠨᠳᠦᠴᠢᠯᠡᠯ | ᠳᠡᠪᠰᠢᠭᠦᠯᠪᠡ᠃ ᠲᠡᠷᠡ᠂ ᠡᠨᠡ ᠡᠳᠦᠷ ᠪᠢ ᠲᠤᠰᠬᠠᠶᠢᠯᠠᠨ ᠪᠡᠭᠡᠵᠢᠩ ᠤᠨ ᠢᠦᠢ ᠶᠢᠩ ᠰᠤᠷᠭᠠᠭᠤᠯᠢ ᠳᠤ ᠢᠷᠡᠵᠤ | ᠤᠯᠠᠨ ᠢ ᠡᠷᠭᠢᠨ ᠦᠵᠡᠵᠦ᠂ ᠪᠢᠴᠢᠬᠠᠨ ᠨᠠᠶᠢᠵᠠ ᠨᠠᠷ ᠲᠠᠢ ︽6 · 1︾ ᠤ ᠬᠡᠦᠬᠡᠳ ᠤᠨ ᠪᠠᠶᠠᠷ ᠢ ᠬᠠᠮᠲᠤ ᠪᠠᠷ | ᠪᠡᠯᠭᠡᠯᠡᠪᠡ᠃ ᠰᠤᠷᠤᠬᠴᠢ ᠨᠥᠬᠦᠳ ᠤᠨ ᠠᠰᠪᠤᠷᠢ ᠴᠠᠶᠢᠯᠭᠠᠨ ᠴᠣᠪᠣᠭᠤ ᠳᠡᠭᠵᠢᠨ᠂ ᠴᠤᠭ ᠪᠠᠳᠠᠷᠠᠩᠭᠤᠢ᠂ ᠵᠣᠯ | ᠵᠢᠷᠭᠠᠯ ᠲᠠᠢ ᠢᠨᠢᠶᠡᠮᠰᠦᠭᠯᠡᠯ ᠢ ᠦᠵᠡᠭᠡᠳ ᠲᠤᠩ ᠪᠠᠶᠠᠷ ᠲᠠᠢ ᠪᠠᠶᠢᠨ᠎ᠠ᠃ ᠨᠠᠮ ᠤᠨ ᠲᠥᠪ ᠬᠤᠷᠢᠶ᠎ᠠ ᠪᠠᠭᠠᠴᠤᠳ | ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠢᠮᠠᠭᠲᠠ ᠬᠠᠯᠠᠮᠵᠢᠯᠠᠨ ᠬᠠᠷᠠᠭᠠᠯᠵᠠᠵᠤ᠂ ᠠᠯᠢ ᠤᠯᠠᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠨᠡᠩ | ᠰᠠᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠤᠨ ᠢᠯᠡᠳᠲᠡ ᠳᠠᠪᠠᠭᠤᠯᠢᠭ ᠳᠣᠣᠷ᠎ᠠ ᠳᠤᠮᠳᠠᠳᠤ ᠶᠢᠨ | ᠦᠨᠳᠦᠰᠦᠲᠡᠨ ᠤ ᠶᠡᠭᠡ ᠭᠡᠷ ᠪᠦᠯᠢ ᠳᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠬᠡᠦᠬᠡᠳ ᠯᠠᠪᠲᠠᠢ | ᠤᠯᠠᠮ ᠠᠴᠠ ᠤᠯᠠᠮ ᠵᠣᠯ ᠵᠢᠷᠭᠠᠯ ᠲᠠᠢ ᠪᠣᠯᠵᠤ᠂ ᠯᠠᠪᠲᠠᠢ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠢ ᠪᠢ | ᠢᠲᠡᠭᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠬᠡᠦᠬᠡᠳ ᠪᠠᠭᠠᠴᠤᠳ ᠤᠨ ᠦᠢᠯᠡᠰ ᠤᠨ ᠬᠥᠭᠵᠢᠯᠲᠡ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ | ᠦᠨᠡᠨ ᠬᠦ ᠰᠠᠶᠢᠲᠤᠷ ᠬᠢᠵᠦ᠂ ᠬᠦᠴᠢᠷᠳᠡᠯ ᠲᠠᠢ ᠭᠡᠷ ᠪᠦᠯᠢ ᠶᠢᠨ ᠬᠡᠦᠬᠡᠳ ᠢᠯᠠᠩᠭᠤᠶ᠎ᠠ ᠥᠨᠥᠴᠢᠨ ᠬᠡᠦᠬᠡᠳ ᠪᠠ | ᠵᠡᠮᠳᠡᠭ ᠬᠡᠦᠬᠡᠳ ᠢ ᠬᠠᠯᠠᠮᠵᠢᠯᠠᠨ ᠬᠠᠪᠰᠤᠷᠴᠤ᠂ ᠪᠤᠢ ᠪᠦᠬᠦᠢ ᠬᠡᠦᠬᠡᠳ ᠲᠤ ᠨᠠᠮ ᠪᠠ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠵᠣᠯ ᠵᠢᠷᠭᠠᠯ ᠲᠠᠢ ᠰᠠᠶᠢᠨ ᠰᠠᠶᠢᠬᠠᠨ ᠪᠠᠭ᠎ᠠ ᠨᠠᠰᠤ ᠶᠢ ᠡᠳ᠋ᠯᠡᠭᠦᠯᠭᠦ ᠬᠡᠷᠡᠭᠲᠡᠢ | ᠭᠡᠵᠡᠢ᠃ | ᠰᠢ ᠶᠢᠨ ᠫᠢᠩ ᠰᠤᠷᠤᠬᠴᠢ ᠨᠥᠬᠦᠳ ᠲᠤ᠂ ᠥᠨᠥᠳᠥᠷ ᠤᠨ ᠪᠠᠭᠠᠴᠤᠳ ᠬᠡᠦᠬᠡᠳ ᠪᠣᠯ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠵᠠᠯᠭᠠᠮᠵᠢᠯᠠᠭᠴᠢ ᠪᠠ ᠢᠷᠡᠭᠡᠳᠦᠢ ᠶᠢᠨ ᠭᠤᠣᠯ ᠬᠦᠴᠦᠨ ᠮᠥᠨ᠃ ᠲᠤᠰ ᠵᠠᠭᠤᠨ ᠤ ᠳᠤᠮᠳᠠᠴᠢ ᠦᠶ᠎ᠡ ᠪᠠᠷ ᠮᠠᠨ ᠤ | ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠥᠯᠥᠭᠡ ᠤᠳᠤ ᠮᠠᠨ ᠤ ᠡᠨᠡ ᠦᠶ᠎ᠡ ᠶᠢᠨ ᠬᠥᠮᠥᠰ ᠴᠢᠷᠮᠠᠶᠢᠨ ᠲᠡᠮᠡᠴᠡᠵᠦ ᠪᠠᠶᠢᠨ᠎ᠠ᠂ | ᠢᠷᠡᠭᠡᠳᠦᠢ ᠳᠤ ᠲᠠ ᠨᠠᠷ ᠤᠨ ᠦᠷᠭᠦᠯᠵᠢᠯᠡᠨ ᠲᠡᠮᠡᠴᠡᠬᠦ ᠳᠤ ᠲᠦᠰᠢᠭᠯᠡᠬᠦ ᠪᠣᠯᠣᠨ᠎ᠠ ᠭᠡᠪᠡ᠃ | ᠰᠢ ᠶᠢᠨ ᠫᠢᠩ ᠥᠷᠭᠡᠨ ᠣᠯᠠᠨ ᠭᠡᠷ ᠤᠨ ᠠᠬᠠᠮᠠᠳ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠭᠡᠷ ᠪᠦᠯᠢ | ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ᠂ ᠥᠷᠭᠡᠨ ᠣᠯᠠᠨ ᠪᠠᠭᠰᠢ ᠨᠠᠷ ᠠᠷᠢᠭᠤᠨ ᠳᠠᠷᠬᠠᠨ ᠠᠵᠢᠯ ᠤᠨ | ᠪᠠᠶᠢᠷᠢ ᠳᠡᠭᠡᠷ᠎ᠡ ᠪᠠᠨ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠨ ᠵᠥᠩᠨᠡᠪᠡ᠃ | ᠶᠢᠨ ᠯᠢ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ︶ |