| — ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠪᠣᠯᠣᠨ | ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠭᠰᠠᠨ ᠪᠥᠭᠡᠳ | ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠬᠰᠠᠨ ᠲᠤᠬᠠᠢ ᠪᠣᠳᠠᠲᠤ ᠲᠡᠮᠳᠡᠭᠯᠡᠯ | | | ᠨᠢᠭᠡ ᠤᠯᠤᠰ ᠤᠨ ᠦᠶ᠎ᠡ ᠶᠢᠨ ᠦᠶ᠎ᠡ ᠳᠤ ᠣᠷᠣᠰᠢᠨ ᠲᠣᠭᠲᠠᠨᠢᠬᠤ ᠲᠡᠦᠬᠡ ᠰᠣᠶᠣᠯ ᠤᠨ ᠰᠢᠯᠢᠳᠡᠭ ᠥᠪ ᠢ | ᠬᠡᠷᠬᠢᠨ ᠤᠯᠠᠮᠵᠢᠯᠠᠨ ᠵᠠᠯᠭᠠᠮᠵᠢᠯᠠᠬᠤ ᠪᠤᠢ ︖ | ᠨᠢᠭᠡ ᠦᠨᠳᠦᠰᠦᠲᠡᠨ ᠤ ᠵᠠᠯᠭᠠᠨ ᠦᠷᠭᠦᠯᠵᠢᠯᠡᠭᠰᠡᠨ ᠥᠨᠢ ᠤᠳᠠᠭᠠᠨ ᠪᠣᠯᠪᠠᠰᠤᠨ ᠢ ᠬᠡᠷᠬᠢᠨ ᠪᠠᠳᠠᠷᠠᠭᠤᠯᠤᠨ | ᠳᠡᠯᠭᠡᠷᠡᠭᠦᠯᠬᠦ ᠪᠤᠢ ︖ | ᠡᠶᠢᠮᠦᠷᠬᠦᠦ ᠭᠦᠨ ᠭᠦᠨᠵᠡᠭᠡᠢ ᠪᠣᠳᠣᠯᠬᠢᠯᠠᠯ ᠢ ᠡᠪᠦᠷᠯᠡᠨ᠂ 6 ᠰᠠᠷ᠎ᠠ ᠶᠢᠨ 1 ᠠᠴᠠ 2 ᠤᠨ ᠡᠳᠦᠷ ᠪᠤᠯᠲᠠᠯ᠎ᠠ ᠂ | ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠪᠠ | ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ ᠰᠢᠨᠵᠢᠯᠡᠨ ᠪᠠᠶᠢᠴᠠᠭᠠᠵᠤ ᠂ | ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ | ᠲᠠᠯᠪᠢᠵᠤ ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠠᠯᠢ | ᠣᠯᠠᠨ ᠴᠢᠬᠤᠯᠠ ᠶᠡᠭᠡ ᠣᠨᠣᠯ ᠤᠨ ᠪᠠ ᠪᠣᠳᠠᠲᠤ ᠠᠰᠠᠭᠤᠳᠠᠯ ᠤᠨ ᠲᠤᠬᠠᠢ ᠪᠦᠭᠦ ᠲᠠᠯ᠎ᠠ ᠪᠠᠷ ᠰᠢᠰᠲ᠋ᠧᠮ ᠲᠠᠢ | ᠭᠦᠨᠵᠡᠭᠡᠢ ᠲᠣᠳᠣᠷᠬᠠᠶᠢᠯᠠᠨ ᠥᠭᠦᠯᠡᠵᠦ ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠤᠷᠢᠶᠠᠯᠠᠭ᠎ᠠ ᠭᠠᠷᠭᠠᠪᠠ | — | ︽ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠂ ᠬᠦᠴᠦᠯᠡᠨ | ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ ᠂ ᠮᠠᠨ ᠤ ᠡᠨᠡ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ | ᠬᠠᠮᠲᠤ ᠪᠠᠷ ᠴᠢᠷᠮᠠᠶᠢᠨ ᠡᠭᠦᠳᠴᠦ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ | ᠬᠡᠷᠡᠭᠲᠡᠢ ︾᠃ | ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠢ ᠪᠠᠶᠢᠭᠤᠯᠤᠭᠰᠠᠨ ᠪᠠ ᠳᠤᠮᠳᠠᠳᠤ ᠤᠯᠤᠰ ᠤᠨ | ᠲᠡᠦᠬᠡ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ ᠃ | ︽ᠡᠨᠡ ᠬᠤᠶᠠᠷ ᠣᠷᠳᠣᠨ ᠢ ᠪᠢ ᠬᠤᠶᠠᠷ ᠵᠢᠯ ᠤᠨ ᠲᠤᠷᠰᠢ ᠦᠵᠡᠶ᠎ᠡ ᠭᠡᠵᠦ ᠪᠤᠳᠣᠬᠰᠠᠭᠠᠷ ᠢᠷᠡᠭᠰᠡᠨ | ᠪᠤᠯᠪᠡᠴᠦ ᠵᠠᠪᠰᠢᠶᠠᠨ ᠣᠯᠳᠠᠭᠰᠠᠨ ᠦᠭᠡᠢ ᠃ ᠡᠨᠡ ᠤᠳᠠᠭ᠎ᠠ ᠵᠣᠷᠢᠭ ᠰᠢᠭᠤᠳᠴᠤ ᠂ ᠬᠤᠶᠠᠷ ᠬᠠᠭᠠᠰ ᠡᠳᠦᠷ ᠤᠨ | ᠴᠠᠭ ᠬᠡᠷᠡᠭᠰᠡᠨ ᠣᠴᠢᠵᠤ ᠦᠵᠡᠭᠰᠡᠨ ᠶᠤᠮ ︾ ᠭᠡᠵᠦ ᠶᠡᠷᠦᠩᠬᠡᠢ ᠱᠦᠵᠢ ᠰᠢ ᠶᠢᠨ ᠫᠢᠩ ᠬᠡᠯᠡᠪᠡ ᠃ | 1 ᠤ ᠦᠳᠡ ᠶᠢᠨ ᠬᠤᠶᠢᠨ᠎ᠠ ᠂ ᠶᠡᠷᠦᠩᠬᠡᠢ ᠱᠦᠵᠢ ᠰᠢ ᠶᠢᠨ ᠫᠢᠩ ᠲᠡᠷᠭᠡᠨ ᠳᠤ ᠰᠠᠭᠤᠵᠤ ᠪᠡᠭᠡᠵᠢᠩ ᠤᠨ | ᠭᠤᠣᠯ ᠬᠤᠳᠠ ᠲᠣᠭᠤᠷᠢᠭ ᠠᠴᠠ 40 ᠰᠢᠬᠠᠮ ᠺᠢᠯᠣᠮᠧᠲᠷ ᠵᠠᠶᠢᠲᠠᠢ ᠪᠠᠶᠢᠭ᠎ᠠ ᠶᠠᠨᠱᠠᠨ ᠠᠭᠤᠯᠠᠨ ᠤ ᠬᠤᠷᠮᠣᠢ ᠳᠤ | ᠬᠦᠷᠴᠦ ᠂ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠤ ᠲᠥᠪ ᠶᠡᠷᠦᠩᠬᠡᠢ ᠣᠷᠳᠣᠨ ᠳᠤ ᠰᠢᠨᠵᠢᠯᠡᠨ | ᠪᠠᠶᠢᠴᠠᠭᠠᠪᠠ ᠃ | ᠠᠳᠡ ᠤᠤᠯ ᠨᠢ ᠨᠢᠭᠡᠨ ᠴᠢᠯᠠᠭᠤ ᠭᠠᠷᠭᠠᠬᠤ ᠬᠠᠶᠠᠭᠳᠠᠮᠠᠯ ᠲᠠᠯᠠᠪᠤᠷ ᠪᠠᠶᠢᠭᠰᠠᠨ ᠶᠤᠮ ᠃ ᠠᠮᠢ ᠠᠬᠤᠢ ᠶᠢ | ᠰᠡᠷᠭᠦᠭᠡᠬᠦ ᠪᠠᠷ ᠳᠡᠮᠵᠢᠨ ᠂ ᠡᠷᠲᠡᠨ ᠤ ᠬᠢ ᠶᠢ ᠳᠠᠭᠤᠷᠢᠶᠠᠭᠰᠠᠨ ᠰᠦᠷᠯᠢᠭ ᠰᠠᠶᠢᠬᠠᠨ ᠪᠠᠷᠢᠯᠭ᠎ᠠ ᠨᠤᠭᠤᠳ ᠠᠭᠤᠯᠠ ᠶᠢ | ᠳᠥᠰᠢᠨ ᠪᠣᠰᠴᠤ ᠡᠬᠢᠯᠡᠪᠡ ᠃ | ︽ᠤᠯᠤᠰ ᠤᠨ ᠬᠡᠪᠯᠡᠯ ᠤᠨ ᠣᠷᠳᠣᠨ ᠪᠣᠯ ᠮᠢᠨᠤ ᠪᠡᠶ᠎ᠡ ᠪᠠᠷ ᠢᠶᠠᠨ ᠵᠥᠪᠰᠢᠶᠡᠷᠡᠵᠦ ᠮᠠᠰᠢ ᠠᠩᠬᠠᠷᠤᠭᠰᠠᠭᠠᠷ | ᠢᠷᠡᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠮᠥᠨ ︾᠃ ᠶᠡᠷᠦᠩᠬᠡᠢ ᠱᠦᠵᠢ ᠬᠠᠷᠠᠭ᠎ᠠ ᠰᠤᠩᠭᠠᠨ | ᠬᠤᠯᠠ ᠶᠢ ᠪᠠᠷᠠᠯᠠᠵᠥ ᠄ ︽ᠠᠭᠤᠯᠠ ᠤᠰᠤᠨ ᠤ ᠳᠤᠮᠳᠠ ᠪᠠᠶᠢᠷᠢᠯᠠᠭᠰᠠᠨ ᠡᠨᠡ ᠬᠦ ᠳᠤᠮᠳᠠᠳᠤ ᠤᠯᠤᠰ ᠤᠨ ᠡᠷᠲᠡᠨ ᠤ | ᠪᠠᠷᠢᠯᠭ᠎ᠠ ᠶᠢ ᠦᠵᠡᠬᠦ ᠳᠤ ᠮᠠᠰᠢ ᠲᠠᠭᠠᠯᠠᠮᠵᠢᠲᠠᠢ ︾ ᠭᠡᠵᠦ ᠢᠨᠢᠶᠡᠮᠰᠦᠭᠯᠡᠨ ᠬᠡᠯᠡᠪᠡ ᠃ | ᠸᠧᠨ ᠬᠤᠸᠠ ᠲᠠᠩ ᠲᠠᠩᠬᠢᠮ ᠳᠤ ᠠᠯᠬᠤᠨ ᠣᠷᠣᠵᠤ ᠂ ᠲᠣᠮᠣ ᠬᠠᠯᠬᠠᠪᠴᠢ ᠪᠠᠷ ᠲᠣᠭᠤᠷᠢᠵᠤ ᠭᠠᠷᠬᠤ ᠪᠠᠷ ᠂ | ᠡᠰᠡᠷᠭᠦ ᠲᠠᠯ᠎ᠠ ᠨᠢ ᠤᠯᠤᠰ ᠤᠨ ᠲᠡᠰ ᠤᠨ ᠬᠡᠪᠯᠡᠯ ᠤᠨ ᠦᠵᠡᠭᠦᠯᠭᠡ ᠶᠢᠨ ᠣᠷᠳᠣᠨ — ᠤᠯᠤᠰ ᠤᠨ ᠨᠣᠮ ᠤᠨ | ᠦᠷᠦᠭᠡ ᠪᠣᠯᠣᠨ᠎ᠠ ᠃ ᠡᠷᠭᠢᠨ ᠲᠣᠭᠤᠷᠢᠨ ᠤ 15 ᠪᠦᠯᠦᠭ ᠲᠣᠮᠣ ᠭᠡᠯᠪᠡᠷᠢ ᠶᠢᠨ ᠨᠣᠮ ᠤᠨ ᠬᠤᠷᠭᠤ ᠳᠤ ᠰᠢᠨ᠎ᠡ | ᠳᠤᠮᠳᠠᠳᠤ ᠤᠯᠤᠰ ᠤᠨ 3 ᠲᠦᠮᠡ ᠰᠢᠬᠠᠮ ᠰᠣᠳᠣᠨ ᠬᠡᠪᠯᠡᠭᠳᠡᠬᠦᠨ ᠢ ᠳᠡᠯᠭᠡᠨ ᠦᠵᠡᠭᠦᠯᠵᠦ ᠂ ᠳᠤᠮᠳᠠᠳᠤ | ᠤᠯᠤᠰ ᠤᠨ ᠬᠡᠪ ᠨᠠᠮᠪᠠ ᠲᠠᠢ ᠨᠣᠮ ᠬᠠᠳᠠᠭᠠᠯᠠᠬᠤ ᠣᠷᠣᠨ ᠵᠠᠢ ᠶᠢ ᠡᠭᠦᠳᠪᠡ ᠃ | ᠶᠡᠷᠦᠩᠬᠡᠢ ᠱᠦᠵᠢ ᠨᠣᠮ ᠤᠨ ᠬᠤᠷᠭᠤ ᠳᠤ ᠣᠶᠢᠷᠠᠳᠴᠤ ᠂ ᠨᠠᠷᠢᠨ ᠬᠢᠨᠠᠮᠠᠭᠠᠢ ᠲᠣᠭᠤᠷᠢᠨ ᠦᠵᠡᠵᠦ ᠂ ᠨᠢᠭᠡᠨ | ᠢᠵᠢ ︽ᠰᠦᠩ ᠤᠯᠤᠰ ᠤᠨ ᠵᠢᠷᠤᠭ ᠤᠨ ᠪᠦᠷᠢᠨ ᠲᠡᠭᠦᠪᠦᠷᠢ ︾ ᠳᠤ ᠠᠩᠬᠠᠷᠤᠯ ᠢᠶᠠᠨ ᠬᠠᠨᠳᠤᠭᠤᠯᠪᠠ ᠃ | ︽ᠡᠨᠡ ᠪᠣᠯ ᠮᠢᠨᠤ ᠵᠧᠵᠢᠶᠠᠩ ᠳᠤ ᠠᠵᠢᠯᠯᠠᠵᠤ ᠪᠠᠶᠢᠭᠰᠠᠨ ᠦᠶ᠎ᠡ ᠳᠤ ᠂ ᠵᠧᠵᠢᠶᠠᠩ ᠶᠡᠭᠡ ᠰᠤᠷᠭᠠᠭᠤᠯᠢ ᠶᠢᠨ | ᠵᠠᠩ ᠰᠢ ᠶᠢᠨ ᠬᠠᠷᠢᠭᠤᠴᠠᠵᠤ ᠪᠠᠶᠢᠭᠰᠠᠨ ᠲᠦᠷᠦᠯ ᠵᠦᠢᠯ ᠪᠣᠯᠣᠨ᠎ᠠ ᠃ ᠤᠷᠢᠳ ᠢᠶᠠᠷ ︿ ᠰᠦᠩ ᠤᠯᠤᠰ ᠤᠨ | ᠵᠢᠷᠤᠭ ᠤᠨ ᠪᠦᠷᠢᠨ ᠲᠡᠭᠦᠪᠦᠷᠢ ﹀ ᠶᠢ ᠨᠠᠶᠢᠷᠠᠭᠤᠯᠵᠤ ᠂ ᠰᠡᠭᠦᠯᠡᠷ ᠨᠢ ︿ ᠳᠤᠮᠳᠠᠳᠤ ᠤᠯᠤᠰ ᠤᠨ ᠥᠩᠭᠡᠷᠡᠭᠰᠡᠨ | ᠦᠶ᠎ᠡ ᠶᠢᠨ ᠵᠢᠷᠤᠭ ᠤᠨ ᠲᠣᠮᠣ ᠰᠢᠷᠢᠰ ﹀ ᠭᠦᠷᠲᠡᠯ᠎ᠡ ᠥᠷᠭᠡᠳᠬᠡᠪᠡ ᠃ ᠵᠧᠵᠢᠶᠠᠩ ᠤᠨ ᠲᠤᠬᠠᠢ ᠶᠢᠨ ᠭᠠᠵᠠᠷ ᠢᠶᠠᠷ | ᠦᠯᠦ ᠪᠠᠷᠠᠮ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠲᠠᠢ ᠴᠤ ᠥᠷᠭᠡᠨ ᠢᠶᠠᠷ ᠬᠠᠮᠲᠤᠷᠠᠯᠴᠠᠵᠠᠢ ︾ ᠭᠡᠵᠦ | ᠶᠡᠷᠦᠩᠬᠡᠢ ᠱᠦᠵᠢ ᠡᠷᠭᠢᠴᠡᠭᠦᠯᠦᠨ ᠬᠡᠯᠡᠪᠡ ᠃ | ᠲᠤᠬᠠᠢ ᠶᠢᠨ ᠵᠢᠯ ᠳᠤ ᠂ ᠶᠠᠭ ᠰᠢ ᠶᠢᠨ ᠫᠢᠩ ᠨᠥᠬᠦᠷ ᠤᠨ ᠪᠡᠶ᠎ᠡ ᠪᠠᠷ ᠢᠶᠠᠨ ᠠᠬᠢᠭᠤᠯᠵᠤ ᠂ ᠪᠦᠭᠦ ᠶᠠᠪᠤᠴᠠ | ᠳᠤ ᠳᠡᠮᠵᠢᠭᠰᠡᠨ ᠪᠠᠶᠢᠳᠠᠯ ᠳᠣᠣᠷ᠎ᠠ ᠂ 10 ᠭᠠᠷᠤᠢ ᠵᠢᠯ ᠦᠷᠭᠦᠯᠵᠢᠯᠡᠭᠰᠡᠨ ᠤᠯᠤᠰ ᠤᠨ ᠴᠢᠬᠤᠯᠠ ᠶᠡᠭᠡ ᠰᠣᠶᠣᠯ ᠤᠨ | ᠢᠨᠵᠧᠨᠧᠷᠢᠩ ᠪᠤᠯᠬᠤ ︽ᠳᠤᠮᠳᠠᠳᠤ ᠤᠯᠤᠰ ᠤᠨ ᠥᠩᠭᠡᠷᠡᠭᠰᠡᠨ ᠦᠶ᠎ᠡ ᠶᠢᠨ ᠤᠷᠠᠨ ᠵᠢᠷᠤᠭ ᠤᠨ ᠲᠣᠮᠣ ᠰᠢᠷᠢᠰ ︾ | ᠤᠷᠤᠭᠰᠢᠲᠠᠢ ᠬᠡᠪᠯᠡᠭᠳᠡᠵᠦ ᠂ ᠮᠢᠩᠭᠠᠨ ᠣᠨ ᠢ ᠲᠤᠭᠤᠯᠤᠬᠰᠠᠠ ᠭᠤᠶᠢᠳᠠ ᠰᠠᠶᠢᠬᠠᠨ ᠵᠢᠷᠤᠭ ᠂ ᠪᠦᠭᠦ | ᠪᠥᠮᠪᠥᠷᠴᠡᠭ ᠲᠤ ᠲᠠᠷᠬᠠᠭᠰᠠᠨ ᠤᠯᠤᠰ ᠤᠨ ᠡᠷᠳᠡᠨᠢ ᠶᠢ ᠨᠢᠭᠡ ᠲᠠᠩᠬᠢᠮ ᠳᠤ ᠴᠤᠭᠯᠠᠭᠤᠯᠵᠤ ᠂ ᠴᠢᠨ ᠠᠴᠠ ᠡᠮᠦᠨᠡᠬᠢ | ᠦᠶ᠎ᠡ ᠶᠢᠨ ᠨᠡᠷ᠎ᠡ ᠠᠯᠳᠠᠷᠰᠢᠯ ᠂ ᠶᠡᠭᠡ ᠬᠠᠨ ᠤ ᠰᠦᠷ ᠵᠢᠪᠬᠤᠭ᠎ᠠ ᠂ ᠮᠠᠨᠳᠤᠭᠰᠠᠨ ᠲᠠᠩ ᠤᠨ ᠳᠦᠷᠰᠦ ᠪᠠᠶᠢᠳᠠᠯ ᠂ | ᠬᠡᠭᠡᠨᠴᠢᠷ ᠢᠷᠠᠭᠤ ᠰᠦᠩ ᠤᠨ ᠬᠡᠪ ᠨᠠᠮᠪᠠᠭ᠎ᠠ ᠂ ᠶᠤᠸᠠᠨ ᠮᠢᠩ ᠴᠢᠩ ᠤᠨ ᠦᠶ᠎ᠡ ᠶᠢᠨ ᠴᠤᠭ ᠵᠢᠪᠬᠤᠭ᠎ᠠ ᠶᠢ | ᠠᠮᠢᠳᠤᠯᠢᠭ ᠢᠶᠠᠷ ᠢᠯᠡᠷᠡᠭᠦᠯᠪᠡ ᠃ | ᠤᠯᠤᠰ ᠤᠨ ᠰᠦᠭ ᠰᠦᠨᠡᠰᠦ ᠨᠢ ᠰᠣᠶᠣᠯ ᠢᠶᠠᠷ ᠰᠠᠭᠤᠷᠢ ᠪᠤᠯᠭᠠᠵᠤ ᠂ ᠰᠣᠶᠣᠯ ᠢᠶᠠᠷ ᠱᠤᠭᠤᠨ᠎ᠠ ᠃ | ᠶᠡᠷᠦᠩᠬᠡᠢ ᠱᠦᠵᠢ ᠤᠯᠤᠰ ᠤᠨ ᠨᠣᠮ ᠤᠨ ᠥᠷᠥᠭᠡ ᠶᠢᠨ ᠣᠷᠣᠢ ᠶᠢᠨ ᠬᠡᠰᠡᠭ ᠤᠨ ᠲᠥᠪ ᠲᠠᠬᠢ ᠤᠭᠠᠯᠵᠠᠨ | ᠲᠣᠭᠤᠨᠣ ᠶᠢᠨ ᠳᠣᠲᠣᠷᠠᠬᠢ ᠣᠳᠣᠨ ᠣᠭᠲᠠᠷᠭᠤᠢ ᠲᠠᠢ ᠪᠥᠮᠪᠥᠭᠡᠷ ᠣᠷᠣᠢ ᠶᠢ ᠬᠠᠷᠠᠪᠠ ᠃ ᠪᠥᠮᠪᠥᠭᠡᠷ ᠣᠷᠣᠢ ᠶᠢᠨ | ᠳᠡᠭᠡᠷᠡᠬᠢ ᠨᠢ ᠰᠦᠩ ᠤᠨ ᠦᠶ᠎ᠡ ᠶᠢᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠪᠠᠶᠢᠵᠤ ᠂ ᠵᠢᠷᠤᠭ | ᠳᠡᠭᠡᠷ᠎ᠡ ᠡᠷᠲᠡᠨ ᠤ ᠬᠥᠮᠥᠨ ᠤ ᠰᠢᠨᠵᠢᠵᠦ ᠪᠠᠶᠢᠭᠰᠠᠨ ᠠᠰᠢᠳᠠ ᠶᠢᠨ ᠣᠳᠣᠨ ᠤ ᠪᠠᠶᠢᠷᠢ ᠶᠢ ᠲᠡᠮᠳᠡᠭᠯᠡᠵᠦ ᠂ ᠣᠳᠣᠳ | ᠨᠢ ᠭᠡᠷᠡᠯ ᠭᠢᠯᠪᠠᠭ᠎ᠠ ᠰᠠᠴᠤᠷᠠᠨ ᠂ ᠣᠭᠲᠠᠷᠭᠤᠢ ᠨᠡᠯᠦᠭᠡᠷ ᠠᠭᠤᠳᠠᠮ ᠪᠠᠶᠢᠯ᠎ᠠ ᠃ | ︽ᠡᠨᠡ ᠬᠦ ᠵᠢᠷᠤᠭ ᠢ ᠰᠣᠩᠭᠤᠭᠰᠠᠨ ᠨᠢ ᠂ ᠳᠤᠮᠳᠠᠳᠤ ᠤᠯᠤᠰ ᠤᠨ ᠤᠯᠤᠰ ᠤᠨ ᠬᠡᠪᠯᠡᠯ ᠤᠨ ᠣᠷᠳᠣᠨ ᠤ | ᠲᠥᠪ ᠶᠡᠷᠦᠩᠬᠡᠢ ᠣᠷᠳᠣᠨ ᠤ ︿ ᠸᠧᠨ ᠬᠠᠨ ᠭᠧ ᠲᠠᠭᠲᠤ ﹀ ᠳᠤ ᠠᠭᠤᠯᠤᠭᠳᠠᠬᠤ ᠤᠳᠬ᠎ᠠ ᠰᠠᠨᠠᠭ᠎ᠠ ᠨᠢ ᠄ | ᠳᠤᠮᠳᠠᠳᠤ ᠶᠢᠨ ᠪᠣᠯᠪᠠᠰᠤᠨ ᠪᠣᠯ ᠣᠳᠣᠨ ᠣᠭᠲᠠᠷᠭᠤᠢ ᠮᠡᠲᠦ ᠨᠡᠯᠦᠭᠡᠷ ᠶᠡᠭᠡ ᠭᠡᠷᠡᠯ ᠰᠠᠴᠤᠷᠠᠩᠭᠤᠢ ᠭᠡᠳᠡᠭ ᠢ | ᠳᠠᠮᠵᠢᠭᠤᠯᠵᠤ ᠪᠤᠢ ︾ ᠭᠡᠵᠦ ᠲᠠᠶᠢᠯᠪᠤᠷᠢᠯᠠᠭᠴᠢ ᠶᠢᠨ ᠲᠣᠳᠣᠷᠬᠠᠶᠢᠯᠠᠯᠲᠠ ᠶᠢ ᠰᠣᠨᠣᠰᠤᠭᠠᠳ ᠶᠡᠷᠦᠩᠬᠡᠢ ᠱᠦᠵᠢ | ᠪᠠᠶᠢᠨ ᠳᠠᠭᠢᠨ ᠲᠣᠯᠣᠭᠠᠢ ᠳᠣᠬᠢᠪᠠ ᠃ | ᠬᠡᠪᠯᠡᠯ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠴᠢᠶᠠᠯᠠᠭᠴᠢ | ᠪᠠ ᠵᠠᠭᠤᠴᠢ ᠮᠥᠨ ᠂ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠤᠯᠠᠮᠵᠢᠯᠠᠯ ᠲᠠᠢ ᠂ ᠴᠡᠴᠡᠭᠯᠡᠨ ᠬᠥᠭᠵᠢᠭᠰᠡᠨ ᠤ | ᠪᠡᠯᠭᠡ ᠲᠡᠮᠳᠡᠭ ᠪᠠ ᠭᠡᠷᠡᠴᠢ ᠮᠥᠨ ᠃ ᠸᠧᠨ ᠬᠤᠸᠠ ᠲᠠᠩ ᠲᠠᠩᠬᠢᠮ ᠤᠨ ᠬᠤᠶᠠᠳᠤᠭᠠᠷ ᠳᠠᠪᠬᠤᠷᠯᠢᠭ ᠲᠤ ᠂ | ᠶᠡᠷᠦᠩᠬᠡᠢ ᠱᠦᠵᠢ ᠰᠢ ᠶᠢᠨ ᠫᠢᠩ ︽ᠶᠣᠰᠣᠷᠬᠠᠭ ᠡᠨᠡ ᠪᠤᠯᠠᠢ — ᠳᠤᠮᠳᠠᠳᠤ ᠶᠢᠨ ᠡᠷᠲᠡᠨ ᠤ ᠪᠣᠯᠪᠠᠰᠤᠨ ᠤ | ᠬᠡᠪᠯᠡᠯ ᠤᠨ ᠦᠵᠡᠭᠦᠯᠭᠡ ︾ ᠶᠢ ᠲᠣᠭᠤᠷᠢᠨ ᠦᠵᠡᠪᠡ ᠃ | ᠱᠠᠩ ᠤᠯᠤᠰ ᠤᠨ ᠸᠠᠩ ᠦ᠋ ᠳ᠋ᠢᠩ ᠤᠨ ᠦᠶ᠎ᠡ ᠶᠢᠨ ︽ᠳᠥᠷᠪᠡᠨ ᠵᠦᠭ ᠤᠨ ᠰᠠᠯᠬᠢ ︾ ᠶᠢᠨ ᠶᠠᠰᠤᠨ | ᠰᠡᠶᠢᠯᠦᠮᠡᠯ ᠂ ᠰᠦᠩ ᠤᠯᠤᠰ ᠤᠨ ᠰᠡᠶᠢᠯᠦᠮᠡᠯ ︽ᠳᠠᠩ ᠬᠤ᠋ ᠨᠠᠭᠤᠷ ᠤᠨ ᠰᠢᠯᠦᠭ ᠤᠨ ᠡᠬᠡ ᠨᠣᠣᠷᠠᠭ ︾ ᠂ ᠰᠦᠩ | ᠤᠯᠤᠰ ᠤᠨ ᠳᠠᠷᠤᠮᠠᠯ ᠬᠠᠭᠤᠯᠪᠤᠷᠢ ︽ᠪᠠᠷᠠᠭᠤᠨ ᠠᠰᠠᠷ ᠤᠨ ᠮᠣᠳᠣᠨ ᠪᠢᠴᠢᠭᠡᠰᠦ ︾ ᠂ ᠲᠠᠩ ᠤᠯᠤᠰ ᠤᠨ ᠦᠶ᠎ᠡ ᠳᠤ | ᠪᠢᠴᠢᠭᠰᠡᠨ ︽ᠪᠣᠭᠳᠠ ᠶᠢᠨ ᠴᠠᠭᠠᠨ ᠯᠢᠩᠬᠤ᠎ᠠ ᠬᠡᠮᠡᠬᠦ ᠰᠤᠳᠤᠷ ︾ ᠁ ᠨᠢᠭᠡ ᠨᠢᠭᠡ ᠪᠠᠷ ᠬᠠᠷᠠᠭᠠᠨ᠎ᠠ ᠲᠣᠳᠣᠷᠠᠬᠤ | ᠦᠨᠡᠲᠦ ᠶᠠᠰᠤᠨ ᠰᠡᠶᠢᠯᠦᠮᠡᠯ ᠂ ᠪᠢᠴᠢᠭ ᠲᠠᠢ ᠴᠤᠭᠤᠳᠠᠰᠤ ᠂ ᠬᠠᠭᠤᠴᠢᠨ ᠤ ᠨᠣᠮ ᠰᠤᠳᠤᠷ ᠂ ᠰᠡᠶᠢᠯᠦᠮᠡᠯ ᠪᠠᠷ | ᠳᠠᠷᠤᠮᠠᠯ ᠬᠠᠭᠤᠯᠪᠤᠷᠢ ᠵᠡᠷᠭᠡ ᠨᠢ ᠴᠥᠮ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠂ ᠳᠤᠮᠳᠠᠳᠤ | ᠤᠯᠤᠰ ᠤᠨ ᠤᠯᠠᠮᠵᠢᠯᠠᠯᠲᠤ ᠰᠣᠶᠣᠯ ᠤᠨ ᠥᠷᠭᠡᠨ ᠳᠡᠯᠭᠡᠷ ᠤᠳᠬ᠎ᠠ ᠠᠭᠤᠯᠭ᠎ᠠ ᠶᠢ ᠬᠠᠷᠠᠭᠤᠯᠵᠤ ᠪᠠᠶᠢᠨ᠎ᠠ ᠃ | ᠶᠡᠷᠦᠩᠬᠡᠢ ᠱᠦᠵᠢ ᠰᠢ ᠶᠢᠨ ᠫᠢᠩ ᠪᠠᠶᠢᠨ ᠳᠠᠭᠢᠨ ᠵᠣᠭᠰᠣᠵᠤ ᠪᠠᠶᠢᠴᠠᠭᠠᠨ ᠦᠵᠡᠵᠦ ᠂ ᠬᠠᠮᠢᠶ᠎ᠠ ᠪᠦᠬᠦᠢ | ᠪᠠᠶᠢᠳᠠᠯ ᠢ ᠯᠠᠪᠯᠠᠨ ᠠᠰᠠᠭᠤᠪᠠ ᠃ | ︽ᠡᠨᠡ ᠪᠣᠯ ᠴᠢᠬᠤᠯᠠ ᠤᠯᠤᠰ ᠲᠦᠷᠦ ᠶᠢᠨ ᠦᠢᠯᠡᠳᠦᠯ ᠦᠵᠡᠭᠦᠯᠵᠦ ᠪᠠᠶᠢᠭ᠎ᠠ ᠬᠠᠭᠤᠴᠢᠨ ᠤ ᠨᠣᠮ | ᠰᠤᠳᠤᠷ ᠤᠨ ᠬᠡᠪᠯᠡᠯ — ᠮᠢᠩ ᠤᠯᠤᠰ ᠤᠨ ᠦᠶ᠎ᠡ ᠶᠢᠨ ᠬᠥᠬᠡ ᠬᠡ ᠶᠢᠨ ᠬᠠᠭᠤᠯᠪᠤᠷᠢ ᠳᠡᠪᠲᠡᠷ ︿ᠷᠢᠦᠺᠢᠦ᠋ ᠳᠤ | ᠡᠯᠴᠢᠯᠡᠭᠰᠡᠨ ᠪᠢᠴᠢᠭ﹀ ᠂ ᠲᠡᠷᠡ ᠪᠣᠯ ᠳ᠋ᠢᠶᠣᠣ ᠢᠦᠢ ᠳ᠋ᠣᠣ ᠠᠷᠠᠯ ᠵᠢᠴᠢ ᠲᠡᠭᠦᠨ ᠤ ᠬᠠᠷᠢᠶ᠎ᠠ ᠠᠷᠠᠯ ᠣᠯᠲᠣᠷᠢᠭ ᠤᠨ | ᠳᠤᠮᠳᠠᠳᠤ ᠤᠯᠤᠰ ᠤᠨ ᠨᠤᠲᠤᠭ ᠳᠡᠪᠢᠰᠬᠡᠷ ᠲᠤ ᠬᠠᠷᠢᠶᠠᠯᠠᠭᠳᠠᠬᠤ ᠶᠢ ᠲᠡᠮᠳᠡᠭᠯᠡᠭᠰᠡᠨ ᠠᠩᠬᠠᠨ ᠤ ᠦᠶ᠎ᠡ ᠶᠢᠨ | ᠬᠡᠪᠯᠡᠯ ᠤᠨ ᠵᠣᠬᠢᠶᠠᠯ ᠪᠣᠯᠣᠨ᠎ᠠ ᠃ ᠨᠣᠮ ᠳᠣᠲᠣᠷ᠎ᠠ ᠡᠶᠢᠮᠦ ᠲᠡᠮᠳᠡᠭᠯᠡᠯ ᠲᠠᠢ ᠄ ᠠᠷᠪᠠᠨ ᠤ ᠡᠳᠦᠷ ᠁ ᠫᠢᠩ ᠵᠢᠶᠠ | ᠱᠠᠨ ᠠᠭᠤᠯᠠ ᠶᠢ ᠳᠠᠪᠠᠵᠤ ᠂ ᠵᠢᠭᠠᠰᠤ ᠭᠥᠬᠢᠳᠡᠬᠦ ᠠᠷᠠᠯ ᠢ ᠥᠩᠭᠡᠷᠡᠵᠦ ᠂ ᠲᠡᠭᠢᠨ ᠰᠢᠷ᠎ᠠ ᠠᠷᠠᠯ ᠢ ᠥᠩᠭᠡᠷᠡᠵᠦ ᠂ | ᠪᠠᠰᠠ ᡂᠢ ᠢᠦᠢ ᠠᠷᠠᠯ ᠢ ᠥᠩᠭᠡᠷᠡᠪᠡ ᠁ ᠠᠷᠪᠠᠨ ᠨᠢᠭᠡᠨ ᠤ ᠪᠦᠷᠦᠢ ᠪᠠᠷ ᠭᠦ᠋ ᠮᠢ ᠱᠠᠨ ᠠᠭᠤᠯᠠ ᠶᠢ | ᠦᠵᠡᠪᠡ ᠂ ᠡᠨᠡ ᠪᠣᠯ ᠷᠢᠦᠺᠢᠦ᠋ ᠳᠤ ᠬᠠᠷᠢᠶᠠᠯᠠᠭᠳᠠᠨ᠎ᠠ ᠁ ︾ ᠂ ᠮᠢᠩ ᠤᠨ ᠬᠠᠭᠤᠯᠪᠤᠷᠢ ᠪᠢᠴᠢᠭ ︽ᠷᠢᠦᠺᠢᠦ᠋ ᠳᠤ | ᠡᠯᠴᠢᠯᠡᠭᠰᠡᠨ ᠪᠢᠴᠢᠭ ︾ ᠤᠨ ᠦᠵᠡᠭᠦᠯᠭᠡ ᠶᠢᠨ ᠪᠣᠳᠠᠰ ᠤᠨ ᠡᠮᠦᠨ᠎ᠡ ᠂ ᠠᠵᠢᠯᠲᠠᠨ ᠨᠠᠷᠢᠨ ᠲᠠᠨᠢᠯᠴᠠᠭᠤᠯᠭ᠎ᠠ ᠬᠢᠨ᠎ᠡ ᠃ | ︽ᠪᠢ ᠹᠦᠵᠧᠦ ᠳᠤ ᠠᠵᠢᠯᠯᠠᠵᠤ ᠪᠠᠶᠢᠬᠤ ᠳᠠᠭᠠᠨ ᠹᠦᠵᠧᠦ ᠳᠤ ᠷᠢᠦᠺᠢᠦ᠋ ᠣᠷᠳᠣᠨ ᠂ ᠷᠢᠦᠺᠢᠦ᠋ ᠪᠤᠩᠬᠤᠨ | ᠭᠡᠵᠦ ᠪᠠᠶᠢᠳᠠᠭ ᠢ ᠮᠡᠳᠡᠨ᠎ᠠ ᠂ ᠷᠢᠦᠺᠢᠦ᠋ ᠯᠤᠭ᠎ᠠ ᠶᠢᠨ ᠬᠠᠷᠢᠯᠴᠠᠭ᠎ᠠ ᠶᠠᠪᠤᠯᠴᠠᠭ᠎ᠠ ᠭᠦᠨ ᠂ ᠲᠤᠬᠠᠢ ᠶᠢᠨ ᠦᠶ᠎ᠡ ᠳᠤ | ᠪᠠᠰᠠ ᠹᠦᠵᠢᠶᠠᠨᠴᠤᠳ ᠤᠨ ᠭᠤᠴᠢᠨ ᠵᠢᠷᠭᠤᠭᠠᠨ ᠣᠪᠣᠭᠲᠠᠨ ᠷᠢᠦᠺᠢᠦ᠋ ᠳᠤ ᠶᠠᠪᠤᠵᠤ ᠪᠠᠶᠢᠵᠠᠢ ︾᠃ ᠶᠡᠷᠦᠩᠬᠡᠢ | ᠱᠦᠵᠢ ᠂ ᠰᠤᠳᠤᠷ ᠪᠢᠴᠢᠭ ᠂ ᠬᠡᠪᠯᠡᠯ ᠢ ᠴᠤᠭᠯᠠᠭᠤᠯᠤᠨ ᠡᠮᠬᠢᠳᠬᠡᠬᠦ ᠠᠵᠢᠯ ᠢ ᠴᠢᠩᠭᠠᠳᠬᠠᠵᠤ ᠂ ᠳᠤᠮᠳᠠᠳᠤ ᠶᠢᠨ | ᠪᠣᠯᠪᠠᠰᠤᠨ ᠢ ᠰᠠᠶᠢᠲᠤᠷ ᠤᠯᠠᠮᠵᠢᠯᠠᠵᠤ ᠂ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠸᠧᠨ ᠬᠤᠸᠠ ᠲᠠᠩ ᠲᠠᠩᠬᠢᠮ ᠳᠤ ᠂ ᠪᠠᠰᠠ ᠨᠢᠭᠡ ᠲᠤᠰᠬᠠᠢ ᠰᠡᠳᠦᠪᠲᠦ ᠦᠵᠡᠰᠭᠦᠯᠡᠩ — ︽ᠬᠤᠪᠣᠷ | ᠨᠠᠨᠳᠢᠨ ᠬᠡᠪᠯᠡᠯ ᠤᠳ ︾ ᠲᠤ ᠂ ᠳᠤᠮᠳᠠᠳᠤ ᠤᠯᠤᠰ ᠤᠨ ᠤᠳᠤ ᠦᠶ᠎ᠡ ᠶᠢᠨ ᠬᠡᠪᠯᠡᠯ ᠤᠨ ᠰᠣᠳᠣᠨ ᠪᠦᠲᠦᠭᠡᠯ ᠪᠠ | ᠥᠪᠡᠷᠮᠢᠴᠡ ᠣᠨᠴᠠᠯᠢᠭ ᠲᠠᠢ ᠬᠡᠪᠯᠡᠯ ᠢ ᠳᠡᠯᠭᠡᠨ ᠦᠵᠡᠭᠦᠯᠵᠦ ᠪᠠᠶᠢᠨ᠎ᠠ ᠃ | ᠦᠵᠡᠰᠭᠦᠯᠡᠩ ᠤᠨ ᠲᠠᠪᠴᠠᠩ ᠤᠨ ᠳᠣᠲᠣᠷᠠᠬᠢ ᠠᠳᠠᠯᠢ ᠪᠤᠰᠤ ᠬᠡᠪᠯᠡᠯ ᠤᠨ ︽ᠰᠢᠨᠬᠤᠸᠠ ᠲᠣᠯᠢ ᠪᠢᠴᠢᠭ ︾ | ᠢ ᠵᠢᠭᠠᠵᠤ ᠂ ᠶᠡᠷᠦᠩᠬᠡᠢ ᠱᠦᠵᠢ ᠰᠢ ᠶᠢᠨ ᠫᠢᠩ ᠤᠯᠠᠨ ᠳᠤ ᠄ ︽ᠡᠨᠡ ᠬᠡᠳᠦᠨ ᠵᠦᠢᠯ ᠤᠨ ᠬᠡᠪᠯᠡᠯ ᠢ ᠪᠢ ᠴᠥᠮ | ᠬᠡᠷᠡᠭᠯᠡᠵᠦ ᠥᠩᠭᠡᠷᠡᠵᠡᠢ ︾ ᠭᠡᠵᠦ ᠬᠡᠯᠡᠪᠡ ᠃ | ᠨᠢᠭᠡᠨᠲᠡ ᠰᠢᠷᠠᠯᠠᠵᠤ ᠬᠠᠭᠤᠴᠢᠷᠠᠭᠰᠠᠨ ᠳᠡᠭᠡᠷ᠎ᠡ ᠵᠠᠭᠤᠨ ᠤ ᠲᠠᠪᠢ ᠵᠢᠷᠠᠭᠠᠳ ᠣᠨ ᠤ ᠬᠡᠪᠯᠡᠯ ᠤᠨ ︽ | ᠰᠢᠨᠬᠤᠸᠠ ᠲᠣᠯᠢ ᠪᠢᠴᠢᠭ ︾ ᠢ ᠬᠠᠷᠠᠭᠠᠳ ᠶᠡᠷᠦᠩᠬᠡᠢ ᠱᠦᠵᠢ ᠥᠩᠭᠡᠷᠡᠭᠰᠡᠨ ᠢᠶᠠᠨ ᠰᠠᠨᠠᠭᠠᠯᠵᠠᠯ᠎ᠠ ᠄ ︽ᠲᠡᠷᠡ | ᠦᠶ᠎ᠡ ᠳᠤ ᠪᠢ ᠱᠠᠨᠪᠧᠢ ᠳᠤ ᠣᠴᠢᠵᠤ ᠪᠠᠷᠢᠭᠠᠳᠠ ᠳᠤ ᠪᠠᠭᠤᠵᠤ ᠂ ᠲᠠᠷᠢᠶᠠᠨ ᠠᠵᠢᠯ ᠬᠢᠬᠦ ᠦᠶ᠎ᠡ ᠳᠡᠭᠡᠨ | ︿ ᠰᠢᠨᠬᠤᠸᠠ ᠲᠣᠯᠢ ᠪᠢᠴᠢᠭ ﹀ ᠢ ᠬᠠᠷᠮᠠᠯᠠᠵᠤ ᠂ ᠠᠮᠠᠷᠠᠬᠤ ᠦᠶ᠎ᠡ ᠳᠡᠭᠡᠨ ᠬᠡᠳᠦᠨ ᠨᠢᠭᠤᠷ ᠤᠷᠪᠠᠭᠤᠯᠵᠤ ᠂ ᠨᠢᠭᠡ | ᠨᠢᠭᠡ ᠦᠰᠦᠭ ᠢᠶᠠᠷ ᠦᠵᠡᠳᠡᠭ ᠪᠠᠶᠢᠯ᠎ᠠ ᠃ ᠨᠢᠭᠡ ᠦᠰᠦᠭ ᠲᠤ ᠬᠡᠳᠦᠨ ᠵᠦᠢᠯ ᠤᠨ ᠠᠪᠢᠶ᠎ᠠ ᠲᠠᠢ ᠂ ᠬᠡᠳᠦᠨ | ᠵᠦᠢᠯ ᠤᠨ ᠤᠳᠬ᠎ᠠ ᠲᠠᠢ ᠂ ᠦᠭᠡ ᠦᠰᠦᠭ ᠢ ᠶᠠᠭᠠᠬᠢᠵᠤ ᠬᠡᠷᠡᠭᠯᠡᠪᠡᠯ ᠰᠠᠶ᠋ᠢ ᠣᠨᠣᠪᠴᠢᠲᠠᠢ ᠪᠠᠶᠢᠬᠤ ᠶᠢ ᠦᠵᠡᠳᠡᠭ ᠃ | ᠪᠢᠳᠡ ᠵᠣᠬᠢᠶᠠᠯ ᠪᠢᠴᠢᠬᠦ ᠳᠡᠭᠡᠨ ᠨᠢᠭᠡ ᠯᠡ ᠳᠣᠣᠷ᠎ᠠ ᠲᠠᠪᠤ ᠵᠢᠷᠭᠤᠭᠠᠨ ᠤᠭᠰᠠᠷᠠᠭᠤᠯᠤᠯ ᠥᠭᠦᠯᠡᠪᠦᠷᠢ ᠂ ᠲᠠᠪᠤ | ᠵᠢᠷᠭᠤᠭᠠᠨ ᠬᠡᠪᠰᠢᠮᠡᠯ ᠦᠭᠡ ᠶᠢ ᠬᠡᠷᠡᠭᠯᠡᠪᠡᠯ ᠪᠣᠯᠴᠢᠬᠠᠨ᠎ᠠ ᠦᠦ ︖ ᠬᠡᠯᠡᠵᠦ ᠮᠡᠳᠡᠬᠦ ᠦᠭᠡᠢ ᠂ ᠵᠠᠩᠭᠢᠯᠠᠭ᠎ᠠ ᠨᠢ | ᠳᠣᠲᠣᠷ᠎ᠠ ᠠᠴᠠ ᠨᠢ ᠬᠠᠮᠤᠭ ᠤᠨ ᠣᠨᠣᠪᠴᠢᠲᠠᠶ ᠂ ᠬᠠᠮᠤᠭ ᠤᠨ ᠰᠠᠶᠢᠨ ᠦᠭᠡ ᠶᠢ ᠰᠣᠩᠭᠤᠨ᠎ᠠ ᠂ ᠬᠠᠷᠢᠨ ᠡᠷᠳᠡᠮ | ᠢᠶᠠᠨ ᠭᠠᠶᠢᠬᠠᠭᠤᠯᠵᠤ ᠮᠡᠳᠡᠮᠡᠬᠡᠶᠢᠷᠡᠬᠦ ᠶᠠᠪᠤᠳᠠᠯ ᠪᠢᠰᠢ ᠶᠤᠮ ︾ ᠭᠡᠪᠡ ᠃ | ᠴᠠᠭᠠᠨ ᠰᠠᠷ᠎ᠠ ᠶᠢᠨ ᠵᠢᠷᠤᠭ ᠂ ᠬᠡᠯᠬᠢᠶ᠎ᠡ ᠵᠢᠷᠤᠭ ᠪᠠ ᠤᠬᠠᠭᠤᠯᠭ᠎ᠠ ᠶᠢᠨ ᠵᠢᠷᠤᠭ ᠪᠣᠯ ᠤᠯᠤᠰ ᠤᠨ ᠬᠡᠪᠯᠡᠯ ᠤᠨ | ᠣᠷᠳᠣᠨ ᠤ ᠣᠨᠴᠠᠯᠢᠭᠲᠤ ᠰᠠᠩ ᠤᠨ ᠬᠠᠳᠠᠭᠠᠯᠠᠮᠵᠢ ᠪᠣᠯᠣᠨ᠎ᠠ ᠃ | ︽ᠡᠳᠡᠭᠡᠷ ᠦᠷᠭᠦᠯᠵᠢᠯᠡᠭᠰᠡᠨ ᠵᠢᠷᠤᠭ ᠲᠠᠢ ᠨᠣᠮ ᠨᠢ ᠴᠥᠮ ᠢᠵᠢ ᠪᠦᠷᠢᠨ ᠂ ᠪᠢ ᠪᠠᠭ᠎ᠠ ᠳᠠᠭᠠᠨ ᠡᠳᠡᠭᠡᠷ ᠢ | ᠤᠯᠠᠨ ᠤᠳᠠᠭ᠎ᠠ ᠤᠷᠪᠠᠭᠤᠯᠵᠤ ᠦᠵᠡᠵᠡᠢ ᠂ | ︿ ᠶᠤᠸᠠᠢ ᠹᠧᠢ ᠶᠢᠨ ᠡᠵᠢ ᠦᠰᠦᠭ ᠰᠢᠪᠡᠭᠰᠡᠨ ᠨᠢ ﹀ ᠂ ︿ ᠨᠢᠦ ᠲᠧᠦ ᠱᠠᠨ ᠠᠭᠤᠯᠠ ﹀ ᠂ ︿ ᠰᠢᠶᠣᠣ ᠯᠢᠶᠠᠩ ᠸᠠᠩ ᠢ | ᠵᠢᠳᠠᠯᠠᠭᠰᠠᠨ ᠨᠢ﹀ ᠂ ︿ ᠬᠤᠣᠰ ᠫᠤᠤᠴᠢ ᠯᠦ ᠸᠧᠨ ᠯᠦᠩ ﹀ ᠂ ︿ ᠰᠢᠶᠣᠣ ᠱᠠᠩ ᠾᠧ ᠭᠤᠣᠯ ﹀ ᠁ ︾ | ᠶᠡᠷᠦᠩᠬᠡᠢ ᠱᠦᠵᠢ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠵᠤ ᠂ ︽ᠡᠳᠡᠭᠡᠷ ᠦᠷᠭᠦᠯᠵᠢᠯᠡᠭᠰᠡᠨ ᠵᠢᠷᠤᠭ ᠲᠠᠢ ᠨᠣᠮ | ᠨᠢ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠲᠠᠢ ᠂ ᠦᠷᠭᠦᠯᠵᠢᠯᠡᠭᠰᠡᠨ ᠵᠢᠷᠤᠭ ᠲᠠᠢ ᠨᠣᠮ ᠢ ᠵᠢᠷᠤᠭᠰᠠᠨ | ᠬᠥᠮᠥᠨ ᠤ ᠡᠷᠳᠡᠮ ᠨᠢ ᠴᠦ ᠭᠦᠨ ᠂ ᠴᠥᠮ ᠶᠡᠭᠡ ᠪᠠᠭᠰᠢᠲᠠᠨ ᠶᠤᠮ ︾ ᠭᠡᠪᠡ ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠂ ︽ᠤᠯᠠᠭᠠᠨ ᠬᠠᠳᠠ ︾ ᠂ ︽ᠤᠯᠠᠭᠠᠨ ᠨᠠᠷᠠ ︾ | ᠂ ︽ᠤᠯᠠᠭᠠᠨ ᠲᠤᠭ ᠤᠨ ᠴᠠᠳᠢᠭ ︾ ᠂ | ︽ᠦᠢᠯᠡᠰ ᠪᠣᠰᠬᠠᠭᠰᠠᠨ ᠲᠡᠦᠬᠡ ︾ ᠂ ︽ᠵᠠᠯᠠᠭᠤ ᠨᠠᠰᠤᠨ ᠤ ᠳᠠᠭᠤᠯᠠᠯ ︾ ᠂ ︽ᠠᠭᠤᠯᠠᠨ ᠨᠤᠲᠤᠭ ᠤᠨ ᠯᠤᠲᠤ ᠶᠡᠭᠡ | ᠬᠤᠪᠢᠷᠠᠯᠲᠠ ︾ ᠂ ︽ᠶᠠᠨ ᠠᠨ ᠢ ᠬᠠᠮᠠᠭᠠᠯᠠᠭᠰᠠᠨ ᠨᠢ ︾ ᠂ ︽ᠴᠠᠰᠤᠲᠤ ᠲᠠᠯ᠎ᠠ ︾ ᠵᠡᠷᠭᠡ ᠰᠣᠩᠭᠤᠳᠠᠭ | ᠬᠤᠪᠢᠰᠬᠠᠯᠲᠤ ᠪᠦᠲᠦᠭᠡᠯ ᠨᠦᠭᠦᠳ ᠨᠡᠶᠢᠭᠡᠮ ᠳᠡᠭᠡᠷ᠎ᠡ ᠥᠷᠭᠡᠨ ᠳᠡᠯᠭᠡᠷ ᠨᠥᠯᠥᠭᠡ | ᠦᠵᠡᠭᠦᠯᠵᠡᠢ ᠃ | ᠶᠡᠷᠦᠩᠬᠡᠢ ᠱᠦᠵᠢ ᠡᠳᠡᠭᠡᠷ ᠪᠦᠲᠦᠭᠡᠯ ᠤᠨ ᠭᠠᠷ ᠪᠢᠴᠢᠮᠡᠯ ᠡᠬᠡ ᠵᠢᠴᠢ ᠨᠣᠮ ᠪᠢᠴᠢᠭ ᠤᠨ ᠬᠡᠪᠯᠡᠯ ᠢ ᠨᠠᠷᠢᠨ | ᠦᠵᠡᠵᠦ ᠄ ︽ᠡᠳᠡᠭᠡᠷ ᠨᠣᠮ ᠢ ᠲᠤᠬᠠᠢ ᠶᠢᠨ ᠵᠢᠯ ᠳᠤ ᠪᠦᠷ ᠦᠵᠡᠵᠦ ᠥᠩᠭᠡᠷᠡᠵᠡᠢ ᠂ ᠬᠡᠴᠢᠨᠡᠨ ᠬᠥᠮᠥᠨ ᠢ | ᠵᠣᠷᠢᠭᠵᠢᠭᠤᠯᠤᠭᠰᠠᠨ ᠢ ᠪᠤᠤ ᠮᠡᠳᠡ ᠃ ᠡᠳᠡᠭᠡᠷ ᠰᠢᠯᠢᠳᠡᠭ ᠬᠠᠭᠤᠴᠢᠨ ᠵᠣᠬᠢᠶᠠᠯ ᠪᠦᠲᠦᠭᠡᠯ ᠂ ᠬᠠᠭᠤᠴᠢᠨ ᠹᠢᠯᠢᠮ | ᠤᠳ ᠢ ᠤᠳᠦ ᠠᠪᠴᠤ ᠭᠠᠷᠭᠠᠨ ᠦᠵᠡᠵᠦ ᠂ ᠨᠡᠪᠲᠡᠷᠡᠭᠦᠯᠪᠡᠯ ᠵᠣᠬᠢᠨ᠎ᠠ ︾ ᠭᠡᠵᠦ ᠰᠡᠳᠬᠢᠯ ᠬᠥᠳᠡᠯᠦᠨ ᠬᠡᠯᠡᠪᠡ ᠃ | ᠳᠠᠷᠠᠭ᠎ᠠ ᠨᠢ ᠂ ᠶᠡᠷᠦᠩᠬᠡᠢ ᠱᠦᠵᠢ ᠰᠢ ᠶᠢᠨ ᠫᠢᠩ ᠡᠷᠲᠡᠨ ᠤ ᠨᠣᠮ ᠪᠢᠴᠢᠭ ᠢ ᠬᠠᠳᠠᠭᠠᠯᠠᠵᠤ ᠪᠠᠶᠢᠭ᠎ᠠ ᠯᠠᠨ | ᠲᠠᠢ ᠶᠢᠨ ᠠᠭᠤᠢ ᠶᠢᠨ ᠬᠦ᠋ᠦ ᠳᠤ ᠣᠷᠣᠵᠤ ᠂ ᠬᠡᠪᠯᠡᠯ ᠤᠨ ᠬᠠᠳᠠᠭᠠᠯᠠᠭᠳᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ | ᠲᠤᠨᠢ ᠪᠠᠶᠢᠴᠠᠭᠠᠨ ᠦᠵᠡᠪᠡ ᠃ | ︽ᠯᠠᠨ ᠲᠠᠢ ︾ ᠭᠡᠬᠦ ᠬᠤᠶᠠᠷ ᠦᠰᠦᠭ ᠨᠢ ︽ᠬᠠᠨ ᠤᠯᠤᠰ ᠤᠨ ᠪᠢᠴᠢᠭ · ᠪᠢᠴᠢᠭ ᠴᠡᠷᠢᠭ ᠤᠨ ᠨᠣᠶᠠᠳ | ᠲᠦᠰᠢᠮᠡᠳ ᠤᠨ ᠬᠦᠰᠦᠨᠦᠭᠲᠦ ︾ ᠠᠴᠠ ᠢᠷᠡᠵᠤ ᠂ ︽ᠣᠷᠳᠣᠨ ᠤ ᠳᠣᠲᠣᠷᠠᠬᠢ ᠯᠠᠨ ᠲᠠᠢ ᠳᠤᠷ ᠂ ᠨᠤᠲᠤᠭ | ᠳᠡᠪᠢᠰᠬᠡᠷ ᠤᠨ ᠵᠢᠷᠤᠭ ᠨᠢᠭᠤᠴᠠ ᠰᠤᠳᠤᠷ ᠢ ᠡᠵᠡᠮᠰᠢᠮᠦᠢ ︾ ᠭᠡᠳᠡᠭ ᠨᠢ ᠴᠢᠪ ᠬᠡᠮᠡᠨ ᠰᠤᠳᠤᠷ ᠪᠢᠴᠢᠭ ᠢ ᠬᠤᠷᠢᠶᠠᠨ | ᠬᠠᠳᠠᠭᠠᠯᠠᠬᠤ ᠣᠷᠳᠣᠨ ᠤ ᠬᠦ᠋ᠦ ᠭᠡᠰᠡᠨ ᠤᠳᠬ᠎ᠠ ᠲᠠᠢ ᠃ | ᠯᠠᠨ ᠲᠠᠢ ᠶᠢᠨ ᠠᠭᠤᠢ ᠶᠢᠨ ᠬᠦ᠋ᠦ ᠶᠢᠨ 1 ᠳ᠋ᠦ᠋ᠭᠡᠷ ᠨᠣᠮᠧᠷᠲᠤ ᠬᠦ᠋ᠦ ᠪᠣᠯ ᠰᠡᠶᠢᠯᠦᠮᠡᠯ ᠪᠠᠷ ᠤᠨ ᠣᠨᠴᠠ | ᠬᠠᠳᠠᠭᠠᠯᠠᠯᠲᠠ ᠶᠢᠨ ᠬᠦ᠋ᠦ ᠪᠠᠶᠢᠵᠤ ᠂ ᠬᠢᠲᠠᠳ ᠲᠥᠪᠡᠳ ᠮᠣᠩᠭᠤᠯ ᠮᠠᠨᠵᠤ ᠳᠥᠷᠪᠡᠨ ᠵᠦᠢᠯ ᠤᠨ ᠥᠰᠥᠭ ᠤᠨ | ᠭᠠᠨᠵᠤᠤᠷ ᠤᠨ ᠰᠡᠶᠢᠯᠦᠮᠡᠯ ᠪᠠᠷ ᠢ ᠬᠠᠳᠠᠭᠠᠯᠠᠵᠤ ᠪᠠᠶᠢᠳᠠᠭ ᠃ ᠴᠢᠨᠠᠷ ᠰᠠᠶᠢᠲᠠᠢ ᠠᠯᠢᠮ᠎ᠠ ᠶᠢᠨ ᠮᠣᠳᠣ ᠂ ᠤᠯᠠᠭᠠᠨ | ᠬᠤᠰᠤ ᠮᠣᠳᠣ ᠪᠠᠷ ᠰᠡᠶᠢᠯᠦᠭᠰᠡᠨ ᠪᠠᠷ ᠨᠢ ᠬᠡᠳᠦᠨ ᠵᠠᠭᠤᠨ ᠵᠢᠯ ᠤᠨ ᠰᠠᠯᠬᠢ ᠪᠣᠷᠣᠭᠠᠨ ᠤ ᠡᠯᠡᠭᠡᠯᠳᠡ ᠶᠢ | ᠥᠩᠭᠡᠷᠡᠭᠡᠭᠡᠳ ᠂ ᠮᠥᠨ ᠯᠡ ᠥᠪᠡᠷᠮᠢᠴᠡ ᠰᠢᠳᠢ ᠬᠦᠴᠦᠨ ᠢᠶᠠᠨ ᠭᠠᠶᠢᠬᠠᠭᠤᠯᠤᠭᠰᠠᠭᠠᠷ ᠪᠠᠶᠢᠨ᠎ᠠ ᠃ | ᠶᠡᠷᠦᠩᠬᠡᠢ ᠱᠦᠵᠢ ᠠᠭᠠᠵᠢᠮ ᠢᠶᠠᠷ ᠬᠥᠮᠥᠷᠭᠡ ᠶᠢᠨ ᠬᠤᠷᠭᠤ ᠨᠤᠭᠤᠳ ᠤᠨ ᠳᠤᠮᠳᠠ ᠠᠯᠬᠤᠨ ᠣᠷᠣᠵᠤ᠂ | ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠨᠠᠷᠢᠨ ᠨᠢᠮᠪᠠᠢ ᠲᠣᠭᠤᠷᠢᠨ ᠦᠵᠡᠵᠦ᠂ ᠡᠷᠲᠡᠨ ᠤ | ᠪᠣᠯᠪᠠᠰᠤᠨ ᠤ ᠡᠳᠦᠭᠡ ᠪᠤᠯᠲᠠᠯ᠎ᠠ ᠤᠯᠠᠮᠵᠢᠯᠠᠭᠳᠠᠭᠰᠠᠨ ᠠᠭᠤᠷ ᠠᠮᠢᠰᠬᠤᠯ ᠪᠠ ᠳᠣᠲᠣᠭᠠᠳᠤ ᠠᠭᠤᠯᠬᠤᠨ ᠢ ᠮᠡᠳᠡᠷᠡᠪᠡ᠄ | ︽ᠶᠠᠪᠤᠵᠤ ᠦᠵᠡᠶ᠎ᠡ ᠂ ᠣᠶᠢᠯᠠᠭᠠᠵᠤ ᠦᠵᠡᠶ᠎ᠡ ᠃ ᠡᠳᠡᠭᠡᠷ ᠰᠡᠶᠢᠯᠦᠮᠡᠯ ᠪᠠᠷ ᠂ ᠰᠤᠳᠤᠷ ᠪᠢᠴᠢᠭ ᠲᠤ ᠳᠤᠮᠳᠠᠳᠤ ᠶᠢᠨ | ᠦᠨᠳᠦᠰᠦᠲᠡᠨ ᠤ ᠤᠶᠤᠨ ᠤᠬᠠᠭᠠᠨ ᠂ ᠵᠣᠷᠢᠭ ᠰᠠᠨᠠᠭ᠎ᠠ ᠂ ᠰᠣᠶᠣᠯ ᠠᠭᠤᠯᠤᠭᠳᠠᠵᠤ ᠪᠠᠶᠢᠳᠠᠭ ᠂ ᠨᠡᠩ ᠴᠤ ᠦᠶ᠎ᠡ | ᠤᠯᠠᠷᠢᠨ ᠣᠷᠣᠰᠢᠨ ᠲᠣᠭᠲᠠᠨᠢᠬᠤ ᠬᠦᠴᠦᠨ ᠴᠢᠳᠠᠯ ᠠᠭᠤᠯᠤᠭᠳᠠᠵᠤ ᠪᠠᠶᠢᠳᠠᠭ ︾᠃ | 2 ᠳ᠋ᠤᠭᠠᠷ ᠨᠣᠮᠧᠷᠲᠤ ᠬᠦ᠋ᠦ ᠳᠤ ᠂ ︽ᠲᠦᠷᠪᠡᠨ ᠬᠦ᠋ᠦ ᠶᠢᠨ ᠪᠦᠷᠢᠨ ᠪᠢᠴᠢᠭ ︾ ᠤᠨ ᠸᠧᠨ ᠶᠤᠸᠠᠨ ᠭᠧ ᠂ | ᠸᠧᠨ ᠰᠦᠸᠧ ᠭᠧ ᠂ ᠸᠧᠨ ᠶᠢᠨ ᠭᠧ ᠂ ᠸᠧᠨ ᠯᠠᠨ ᠭᠧ ᠶᠢᠨ ᠡᠷᠲᠡᠨ ᠤ ᠨᠣᠮ ᠪᠢᠴᠢᠭ ᠤᠨ ᠦᠨᠡᠨ ᠳᠡᠪᠲᠡᠷ ᠪᠣᠯᠣᠨ | ᠳᠠᠭᠤᠷᠢᠶᠠᠮᠠᠯ ᠬᠡᠪᠯᠡᠯ ᠤᠨ ᠭᠡᠷᠡᠯ ᠵᠢᠷᠤᠭ ᠤᠨ ᠬᠡᠪᠯᠡᠯ ᠢ ᠠᠩᠬ᠎ᠠ ᠤᠳᠠᠭ᠎ᠠ ᠬᠠᠮᠲᠤ ᠪᠠᠷ ᠳᠡᠯᠭᠡᠨ ᠦᠵᠡᠭᠦᠯᠵᠦ ᠂ ︽ | ᠲᠦᠷᠪᠡᠨ ᠬᠦ᠋ᠦ ᠶᠢᠨ ᠪᠦᠷᠢᠨ ᠪᠢᠴᠢᠭ ︾ ᠤᠨ ᠳᠦᠷᠢ ᠲᠥᠷᠬᠦ ᠶᠢ ᠪᠦᠭᠦ ᠲᠠᠯ᠎ᠠ ᠪᠠᠷ ᠢᠯᠡᠷᠡᠭᠦᠯᠵᠦ ᠂ ︽ᠲᠦᠷᠪᠡᠨ | ᠭᠧ ᠲᠦᠷᠪᠡᠨ ᠬᠦ᠋ᠦ ᠶᠢ ᠬᠠᠪᠰᠤᠷᠭᠠᠬᠤ ︾ ᠶᠢ ᠪᠡᠶᠡᠯᠡᠭᠦᠯᠪᠡ ᠃ | ᠶᠡᠷᠦᠩᠬᠡᠢ ᠱᠦᠵᠢ ᠰᠢ ᠶᠢᠨ ᠫᠢᠩ ︽ᠲᠦᠷᠪᠡᠨ ᠬᠦ᠋ᠦ ᠶᠢᠨ ᠪᠦᠷᠢᠨ ᠪᠢᠴᠢᠭ ︾ ᠤᠨ ᠬᠡᠪᠯᠡᠯ ᠤᠨ ᠡᠬᠢ | ᠤᠷᠤᠰᠬᠠᠯ ᠂ ᠴᠠᠭᠠᠰᠤᠨ ᠳᠠᠷᠤᠮᠠᠯ ᠂ ᠬᠠᠮᠠᠭᠠᠯᠠᠵᠤ ᠬᠤᠷᠢᠶᠠᠨ ᠬᠠᠳᠠᠭᠠᠯᠠᠬᠤ ᠵᠡᠷᠭᠡ ᠲᠠᠨᠢᠯᠴᠠᠭᠤᠯᠭ᠎ᠠ ᠶᠢ ᠨᠠᠷᠢᠨ | ᠰᠣᠨᠣᠰᠴᠤ ᠂ ᠠᠵᠢᠯᠲᠠᠳ ᠲᠤ ᠄ ︽ᠮᠢᠨᠤ ᠬᠠᠮᠤᠭ ᠠᠴᠠ ᠠᠩᠬᠠᠷᠴᠤ ᠪᠠᠶᠢᠭ᠎ᠠ ᠵᠦᠢᠯ ᠪᠣᠯ ᠳᠤᠮᠳᠠᠳᠤ ᠶᠢᠨ | ᠪᠣᠯᠪᠠᠰᠤᠨ ᠤ ᠤᠯᠠᠷᠢᠯ ᠬᠤᠪᠢᠰᠤᠯᠲᠠ ᠶᠢ ᠥᠩᠭᠡᠷᠡᠭᠡᠭᠡᠳ ᠦᠯᠡᠳᠡᠭᠡᠭᠰᠡᠨ ᠬᠠᠮᠤᠭ ᠤᠨ ᠡᠷᠬᠢᠮ ᠨᠠᠨᠳᠢᠨ ᠵᠦᠢᠯ | ᠪᠣᠯᠣᠨ᠎ᠠ ᠃ ᠳᠤᠮᠳᠠᠳᠤ ᠶᠢᠨ ᠦᠨᠳᠦᠰᠦᠲᠡᠨ ᠤ ᠵᠠᠷᠢᠮ ᠰᠤᠳᠤᠷ ᠪᠢᠴᠢᠭ ᠨᠢ ᠣᠨ ᠵᠢᠯ ᠤᠨ ᠢᠳᠡᠭᠳᠡᠯ ᠤᠨ ᠳᠤᠮᠳᠠ | ᠨᠢᠭᠡᠨᠲᠡ ᠪᠠᠭ᠎ᠠ ᠪᠤᠰᠤ ᠨᠢ ᠠᠯᠳᠠᠭᠳᠠᠵᠠᠢ ᠂ ᠦᠯᠡᠳᠡᠭᠰᠡᠨ ᠡᠳᠡᠭᠡᠷ ᠦᠨᠡᠲᠦ ᠡᠷᠳᠡᠨᠢ ᠶᠢ ᠵᠠᠪᠠᠯ ᠠᠷᠭ᠎ᠠ ᠪᠦᠭᠦᠨ ᠢ | ᠰᠦᠪᠡᠭᠴᠢᠯᠡᠨ ᠰᠠᠶᠢᠲᠤᠷ ᠬᠠᠮᠠᠭᠠᠯᠠᠵᠤ ᠂ ᠰᠠᠶᠢᠲᠤᠷ ᠨᠠᠨᠳᠢᠩᠨᠠᠵᠤ ᠂ ᠮᠠᠨ ᠤ ᠡᠨᠡ ᠬᠦ ᠳᠡᠯᠡᠬᠡᠢ ᠳᠡᠭᠡᠷᠡᠬᠢ ᠴᠤᠷ ᠤᠨ | ᠭᠠᠭᠴᠠ ᠲᠠᠰᠤᠯᠳᠠᠭᠰᠠᠨ ᠦᠭᠡᠢ ᠪᠣᠯᠪᠠᠰᠤᠨ ᠢᠶᠠᠨ ᠦᠷᠭᠦᠯᠵᠢᠯᠡᠨ ᠤᠯᠠᠮᠵᠢᠯᠠᠬᠤ ᠬᠡᠷᠡᠭᠲᠡᠢ ︾ ᠭᠡᠵᠦ ᠵᠠᠬᠢᠪᠠ ᠃ | ᠯᠠᠨ ᠲᠠᠢ ᠶᠢᠨ ᠠᠭᠤᠢ ᠶᠢᠨ ᠬᠦ᠋ᠦ ᠠᠴᠠ ᠭᠠᠷᠴᠤ ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ | ᠤᠯᠤᠰ ᠤᠨ ᠤᠯᠤᠰ ᠤᠨ ᠬᠡᠪᠯᠡᠯ ᠤᠨ ᠣᠷᠳᠣᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠭᠦᠢᠴᠡᠳ ᠨᠤᠲᠠᠯᠠᠪᠠ ᠃ | ᠲᠡᠷᠡ ᠄ ︽ᠬᠡᠪᠯᠡᠯ ᠤᠨ ᠣᠷᠳᠣᠨ ᠢ ᠪᠠᠶᠢᠭᠤᠯᠤᠭᠰᠠᠨ ᠤᠭ ᠰᠠᠨᠠᠭ᠎ᠠ ᠪᠣᠯ ᠳᠠᠷᠤᠢ ᠬᠤᠷᠢᠶᠠᠨ ᠬᠠᠳᠠᠭᠠᠯᠠᠬᠤ | ᠶᠠᠪᠤᠳᠠᠯ ᠪᠣᠯᠣᠨ᠎ᠠ ᠂ ᠳᠠᠷᠤᠢ ᠮᠠᠨ ᠤ ᠡᠨᠡ ᠬᠦ ᠲᠡᠦᠬᠡᠨ ᠱᠠᠲᠤᠨ ᠳᠤ ᠂ ᠡᠷᠲᠡᠨ ᠠᠴᠠ ᠠᠪᠤᠭᠠᠳ ᠬᠤᠷᠢᠶᠠᠨ | ᠴᠤᠭᠯᠠᠭᠤᠯᠵᠤ ᠳᠡᠶᠢᠯᠭᠦ ᠰᠣᠩᠭᠤᠳᠠᠭ ᠮᠠᠲ᠋ᠧᠷᠢᠶᠠᠯ ᠢ ᠪᠦᠷᠢᠨ ᠴᠤᠭᠯᠠᠭᠤᠯᠵᠤ ᠂ ᠰᠠᠶᠢᠲᠤᠷ ᠬᠠᠮᠠᠭᠠᠯᠠᠵᠤ ᠂ ᠳᠡᠯᠡᠬᠡᠢ | ᠳᠡᠭᠡᠷᠡᠬᠢ ᠴᠣᠷ ᠤᠨ ᠭᠠᠭᠴᠠ ᠲᠠᠰᠤᠯᠳᠠᠭᠰᠠᠨ ᠦᠭᠡᠢ ᠪᠣᠯᠪᠠᠰᠤᠨ ᠢ ᠦᠷᠭᠦᠯᠵᠢᠯᠡᠨ ᠤᠯᠠᠮᠵᠢᠯᠠᠨ ᠵᠠᠯᠭᠠᠮᠵᠢᠯᠠᠬᠤ | ᠶᠠᠪᠤᠳᠠᠯ ᠪᠣᠯᠣᠨ᠎ᠠ ᠃ ᠮᠠᠨᠳᠤᠭᠰᠠᠨ ᠲᠦᠷᠦ ᠳᠤ ᠰᠣᠶᠣᠯ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠤᠨ᠎ᠠ ᠂ | ᠪᠢᠳᠡᠨ ᠳᠤ ᠤᠳᠤ ᠡᠶᠢᠮᠦ ᠬᠦᠰᠡᠯ ᠵᠣᠷᠢᠭ ᠪᠠ ᠴᠢᠳᠠᠪᠤᠷᠢ ᠪᠤᠢ ᠂ ᠡᠨᠡ ᠬᠦ ᠲᠣᠮᠣ ᠶᠠᠪᠤᠳᠠᠯ ᠢ ᠰᠠᠶᠢᠲᠤᠷ ᠬᠢᠬᠦ | ᠬᠡᠷᠡᠭᠲᠡᠢ ︾ ᠭᠡᠵᠦ ᠴᠢᠬᠤᠯᠠᠴᠢᠯᠠᠪᠠ ᠃ | ᠬᠡᠳᠦᠢ ᠬᠤᠯᠠ ᠡᠴᠢᠭᠰᠡᠨ ᠴᠦ ᠥᠩᠭᠡᠷᠡᠭᠰᠡᠨ ᠢᠶᠠᠨ ᠣᠯᠵᠤ ᠦᠵᠡᠪᠡᠯ ᠳᠠᠷᠤᠢ ᠲᠡᠳᠦᠢ ᠬᠤᠯᠠ ᠶᠢᠨ | ᠢᠷᠡᠭᠡᠳᠦᠢ ᠪᠠᠨ ᠣᠯᠵᠤ ᠬᠠᠷᠠᠨ᠎ᠠ ᠃ | ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠨᠢ ᠡᠷᠲᠡᠨ ᠡᠳᠦᠭᠡ ᠶᠢ ᠬᠤᠯᠪᠣᠨ | ᠨᠡᠪᠲᠡᠷᠡᠭᠦᠯᠦᠭᠰᠡᠨ ︽ᠰᠣᠶᠣᠯ ᠤᠨ ᠨᠢᠷᠤᠭᠤ ︾ — ᠪᠡᠭᠡᠵᠢᠩ ᠤᠨ ᠳᠤᠮᠳᠠ ᠲᠡᠩᠭᠡᠯᠢᠭ ᠱᠤᠭᠤᠮ ᠤᠨ ᠬᠤᠶᠢᠰᠢ | ᠪᠠᠨ ᠦᠷᠭᠦᠯᠵᠢᠯᠡᠭᠰᠡᠨ ᠱᠤᠭᠤᠮ ᠳᠡᠭᠡᠷᠡᠬᠢ ᠪᠡᠭᠡᠵᠢᠩ ᠤᠨ ᠣᠯᠢᠮᠫᠢᠺ ᠤᠨ ᠴᠡᠴᠡᠷᠯᠢᠭ ᠤᠨ ᠭᠤᠣᠯ ᠲᠣᠭᠤᠷᠢᠭ ᠤᠨ | ᠰᠣᠶᠣᠯ ᠤᠨ ᠶᠡᠷᠦᠩᠬᠡᠶᠢᠯᠡᠭᠰᠡᠨ ᠲᠣᠭᠤᠷᠢᠭ ᠲᠤ ᠪᠠᠶᠢᠷᠢᠯᠠᠵᠤ ᠂ 2019 ᠣᠨ ᠳᠤ ᠪᠠᠶᠢᠭᠤᠯᠤᠭᠳᠠᠬᠤ ᠦᠶ᠎ᠡ ᠳᠤ | ᠶᠡᠷᠦᠩᠬᠡᠢ ᠱᠦᠵᠢ ᠰᠢ ᠶᠢᠨ ᠫᠢᠩ ᠲᠤᠰᠬᠠᠶᠢᠯᠠᠨ ᠪᠠᠶᠠᠷ ᠤᠨ ᠵᠠᠬᠢᠳᠠᠯ ᠢᠷᠡᠭᠦᠯᠵᠦ ᠂ ᠤᠯᠠᠨ ᠢ ︽ᠡᠷᠲᠡᠨ ᠤ ᠬᠢ ᠶᠢ | ᠮᠡᠳᠡᠵᠤ ᠡᠳᠦᠭᠡ ᠳᠤ ᠲᠣᠯᠢ ᠪᠤᠯᠭᠠᠬᠤ ᠂ ᠵᠠᠰᠠᠭ ᠲᠤ ᠲᠤᠰᠠᠯᠠᠵᠤ ᠬᠥᠮᠥᠨ ᠢ ᠬᠥᠮᠥᠵᠢᠭᠦᠯᠬᠦ ᠦᠢᠯᠡᠳᠦᠯ ᠢᠶᠠᠨ | ᠭᠦᠢᠴᠡᠳ ᠪᠠᠳᠠᠷᠠᠭᠤᠯᠵᠤ ᠂ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠥᠭᠵᠢᠯᠲᠡ ᠶᠢ ᠠᠬᠢᠭᠤᠯᠬᠤ ᠂ | ᠳᠤᠮᠳᠠᠳᠤ ᠤᠯᠤᠰ ᠤᠨ ᠲᠡᠦᠬᠡ ᠶᠢᠨ ᠤᠬᠠᠭᠠᠨ ᠤ ᠰᠤᠳᠤᠯᠭᠠᠨ ᠤ ᠤᠯᠠᠨ ᠤᠯᠤᠰ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠬᠤ ᠳᠤ ᠬᠤᠪᠢ ᠨᠡᠮᠡᠷᠢ ᠦᠵᠡᠭᠦᠯᠦᠭᠡᠷᠡᠢ ︾ ᠭᠡᠵᠦ ᠵᠣᠷᠢᠭᠵᠢᠭᠤᠯᠪᠠ ᠃ | 2 ᠤᠨ ᠦᠳᠡ ᠶᠢᠨ ᠬᠤᠶᠢᠨ᠎ᠠ ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠲᠡᠦᠬᠡ ᠶᠢᠨ | ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠪᠠ ᠃ | ᠬᠦᠷᠢᠶᠡᠯᠡᠩ ᠳᠣᠲᠣᠷᠠᠬᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠮᠦᠽᠧᠢ ᠪᠣᠯ ᠮᠠᠨ ᠤ | ᠤᠯᠤᠰ ᠤᠨ ᠠᠩᠬᠠᠳᠠᠭᠴᠢ ᠬᠠᠭᠤᠴᠢ ᠰᠤᠳᠤᠯᠤᠯ ᠤᠨ ᠨᠡᠷ᠎ᠡ ᠪᠠᠷ ᠨᠡᠷᠡᠶᠢᠳᠦᠭᠰᠡᠨ ᠮᠦᠽᠧᠢ ᠪᠣᠯᠣᠨ᠎ᠠ ᠃ ᠨᠢᠭᠡᠨ | ᠵᠤᠷᠪᠤᠰ ︽ᠲᠡᠦᠬᠡ ᠶᠢᠨ ᠳᠠᠷᠳᠠᠩ ᠵᠠᠮ ︾ ᠨᠢ ᠴᠠᠭ ᠬᠤᠭᠤᠴᠠᠭᠠᠨ ᠤ ᠲᠡᠩᠭᠡᠯᠢᠭ ᠤᠨ ᠭᠡᠯᠪᠡᠷᠢ ᠪᠠᠷ ᠮᠠᠨ ᠤ | ᠤᠯᠤᠰ ᠤᠨ ᠲᠡᠦᠬᠡ ᠶᠢᠨ ᠬᠥᠭᠵᠢᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠠ ᠴᠢᠬᠤᠯᠠ ᠶᠡᠭᠡ ᠬᠡᠷᠡᠭ ᠶᠠᠪᠤᠳᠠᠯ ᠢ | ᠳᠡᠯᠭᠡᠨ ᠦᠵᠡᠭᠦᠯᠵᠦ ᠂ ᠳᠤᠮᠳᠠᠳᠤ ᠶᠢᠨ ᠪᠣᠯᠪᠠᠰᠤᠨ ᠤ ᠥᠨᠢ ᠤᠳᠠᠭᠠᠨ ᠲᠡᠦᠬᠡ ᠶᠢ ᠲᠡᠮᠳᠡᠭᠯᠡᠭᠰᠡᠨ ᠪᠠᠶᠢᠪᠠ ᠃ | ᠶᠡᠷᠦᠩᠬᠡᠢ ᠱᠦᠵᠢ ᠦᠵᠡᠭᠦᠯᠭᠡ ᠶᠢᠨ ᠲᠢᠩᠬᠢᠮ ᠳᠤ ᠠᠯᠬᠤᠨ ᠣᠷᠣᠵᠤ ᠂ ︽ᠲᠡᠦᠬᠡ ᠶᠢᠨ ᠳᠠᠷᠳᠠᠩ ᠵᠠᠮ ︾ | ᠢᠶᠠᠷ ᠤᠷᠤᠭᠰᠢᠯᠠᠨ ᠶᠠᠪᠤᠵᠤ ᠂ ᠬᠠᠮᠤᠭ ᠤᠨ ᠰᠢᠨ᠎ᠡ ᠬᠠᠭᠤᠴᠢ ᠰᠤᠳᠤᠯᠤᠯ ᠤᠨ ᠨᠡᠭᠡᠭᠡᠨ ᠮᠠᠯᠲᠠᠭᠰᠠᠨ ᠦᠷ᠎ᠡ | ᠪᠦᠲᠦᠭᠡᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ | ᠠᠰᠠᠭᠤᠪᠠ ᠃ | ︽ᠡᠨᠡ ᠪᠣᠯ ᠠᠨᠾᠦ᠋ᠢ ᠮᠤᠵᠢ ᠶᠢᠨ ᠮᠧᠩᠴᠧᠩ ᠬᠤᠳᠠ ᠶᠢᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ | ᠸᠧᠢ ᡂᠢ ᠰᠦᠮ᠎ᠡ ᠶᠢᠨ ᠪᠠᠭᠤᠷᠢ ᠠᠴᠠ ᠣᠯᠳᠠᠭᠰᠠᠨ ᠶᠡᠭᠡ ᠠᠮᠠᠰᠠᠷᠲᠤ ᠸᠠᠭᠠᠷ ᠤᠨ ᠬᠤᠮᠬ᠎ᠠ ᠂ ᠤᠳᠤ ᠠᠴᠠ ᠪᠠᠷᠤᠭ | 4800 ᠵᠢᠯ ᠤᠨ ᠡᠮᠦᠨᠡᠬᠢ ᠪᠣᠳᠠᠰ ᠪᠠᠶᠢᠵᠠᠢ ︾᠃ ᠲᠠᠶᠢᠯᠪᠤᠷᠢᠯᠠᠭᠴᠢ ᠠᠴᠠ ᠨᠢᠭᠡ ᠸᠠᠭᠠᠷ ᠰᠠᠪᠠ ᠶᠢᠨ | ᠦᠵᠡᠭᠦᠯᠭᠡ ᠶᠢᠨ ᠡᠳ᠋ ᠢ ᠵᠢᠭᠠᠵᠤ ᠂ ︽ᠲᠡᠭᠦᠨ ᠤ ᠣᠨᠴᠠᠭᠠᠶ ᠲᠠᠯ᠎ᠠ ᠭᠡᠪᠡᠯ ᠪᠠᠭᠠᠵᠢ ᠬᠡᠷᠡᠭᠰᠡᠯ ᠳᠡᠭᠡᠷ᠎ᠡ ᠰᠡᠶᠢᠯᠦᠭᠰᠡᠨ | ᠲᠡᠮᠳᠡᠭ ᠲᠠᠢ ᠂ ᠲᠤᠰ ᠲᠤᠰ ︿ᠨᠠᠷᠠ﹀ ︿ ᠰᠠᠷ᠎ᠠ﹀ ︿ ᠠᠭᠤᠯᠠ ﹀ ᠶᠢᠨ ᠭᠡᠯᠪᠡᠷᠢ ᠲᠠᠢ ᠃ ᠳᠦᠷᠰᠦᠯᠢᠭ ᠢᠯᠡᠳᠬᠡᠯᠲᠡ | ᠪᠠ ᠨᠡᠶᠢᠯᠡᠯᠲᠡ ᠨᠢ ᠳᠥᠭᠦᠮ ᠵᠢᠷᠤᠭ ᠳᠦᠷᠰᠦ ᠶᠢᠨ ᠤᠳᠬ᠎ᠠ ᠠᠴᠠ ᠳᠠᠪᠠᠵᠤ ᠂ ᠪᠢᠳᠡᠨ ᠳᠤ ᠬᠢᠲᠠᠳ ᠦᠰᠦᠭ ᠤᠨ | ᠠᠩᠬᠠᠨ ᠤ ᠳᠦᠷᠰᠦ ᠶᠢ ᠦᠵᠡᠭᠦᠯᠪᠡ ᠃ ᠭᠡᠬᠦ ᠳᠡᠭᠡᠨ ᠮᠠᠨ ᠤ ᠤᠯᠤᠰ ᠤᠨ ᠬᠠᠮᠤᠭ ᠤᠨ ᠡᠷᠲᠡᠨ ᠤ ᠸᠠᠭᠠᠷ ᠰᠠᠪᠠ ᠂ | ᠠᠯᠢ ᠡᠷᠲᠡ 16000 ᠭᠠᠷᠤᠢ ᠵᠢᠯ ᠤᠨ ᠡᠮᠦᠨ᠎ᠡ ᠳᠠᠷᠤᠢ ᠢᠯᠡᠷᠡᠭᠰᠡᠨ ᠶᠤᠮ ︾ ᠭᠡᠪᠡ ᠃ | ︽ᠳᠤᠮᠳᠠᠳᠤ ᠤᠯᠤᠰ ᠳᠡᠯᠡᠬᠡᠢ ᠳᠡᠭᠡᠷᠡᠬᠢ ᠸᠠᠭᠠᠷ ᠰᠠᠪᠠ ᠶᠢᠨ ᠡᠭᠦᠰᠦᠯ ᠢᠶᠠᠷ ᠬᠠᠮᠤᠭ ᠤᠨ ᠡᠷᠲᠡᠨ ᠤ ᠤᠯᠤᠰ | ᠮᠥᠨ ᠦᠦ ︖︾ ᠭᠡᠵᠦ ᠶᠡᠷᠦᠩᠬᠡᠢ ᠱᠦᠵᠢ ᠲᠠᠶᠢᠯᠪᠤᠷᠢᠯᠠᠭᠴᠢ ᠠᠴᠠ ᠯᠠᠪᠯᠠᠨ ᠠᠰᠠᠭᠤᠪᠠ ᠃ | ︽ᠲᠡᠶᠢᠮᠦ ᠠ᠋ ︾᠃ | ︽︿ ᠬᠠᠮᠤᠭ ᠤᠨ ᠡᠷᠲᠡᠨ ᠤ ᠨᠢᠭᠡ ﹀ ᠪᠢᠰᠢ ᠂ ᠬᠠᠷᠢᠨ ︿ ᠬᠠᠮᠤᠭ ᠤᠨ ᠡᠷᠲᠡᠨ ᠤ ﹀ ᠮᠥᠨ ᠤᠤ ︖︾ ᠭᠡᠵᠦ | ᠶᠡᠷᠦᠩᠬᠡᠢ ᠱᠦᠵᠢ ᠳᠠᠭᠢᠨ ᠠᠰᠠᠭᠤᠪᠠ ᠃ | ︽ᠲᠡᠶᠢᠮᠦ ᠠ᠋ ᠂ ᠳᠡᠯᠡᠬᠡᠢ ᠳᠡᠭᠡᠷᠡᠬᠢ ᠪᠤᠰᠤᠳ ᠭᠠᠵᠠᠷ ᠠᠴᠠ ᠢᠯᠡᠷᠡᠭᠦᠯᠦᠭᠰᠡᠨ ᠡᠷᠲᠡ ᠦᠶ᠎ᠡ ᠶᠢᠨ ᠸᠠᠭᠠᠷ | ᠰᠠᠪᠠ ᠨᠢ ᠦᠨᠳᠦᠰᠦᠨ ᠳᠡᠭᠡᠨ ᠪᠦᠷ ᠳᠤᠮᠳᠠᠳᠤ ᠤᠯᠤᠰ ᠲᠤ ᠡᠭᠦᠰᠦᠭᠰᠡᠨ ᠤ ᠳᠠᠷᠠᠭ᠎ᠠ ᠤᠯᠠᠮᠵᠢᠯᠠᠭᠳᠠᠨ ᠣᠴᠢᠭᠰᠠᠨ | ᠶᠤᠮ ︾᠃ | ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ︽7000 ᠨᠠᠰᠤᠲᠠᠢ ︾ ᠸᠠᠭᠠᠷ ᠤᠨ ᠬᠥᠮᠥᠨ ᠤ ᠴᠢᠷᠠᠶᠢᠲᠤ | ᠭᠦᠷᠥᠭ ᠂ ᠤᠯᠠᠭᠠᠨ ᠦᠰᠦᠭᠲᠦ ᠸᠠᠭᠠᠷ ᠤᠨ ᠬᠤᠪᠢᠩ ᠂ ᠥᠩᠭᠡᠲᠦ ᠤᠭᠠᠯᠵᠠᠲᠤ ᠸᠠᠭᠠᠷ ᠤᠨ ᠲᠠᠪᠠᠭ ᠂ ᠰᠢᠶᠠ | ᠤᠯᠤᠰ ᠤᠨ ᠡᠯ ᠯᠢ ᠲᠧᠦ ᠶᠢᠨ ᠪᠠᠭᠤᠷᠢ ᠶᠢᠨ ᠣᠭ᠍ᠶᠤ ᠶᠢᠨ ᠴᠢᠯᠠᠭᠤᠨ ᠯᠣᠣ ᠬᠡᠯᠪᠡᠷᠢᠲᠦ ᠪᠠᠭᠠᠵᠢ ᠂ ᠱᠠᠩ ᠤᠯᠤᠰ ᠤᠨ | ᠦᠶ᠎ᠡ ᠶᠢᠨ ᠵᠠᠭᠠᠨ ᠤ ᠰᠣᠶᠤᠭ᠎ᠠ ᠶᠢᠨ ᠴᠣᠮᠣ ᠂ ᠵᠧᠦ ᠤᠯᠤᠰ ᠤᠨ ᠦᠶ᠎ᠡ ᠶᠢᠨ ᠵᠡᠰ ᠲᠠᠭᠢᠯᠭ᠎ᠠ ᠶᠢᠨ ᠬᠤᠮᠬ᠎ᠠ ᠁ | ᠭᠠᠵᠠᠷ ᠳᠣᠣᠷ᠎ᠠ ᠠᠴᠠ ᠣᠯᠳᠠᠭᠰᠠᠨ ᠡᠳᠡᠭᠡᠷ ᠨᠠᠷᠢᠯᠢᠭ ᠰᠠᠶᠢᠬᠠᠨ ᠲᠡᠦᠬᠡ ᠶᠢᠨ ᠳᠤᠷᠠᠰᠬᠠᠯᠲᠤ ᠵᠦᠢᠯᠡᠰ ᠨᠢ | ᠳᠤᠮᠳᠠᠳᠤ ᠶᠢᠨ ᠦᠨᠳᠦᠰᠦᠲᠡᠨ ᠤ ᠤᠷᠢᠳᠤᠰ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠠᠭᠤᠯᠠ ᠰᠢᠭᠤᠢ ᠶᠢ | ᠨᠡᠭᠡᠭᠡᠭᠰᠡᠨ ᠲᠡᠦᠬᠡᠨ ᠤᠯᠠ ᠮᠥᠷ ᠢ ᠠᠮᠢᠳᠤᠯᠢᠭ ᠢᠶᠠᠷ ᠬᠠᠷᠠᠭᠤᠯᠤᠭᠰᠠᠨ ᠪᠠᠶᠢᠨ᠎ᠠ ᠃ | ︽ 4000 ᠭᠠᠷᠤᠢ ᠵᠢᠯ ᠤᠨ ᠡᠮᠦᠨᠡᠬᠢ ᠶᠠᠭᠤᠮ᠎ᠠ ᠡᠶᠢᠮᠦ ᠨᠠᠷᠢᠯᠢᠭ ᠬᠢᠴᠡ ᠲᠠᠢ ︾ ᠂ ︽ᠡᠨᠡ ᠮᠡᠷᠭᠡᠵᠢᠯ | ᠲᠡᠷᠡ ᠦᠶ᠎ᠡ ᠳᠤ ᠮᠠᠰᠢ ᠲᠡᠷᠢᠭᠦᠨ ᠤ ᠪᠠᠶᠢᠵᠠᠢ ︾ | ︽ ᠦᠨᠡᠬᠡᠷ ᠭᠤᠶᠤ ︕ ᠤᠷ᠎ᠠ ᠮᠡᠷᠭᠡᠵᠢᠯ ᠨᠢ ᠭᠤᠴᠣ ᠨᠠᠷᠢᠯᠢᠭ ︾ ᠭᠡᠵᠦ ᠶᠡᠷᠦᠩᠬᠡᠢ ᠱᠦᠵᠢ ᠶᠠᠪᠤᠬᠤ ᠶᠢᠨ ᠳᠠᠭᠠᠤ | ᠦᠵᠡᠵᠦ ᠂ ᠳᠤᠮᠳᠠᠳᠤ ᠤᠯᠤᠰ ᠤᠨ ᠡᠷᠲᠡᠨ ᠤ ᠬᠥᠮᠥᠰ ᠤᠨ ᠤᠶᠤᠨ ᠤᠬᠠᠭᠠᠨ ᠠᠪᠢᠶᠠᠰ ᠴᠢᠳᠠᠪᠤᠷᠢ ᠂ ᠳᠤᠮᠳᠠᠳᠤ | ᠤᠯᠤᠰ ᠤᠨ ᠡᠷᠲᠡᠨ ᠤ ᠭᠡᠷᠡᠯ ᠰᠠᠴᠤᠷᠠᠩᠭᠤᠢ ᠪᠣᠯᠪᠠᠰᠤᠨ ᠢ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠪᠠ ᠃ | ︽ᠤᠯᠤᠰ ᠤᠨ ᠬᠡᠪᠯᠡᠯ ᠤᠨ ᠣᠷᠳᠣᠨ ᠂ ᠳᠤᠮᠳᠠᠳᠤ ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠢ | ᠦᠵᠡᠭᠡᠳ ᠮᠠᠰᠢ ᠶᠡᠭᠡ ᠣᠯᠣᠯᠲᠠ ᠲᠠᠢ ᠃ | ︿ ᠳᠤᠮᠳᠠᠳᠤ ᠤᠯᠤᠰ ᠤᠨ ᠰᠣᠶᠣᠯ ᠪᠣᠯ ᠥᠨᠢ ᠤᠳᠠᠭᠠᠨ ᠤᠯᠠᠮᠵᠢᠯᠠᠯ ᠲᠠᠢ ᠂ ᠳᠤᠮᠳᠠᠳᠤ ᠶᠢᠨ ᠪᠣᠯᠪᠠᠰᠤᠨ ᠪᠣᠯ | ᠥᠷᠭᠡᠨ ᠳᠡᠯᠭᠡᠷ ᠭᠦᠨ ᠭᠦᠨᠵᠡᠭᠡᠢ ﹀ ᠭᠡᠳᠡᠭ ᠢ ᠪᠢ ᠨᠡᠩ ᠭᠦᠨᠵᠡᠭᠡᠢ ᠣᠶᠢᠯᠠᠭᠠᠪᠠ ︾᠃ | ᠡᠶᠢᠨ ᠬᠦ ᠭᠦᠨ ᠲᠥᠷᠥᠭᠳᠡᠯ ᠲᠠᠢ ᠪᠠᠷ ᠂ ᠶᠡᠷᠦᠩᠬᠡᠢ ᠱᠦᠵᠢ ᠰᠢ ᠶᠢᠨ ᠫᠢᠩ ᠲᠠᠷᠠᠭ᠎ᠠ ᠨᠢ ᠳᠤᠮᠳᠠᠳᠤ | ᠤᠯᠤᠰ ᠤᠨ ᠲᠡᠦᠬᠡ ᠶᠢᠨ ᠰᠤᠳᠤᠯᠭᠠᠨ ᠤ ᠬᠦᠷᠢᠶᠡᠯᠡᠩ ᠤᠨ ᠳᠣᠯᠣᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ | ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠭᠧᠩ ᠂ | ᠪᠡᠭᠡᠵᠢᠩ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠪᠦᠸᠧ ᠂ ᠴᠢᠩᠬᠤᠸᠠ ᠶᠡᠭᠡ ᠰᠤᠷᠭᠠᠭᠤᠯᠢ ᠶᠢᠨ ᠳᠡᠳ᠋ | ᠵᠠᠬᠢᠷᠤᠯ ᠫᠧᠩ ᠭᠠᠩ ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠤᠮᠳᠠᠳᠤ | ᠤᠯᠤᠰ ᠤᠨ ᠬᠢᠯᠢ ᠬᠢᠵᠠᠭᠠᠷ ᠢ ᠰᠤᠳᠤᠯᠬᠤ ᠭᠠᠵᠠᠷ ᠤᠨ ᠳᠠᠷᠤᠭ᠎ᠠ ᠰᠢᠩ ᠭᠤᠸᠠᠩ ᠴᠧᠩ ᠂ ᠳᠤᠮᠳᠠᠳᠤ ᠤᠯᠤᠰ ᠤᠨ | ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠹᠠᠨ ᠳ᠋ᠢ ᠠᠨ ᠂ ᠨᠠᠨᠵᠢᠩ ᠶᠡᠭᠡ ᠰᠤᠷᠭᠠᠭᠤᠯᠢ ᠶᠢᠨ ᠰᠣᠶᠣᠯ | ᠢᠷᠭᠡᠨᠰᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠨᠡᠷ᠎ᠡ ᠬᠦᠨᠳᠦᠲᠦ ᠫᠷᠤᠹᠧᠰᠰᠤᠷ ᠮᠦᠸᠧ ᠯᠢ ᠹᠧᠩ ᠨᠠᠷ | ᠤᠷᠢᠳ ᠬᠤᠵᠢᠳ ᠤᠳᠤ ᠦᠶ᠎ᠡ ᠶᠢᠨ ᠳᠤᠮᠳᠠᠳᠤ ᠤᠯᠤᠰ ᠤᠨ ᠦᠢᠯᠡᠳᠦᠯᠭᠡ ᠪᠠᠷ ᠲᠡᠮᠳᠡᠭ ᠪᠠᠶᠢᠷᠢ ᠪᠣᠯᠭᠠᠨ | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠠᠬᠢᠭᠤᠯᠬᠤ ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ ᠪᠦᠭᠦ ᠳᠡᠪᠲᠡᠷ ︽ | ᠺᠦᠩᠽᠢ ᠶᠢᠨ ᠰᠤᠷᠭᠠᠯᠲᠠᠨ ᠤ ᠰᠤᠳᠤᠷ ︾ ᠢ ᠨᠠᠶᠢᠷᠠᠭᠤᠯᠤᠨ ᠰᠤᠳᠤᠯᠬᠤ ᠶᠢ ᠠᠬᠢᠭᠤᠯᠬᠤ ᠂ ᠬᠠᠷᠢᠯᠴᠠᠨ ᠰᠣᠯᠢᠯᠴᠠᠵᠤ | ᠬᠠᠷᠢᠯᠴᠠᠨ ᠲᠣᠯᠢ ᠪᠤᠯᠭᠠᠬᠤ ᠳᠤᠮᠳᠠ ᠰᠣᠶᠣᠯ ᠤᠨ ᠤᠯᠠᠮᠵᠢᠯᠠᠯ ᠬᠥᠭᠵᠢᠯᠲᠡ ᠶᠢ ᠠᠬᠢᠭᠤᠯᠬᠤ ᠂ ᠰᠣᠶᠣᠯ ᠤᠨ | ᠤᠯᠠᠮᠵᠢᠯᠠᠯ ᠬᠥᠭᠵᠢᠯᠲᠡ ᠶᠢ ᠠᠬᠢᠭᠤᠯᠵᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠤᠮᠳᠠ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠬᠤ ᠂ ᠡᠷᠲᠡᠨ ᠤ ᠰᠣᠩᠭᠤᠳᠠᠭ ᠨᠡᠷᠡᠳᠦ ᠪᠦᠲᠦᠭᠡᠯ ᠢ ᠲᠦᠭᠡᠮᠡᠯᠵᠢᠭᠦᠯᠵᠦ | ᠤᠯᠠᠮᠵᠢᠯᠠᠯᠲᠤ ᠰᠣᠶᠣᠯ ᠢ ᠪᠠᠳᠠᠷᠠᠭᠤᠯᠬᠤ ᠲᠤᠬᠠᠢ ᠶᠠᠷᠢᠶ᠎ᠠ ᠲᠠᠯᠪᠢᠪᠠ ᠃ | ︽ᠤᠯᠠᠨ ᠤ ᠶᠠᠷᠢᠶ᠎ᠠ ᠶᠢᠨ ᠬᠠᠷᠠᠭᠠᠰᠤ ᠠᠳᠠᠯᠢ ᠦᠭᠡᠢ᠂ ᠦᠭᠡ ᠨᠢ ᠲᠣᠪᠴᠢ ᠲᠣᠳᠣᠷᠬᠠᠢ ᠤᠳᠬ᠎ᠠ ᠨᠢ | ᠲᠡᠭᠦᠯᠳᠡᠷ᠂ ᠮᠠᠰᠢ ᠶᠡᠭᠡ ᠰᠡᠩᠬᠡᠷᠡᠭᠦᠯᠦᠯ ᠣᠯᠵᠠᠢ︾᠃ | ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠂ ᠶᠡᠷᠦᠩᠬᠡᠢ ᠱᠦᠵᠢ ᠰᠢ ᠶᠢᠨ ᠫᠢᠩ ᠄ ︽ | ᠰᠣᠶᠣᠯ ᠪᠣᠯ ᠤᠯᠤᠰ ᠤᠨ ᠦᠨᠳᠦᠰᠦ ᠂ ᠤᠯᠤᠰ ᠤᠨ ᠬᠤᠪᠢ ᠵᠠᠶᠠᠭ᠎ᠠ ᠲᠠᠢ ᠬᠤᠯᠪᠣᠭᠳᠠᠨ᠎ᠠ ᠃ ᠡᠨᠡ ᠬᠡᠰᠡᠭ | ᠬᠤᠭᠤᠴᠠᠭᠠᠨ ᠳᠤ ᠪᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ | ᠪᠠᠶᠢᠭᠤᠯᠤᠯᠲᠠ ᠶᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ | ᠡᠨᠡ ᠬᠦ ᠴᠢᠬᠤᠯᠠ ᠶᠡᠭᠡ ᠰᠡᠳᠦᠪ ᠢ ᠪᠣᠳᠣᠯᠬᠢᠯᠠᠭᠰᠠᠭᠠᠷ ᠢᠷᠡᠵᠠᠢ ᠂ ᠡᠨᠡ ᠨᠢ ᠮᠥᠨ ᠴᠦ ᠡᠨᠡ ᠤᠳᠠᠭᠠᠨ ᠤ | ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠤ ᠰᠢᠯᠲᠠᠭᠠᠨ ᠪᠣᠯᠣᠨ᠎ᠠ ︾ ᠭᠡᠵᠦ ᠵᠢᠭᠠᠵᠤ ᠭᠠᠷᠭᠠᠪᠠ ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ | | ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠤᠨᠴᠠᠭᠠᠢ ᠰᠢᠨᠵᠢ ᠶᠢ ᠭᠦᠨᠵᠡᠭᠡᠢ ᠡᠵᠡᠮᠰᠢᠬᠦ ᠲᠤᠬᠠᠢ ᠶᠠᠷᠢᠬᠤ ᠳᠤ ᠂ | ᠶᠡᠷᠦᠩᠬᠡᠢ ᠱᠦᠵᠢ ᠨᠢᠭᠡ ᠯᠡ ᠠᠮᠢᠰᠬᠤᠭ᠎ᠠ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠠᠬᠢ ᠮᠠᠰᠢ | ᠤᠯᠠᠨ ᠴᠢᠬᠤᠯᠠ ᠡᠯᠧᠮᠧᠨ᠋ᠲ ᠢ ᠵᠢᠭᠰᠠᠭᠠᠪᠠ — | ᠲᠦᠷᠦ ᠶᠢᠨ ᠡᠷᠬᠡ ᠶᠢ ᠲᠦᠮᠡᠨ ᠤ ᠬᠢ ᠪᠤᠯᠭᠠᠬᠤ ᠂ ᠳᠡᠯᠡᠬᠡᠢ ᠳ᠋ᠠᠬᠢᠨ ᠢᠶᠠᠷ ᠢᠶᠠᠨ ᠡᠪ ᠨᠢᠭᠡᠳᠦᠯ ᠲᠠᠢ ᠪᠠᠶᠢᠬᠤ | ᠨᠡᠶᠢᠭᠡᠮ ᠤᠨ ᠬᠦᠰᠡᠯᠡᠩ ᠂ ᠠᠷᠠᠳ ᠲᠦᠮᠡᠨ ᠪᠣᠯᠪᠠᠰᠤ ᠤᠯᠤᠰ ᠤᠨ ᠦᠨᠳᠦᠰᠦ ᠂ ᠶᠣᠰᠣ ᠰᠤᠷᠲᠠᠬᠤᠨ ᠢᠶᠠᠷ ᠵᠠᠰᠠᠭ | ᠪᠠᠷᠢᠬᠤ ᠵᠠᠰᠠᠯᠲᠠ ᠶᠢᠨ ᠦᠵᠡᠯ ᠰᠠᠨᠠᠭ᠎ᠠ ᠂ ᠲᠤᠮᠳᠠᠳᠤ ᠤᠯᠤᠰ ᠨᠢᠭᠡᠳᠦᠨ ᠂ ᠤᠯᠠᠨ ᠡᠰᠢᠲᠦ ᠨᠢᠭᠡ | ᠴᠣᠭᠴᠠᠵᠢᠭᠤᠯᠤᠭᠰᠠᠨ ᠶᠡᠭᠡ ᠨᠢᠭᠡᠳᠦᠯ ᠤᠨ ᠤᠯᠠᠮᠵᠢᠯᠠᠯ ᠂ ᠪᠡᠶ᠎ᠡ ᠪᠠᠨ ᠵᠠᠰᠠᠵᠤ ᠭᠡᠷ ᠢᠶᠠᠨ ᠳᠣᠳᠣᠮᠳᠠᠬᠤ ᠂ | ᠤᠯᠤᠰ ᠢᠶᠠᠨ ᠵᠠᠰᠠᠵᠤ ᠳᠡᠯᠡᠬᠡᠢ ᠶᠢ ᠲᠣᠭᠲᠠᠭᠤᠨ ᠪᠤᠯᠭᠠᠬᠤ ᠂ ᠮᠠᠨᠳᠤᠵᠤ ᠮᠥᠬᠦᠬᠦ ᠳᠤ ᠬᠠᠷᠢᠭᠤᠴᠠᠯᠭ᠎ᠠ ᠲᠠᠢ ᠤᠯᠤᠰ | ᠭᠡᠷ ᠤᠨ ᠬᠠᠶᠢᠷ᠎ᠠ ᠰᠡᠳᠬᠢᠯᠭᠡ ᠂ ᠡᠷᠳᠡᠮ ᠨᠣᠮ ᠰᠤᠷᠴᠤ ᠬᠦᠨᠳᠦ ᠡᠭᠦᠷᠭᠡ ᠡᠭᠦᠷᠭᠡᠯᠡᠬᠦ ᠂ ᠶᠣᠰᠣᠯᠠᠯ ᠡᠷᠳᠡᠮ ᠢ | ᠡᠷᠬᠢᠮᠯᠡᠨ ᠳᠡᠯᠭᠡᠷᠡᠭᠦᠯᠬᠦ ᠤᠶᠤᠨ ᠰᠠᠨᠠᠭᠠᠨ ᠤ ᠬᠥᠭᠡᠭᠡᠴᠡᠯᠳᠦᠯ ᠂ ᠠᠷᠠᠳ ᠢ ᠪᠠᠶᠠᠵᠢᠭᠤᠯᠤᠨ ᠠᠮᠢᠳᠤᠷᠠᠯ ᠢ | ᠴᠢᠨᠡᠭᠡᠯᠢᠭᠵᠢᠭᠦᠯᠬᠦ ᠂ ᠵᠢᠷᠤᠮ ᠠᠰᠢᠭ ᠢ ᠵᠡᠷᠭᠡ ᠪᠠᠷ ᠬᠠᠷᠠᠭᠠᠯᠵᠠᠬᠤ ᠠᠵᠤ ᠠᠬᠤᠢ ᠶᠢᠨ ᠶᠣᠰᠣ ᠰᠤᠷᠲᠠᠬᠤᠨ ᠂ ᠦᠨᠡᠨ | ᠠᠴᠠ ᠵᠥᠪ ᠢ ᠡᠷᠢᠵᠦ ᠂ ᠪᠠᠶᠢᠭᠠᠯᠢ ᠬᠥᠮᠥᠨ ᠨᠢᠭᠡᠳᠴᠦ ᠂ ᠲᠦᠮᠡᠨ ᠪᠣᠳᠠᠰ ᠵᠡᠷᠭᠡ ᠪᠠᠷ ᠪᠣᠶᠢᠵᠢᠭᠰᠠᠨ ᠠᠮᠢ | ᠠᠬᠤᠢ ᠶᠢᠨ ᠣᠶᠢᠯᠠᠭᠠᠭᠳᠠᠬᠤᠨ ᠂ ᠦᠨᠡᠨ ᠠᠴᠠ ᠵᠥᠪ ᠢ ᠡᠷᠢᠬᠦ ᠂ ᠮᠡᠳᠡᠬᠦᠢ ᠬᠢᠬᠦᠢ ᠶᠢ ᠨᠢᠭᠡᠳᠬᠡᠭᠰᠡᠨ ᠭᠦᠨ | ᠤᠬᠠᠭᠠᠨ ᠤ ᠦᠵᠡᠯ ᠰᠠᠨᠠᠭ᠎ᠠ ᠂ ᠲᠣᠬᠢᠷᠠᠮᠵᠢᠲᠠᠢ ᠠᠷᠭ᠎ᠠ ᠪᠣᠳᠣᠯᠭ᠎ᠠ ᠶᠢ ᠬᠡᠷᠡᠭᠯᠡᠨ ᠂ ᠬᠡᠪ ᠳᠤᠮᠳᠠ ᠶᠢᠨ ᠶᠣᠰᠣ ᠶᠢ | ᠡᠷᠭᠢᠮᠯᠡᠭᠦ ᠰᠡᠳᠬᠢᠬᠦᠢ ᠶᠢᠨ ᠠᠷᠭ᠎ᠠ ᠭᠡᠯᠪᠡᠷᠢ ᠂ ᠢᠲᠡᠭᠡᠯ ᠢ ᠡᠷᠬᠢᠮᠯᠡᠨ ᠡᠶᠡᠯᠰᠡᠭ ᠬᠠᠷᠢᠯᠴᠠᠬᠤ ᠂ ᠡᠨᠡᠷᠢᠩᠭᠦᠢ ᠲᠠᠢ | ᠣᠶᠢᠷᠠᠲᠤᠨ ᠬᠥᠷᠰᠢ ᠵᠡᠷᠭᠡᠯᠡᠳᠡᠭᠡ ᠲᠠᠢ ᠪᠠᠨ ᠨᠦᠭᠦᠷᠰᠡᠭ ᠬᠠᠷᠢᠯᠴᠠᠬᠤ ᠶᠣᠰᠣ ᠵᠡᠷᠭᠡ ᠁ | ᠶᠡᠷᠦᠩᠬᠡᠢ ᠱᠦᠵᠢ ᠂ ᠡᠲᠡᠭᠡᠷ ᠡᠯᠧᠮᠧᠨ᠋ᠲ ᠨᠢ ᠳᠤᠮᠳᠠᠳᠤ ᠶᠢᠨ ᠪᠣᠯᠪᠠᠰᠤᠨ ᠤ ᠲᠣᠪᠤᠶᠢᠬᠰᠠᠨ ᠦᠷᠭᠦᠯᠵᠢᠯᠡᠬᠦ | ᠴᠢᠨᠠᠷ ᠂ ᠰᠢᠨ᠎ᠡ ᠶᠢ ᠡᠭᠦᠳᠬᠦ ᠴᠢᠨᠠᠷ ᠂ ᠨᠢᠭᠡᠳᠦᠮᠡᠯ ᠴᠢᠨᠠᠷ ᠂ ᠪᠠᠭᠲᠠᠭᠠᠮᠵᠢᠲᠤ ᠴᠢᠨᠠᠷ ᠂ ᠡᠩᠬᠡ ᠲᠠᠶᠢᠪᠤᠩ ᠴᠢᠨᠠᠷ ᠢ | ᠬᠠᠮᠲᠤ ᠪᠠᠷ ᠪᠤᠶ ᠪᠣᠯᠭᠠᠪᠠ ᠭᠡᠵᠦ ᠴᠢᠬᠤᠯᠠᠴᠢᠯᠠᠪᠠ ᠃ | ︽ᠬᠤᠶᠠᠷ ᠢ ᠤᠶᠠᠯᠳᠤᠭᠤᠯᠬᠤ ︾ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ | ᠲᠤᠬᠠᠢ ᠶᠠᠷᠢᠬᠤ ᠳᠤ ᠂ ᠶᠡᠷᠦᠩᠬᠡᠢ ᠱᠦᠵᠢ ᠲᠡᠭᠦᠨ ᠢ ᠲᠠᠪᠤᠨ ᠲᠠᠯ᠎ᠠ ᠪᠠᠷ ᠬᠤᠷᠢᠶᠠᠩᠭᠤᠶᠢᠯᠠᠭᠰᠠᠨ ᠪᠥᠭᠡᠳ | ᠠᠮᠢᠳᠤᠯᠢᠭ ᠥᠭᠦᠯᠡᠪᠡ — | ︽ᠤᠶᠠᠯᠳᠤᠭᠤᠯᠤᠨ᠎ᠠ ᠭᠡᠵᠦ ᠵᠦᠭᠡᠷ ᠨᠡᠶᠢᠯᠡᠭᠦᠯᠵᠦ ᠡᠪᠯᠡᠭᠦᠯᠬᠦ ᠪᠢᠰᠢ ᠂ ᠳᠥᠭᠦᠮᠬᠡᠨ ᠹᠢᠽᠢᠺ ᠤᠨ ᠶᠣᠰᠣ ᠪᠢᠰᠢ ᠂ | ᠬᠠᠷᠢᠨ ᠭᠦᠨ ᠭᠦᠨᠵᠡᠭᠡᠢ ᠬᠢᠮᠢ ᠶᠢᠨ ᠤᠷᠪᠠᠯ ᠪᠠᠶᠢᠵᠤ ᠂ ᠨᠢᠭᠡᠨ ᠣᠷᠭᠠᠨᠢᠭ ᠨᠢᠭᠡᠳᠦᠯᠲᠡᠢ ᠰᠢᠨ᠎ᠡ ᠰᠣᠶᠣᠯ ᠤᠨ ᠠᠮᠢ | ᠨᠠᠰᠤᠨ ᠤ ᠴᠣᠭᠴᠠ ᠶᠢ ᠪᠦᠲᠦᠭᠡᠬᠦ ᠶᠠᠪᠤᠳᠠᠯ ᠪᠤᠯᠬᠤ ᠶᠤᠮ ︾︔ | ︽ᠮᠠᠨ ᠤ ᠨᠡᠶᠢᠭᠡᠮ ᠵᠢᠷᠤᠮ ᠶᠠᠭᠠᠬᠢᠭᠠᠳ ᠠᠳᠠᠯᠢ ᠦᠭᠡᠢ ᠪᠠᠶᠢᠳᠠᠭ ᠪᠤᠢ ︖ ᠶᠠᠭᠠᠬᠢᠭᠠᠳ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠪᠠᠶᠢᠳᠠᠭ ᠪᠤᠢ ︖ ᠵᠠᠩᠭᠢᠯᠠᠭ᠎ᠠ ᠨᠢ ᠳᠤᠮᠳᠠᠳᠤ ᠤᠯᠤᠰ ᠤᠨ ᠣᠨᠴᠠᠯᠢᠭ ᠲᠤ ᠪᠤᠢ ᠂ | ᠳᠤᠮᠳᠠᠳᠤ ᠤᠯᠤᠰ ᠤᠨ ᠣᠨᠴᠠᠯᠢᠭ ᠤᠨ ᠵᠠᠩᠭᠢᠯᠠᠭ᠎ᠠ ᠨᠢ ᠬᠤᠶᠠᠷ ᠢ ᠤᠶᠠᠯᠳᠤᠭᠤᠯᠬᠤ ᠳᠤ ᠪᠤᠢ ︾︔ | ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠮᠠᠷᠺᠰ ᠤᠨ ᠦᠵᠡᠯ ᠤᠨ | ᠵᠢᠯᠣᠭᠤᠳᠤᠯᠭ᠎ᠠ ᠳᠣᠣᠷ᠎ᠠ ᠶᠠᠪᠤᠵᠤ ᠪᠠᠶᠢᠭᠠᠳ ᠨᠡᠭᠡᠭᠡᠭᠰᠡᠨ ᠵᠠᠮ ᠶᠤᠮ ᠂ ᠮᠥᠨ ᠴᠦ 5000 ᠭᠠᠷᠤᠢ ᠵᠢᠯ ᠤᠨ | ᠳᠤᠮᠳᠠᠳᠤ ᠶᠢᠨ ᠪᠣᠯᠪᠠᠰᠤᠨ ᠤ ᠲᠡᠦᠬᠡᠨ ᠳᠤᠮᠳᠠ ᠶᠠᠪᠤᠵᠤ ᠨᠡᠭᠡᠭᠡᠭᠰᠡᠨ ᠵᠠᠮ ᠶᠤᠮ ︾︔ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠷᠲᠡᠨ ᠤ ᠪᠣᠯᠪᠠᠰᠤᠨ ᠢ ᠦᠷᠭᠦᠯᠵᠢᠯᠡᠨ | ᠵᠠᠯᠭᠠᠮᠵᠢᠯᠠᠭᠰᠠᠨ ᠣᠳᠣᠬᠢᠴᠢᠯᠠᠯᠲᠠ ᠪᠣᠯᠣᠨ᠎ᠠ ᠂ ᠬᠠᠷᠢᠨ ᠡᠷᠲᠡᠨ ᠤ ᠪᠣᠯᠪᠠᠰᠤᠨ ᠢ ᠤᠰᠠᠳᠬᠠᠬᠤ ᠣᠳᠣᠬᠢᠴᠢᠯᠠᠯᠲᠠ | ᠪᠢᠰᠢ ᠶᠤᠮ ︔ ᠳᠤᠮᠳᠠᠳᠤ ᠶᠢᠨ ᠡᠬᠡ ᠭᠠᠵᠠᠷ ᠳᠡᠭᠡᠷ᠎ᠡ ᠡᠭᠦᠰᠴᠦ ᠪᠤᠢ ᠪᠣᠯᠤᠭᠰᠠᠨ ᠣᠳᠣᠬᠢᠴᠢᠯᠠᠯᠲᠠ ᠮᠥᠨ ᠂ ᠬᠠᠷᠢᠨ | ᠪᠤᠰᠤᠳ ᠤᠯᠤᠰ ᠤᠨ ᠣᠳᠣᠬᠢᠴᠢᠯᠠᠯᠲᠠ ᠶᠢ ᠲᠡᠷᠡ ᠬᠡᠪ ᠢᠶᠠᠷ ᠨᠢ ᠨᠡᠭᠦᠯᠭᠡᠨ ᠬᠠᠭᠤᠯᠪᠤᠷᠢᠯᠠᠭᠰᠠᠨ ᠪᠢᠰᠢ ᠶᠤᠮ ︔ | ᠪᠣᠯᠪᠠᠰᠤᠨ ᠢ ᠰᠢᠨᠡᠳᠬᠡᠭᠰᠡᠨ ᠤ ᠦᠷ᠎ᠡ ᠳ᠋ᠦᠩ ᠮᠥᠨ ᠂ ᠬᠠᠷᠢᠨ ᠪᠣᠯᠪᠠᠰᠤᠨ ᠴᠤᠴᠠᠷᠠᠵᠤ ᠲᠠᠰᠤᠷᠠᠬᠰᠨᠨ | ᠪᠦᠲᠦᠭᠡᠭᠳᠡᠬᠦᠨ ᠪᠢᠰᠢ ᠶᠤᠮ ︾ ᠁ | ᠨᠠᠷᠢᠯᠢᠭ ᠲᠣᠳᠣᠷᠬᠠᠢ ᠲᠠᠶᠢᠯᠪᠤᠷᠢᠯᠠᠯᠲᠠ ᠂ ᠭᠦᠨᠵᠡᠭᠡᠢ ᠵᠠᠳᠠᠯᠤᠯᠲᠠ ᠨᠢ ᠬᠥᠮᠥᠰ ᠢ ᠵᠢᠯᠣᠭᠤᠳᠤᠨ 5000 | ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠨᠡᠭᠡᠭᠡᠨ ᠬᠥᠭᠵᠢᠭᠦᠯᠬᠦ ᠂ ︽ᠬᠤᠶᠠᠷ ᠢ ᠤᠶᠠᠯᠳᠤᠭᠤᠯᠬᠤ ︾ ᠨᠢ ᠵᠠᠶᠢᠯᠠᠰᠢ ᠦᠭᠡᠢ | ᠵᠠᠮᠨᠠᠬᠤ ᠵᠠᠮ ᠮᠥᠨ ᠭᠡᠳᠡᠭ ᠢ ᠨᠡᠩ ᠭᠦᠨᠵᠡᠭᠡᠢ ᠲᠠᠨᠢᠭᠤᠯᠪᠠ ᠃ | ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠲᠤᠬᠠᠢ ᠶᠠᠷᠢᠬᠤ ᠦᠶ᠎ᠡ ᠳᠤ ᠂ ᠶᠡᠷᠦᠩᠬᠡᠢ | ᠱᠦᠵᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠣᠶᠣᠯ ᠤᠨ ᠪᠠᠶᠢᠭᠤᠯᠤᠯᠲᠠ ᠶᠢᠨ ᠳᠤᠮᠳᠠ | ᠳᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠳ᠋ᠦᠩᠨᠡᠪᠡ — | ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠵᠦ ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠂ ᠨᠡᠶᠢᠭᠡᠮ ᠵᠢᠷᠤᠮ ᠤᠨ ᠰᠣᠶᠣᠯ ᠤᠨ | ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ︔ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠳᠦᠷᠢᠮ ᠢ ᠪᠠᠷᠢᠮᠲᠠᠯᠠᠵᠤ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠶᠢ ᠠᠬᠢᠭᠤᠯᠵᠤ ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ | ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ︔ | ᠰᠣᠶᠣᠯ ᠤᠨ ᠢᠲᠡᠭᠡᠯ ᠢ ᠪᠠᠷᠢᠮᠲᠠᠯᠠᠵᠤ ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ | ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ︔ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ | ᠬᠥᠲᠥᠯᠥᠨ ᠳᠠᠭᠠᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯᠣᠨ ᠳᠤᠮᠳᠠᠳᠤ | ᠤᠯᠤᠰ ᠤᠨ ᠵᠡᠭᠦᠳᠦ ᠶᠢᠨ ᠲᠤᠬᠠᠢ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ ᠂ ᠪᠦᠭᠦ ᠠᠷᠠᠳ | ᠲᠦᠮᠡᠨ ᠢ ᠬᠦᠰᠡᠯᠡᠩ ᠢᠲᠡᠭᠡᠯ ᠵᠣᠷᠢᠭ ᠂ ᠥᠷᠲᠡᠭ ᠤᠨ ᠣᠶᠢᠯᠠᠭᠠᠭᠳᠠᠬᠤᠨ ᠂ ᠶᠣᠰᠣ ᠮᠣᠷᠠᠯ ᠤᠨ ᠦᠵᠡᠯᠲᠡ ᠶᠢᠨ | ᠲᠠᠯ᠎ᠠ ᠪᠠᠷ ᠨᠢᠭᠲᠠ ᠪᠦᠯᠬᠦᠮᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ︔ | ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠢ | ᠲᠦᠷᠭᠡᠳᠬᠡᠨ ᠪᠠᠶᠢᠭᠤᠯᠵᠤ ᠂ ᠮᠠᠨ ᠤ ᠤᠯᠤᠰ ᠤᠨ ᠪᠣᠳᠠᠲᠤ ᠪᠠᠶᠢᠳᠠᠯ ᠢᠶᠠᠷ ᠰᠤᠳᠤᠯᠭᠠᠨ ᠤ ᠡᠭᠢᠯᠡᠯᠲᠡ ᠪᠤᠯᠭᠠᠵᠤ ᠂ | ᠳᠤᠮᠳᠠᠳᠤ ᠤᠯᠤᠰ ᠤᠨ ᠵᠠᠮ ᠢ ᠲᠣᠳᠣᠷᠬᠠᠶᠢᠯᠠᠨ ᠲᠠᠶᠢᠯᠪᠤᠷᠢᠯᠠᠵᠤ ᠂ ᠳᠤᠮᠳᠠᠳᠤ ᠤᠯᠤᠰ ᠤᠨ ᠦᠢᠯᠡᠳᠦᠯᠭᠡ ᠶᠢ | ᠲᠠᠶᠢᠯᠪᠤᠷᠢᠯᠠᠨ ᠂ ᠳᠤᠮᠳᠠᠳᠤ ᠤᠯᠤᠰ ᠤᠨ ᠤᠨᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ︔ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ | ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠶᠢᠨ ᠰᠣᠶᠣᠯ ᠤᠨ ᠥᠨᠢᠳᠡ ᠶᠢᠨ ᠰᠢᠳᠢ | ᠬᠦᠴᠦᠨ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ︔ | ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠥᠯᠥᠭᠡᠯᠡᠬᠦ | ᠬᠦᠴᠦᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ ᠂ ᠭᠤᠣᠯ ᠭᠦᠭ ᠠᠶᠠᠰ ᠢ ᠮᠠᠨᠳᠤᠭᠤᠯᠵᠤ ᠂ ᠢᠳᠡᠪᠬᠢ | ᠬᠦᠴᠦᠨ ᠢ ᠳᠠᠮᠵᠢᠭᠤᠯᠵᠤ ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠢᠨ | ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ︔ | ᠠᠷᠠᠳ ᠲᠦᠮᠡᠨ ᠢᠶᠠᠷ ᠭᠤᠣᠯ ᠪᠤᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ ᠂ | ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ ᠲᠠᠯᠪᠢᠵᠤ ᠂ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ | ᠴᠢᠩᠭᠠᠳᠬᠠᠬᠤ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ ︔ | ᠥᠪᠡᠷ ᠤᠨ ᠠᠮᠢ ᠨᠠᠰᠤ ᠪᠠᠨ ᠬᠠᠶᠢᠷᠠᠯᠠᠬᠤ ᠲᠠᠢ ᠠᠳᠠᠯᠢ ᠪᠠᠷ ᠲᠡᠦᠬᠡ ᠰᠣᠶᠣᠯ ᠤᠨ ᠥᠪ ᠬᠥᠷᠥᠩᠭᠡ ᠶᠢ | ᠬᠠᠮᠠᠭᠠᠯᠠᠵᠤ ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠬᠥᠷᠥᠩᠭᠡ | ᠶᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠵᠤ ᠂ ᠳᠤᠮᠳᠠᠳᠤ ᠶᠢᠨ ᠰᠣᠶᠣᠯ ᠤᠨ ᠰᠤᠳᠠᠰᠤ ᠶᠢ ᠰᠠᠶᠢᠲᠤᠷ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ︔ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ | ᠪᠣᠯᠪᠠᠰᠤᠨ ᠤ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ ᠂ ᠲᠡᠷᠡ ᠨᠢ ᠪᠦᠭᠦ ᠠᠷᠠᠳ ᠲᠦᠮᠡᠨ ᠤ | ᠤᠶᠤᠨ ᠤ ᠠᠮᠢᠳᠤᠷᠠᠯ ᠤᠨ ᠲᠠᠯ᠎ᠠ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ ᠂ ᠬᠥᠮᠥᠨ ᠤ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠵᠤ ᠴᠢᠳᠠᠨ᠎ᠠ ᠭᠡᠵᠦ ᠴᠢᠬᠤᠯᠠᠴᠢᠯᠠᠪᠠ ︔ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ︔ | ᠢᠨᠲ᠋ᠧᠷ ᠰᠦᠯᠵᠢᠶᠡᠨ ᠤ ᠡᠨᠡ ᠬᠦ ᠪᠣᠭᠤᠮᠲᠠ ᠶᠢ ᠳᠠᠪᠠᠵᠤ ᠳᠡᠶᠢᠯᠭᠦ ᠦᠭᠡᠢ ᠪᠣᠯ ᠤᠷᠳᠤ ᠬᠤᠭᠤᠴᠠᠭ᠎ᠠ ᠪᠠᠷ | ᠲᠦᠷᠦ ᠪᠠᠷᠢᠬᠤ ᠡᠨᠡ ᠬᠦ ᠪᠣᠭᠤᠮᠲᠠ ᠶᠢ ᠳᠠᠪᠠᠵᠤ ᠴᠢᠳᠠᠬᠤ ᠦᠭᠡᠢ ᠶᠤᠮ ᠂ ᠢᠨᠲ᠋ᠧᠷ ᠰᠦᠯᠵᠢᠶ᠎ᠡ ᠭᠡᠬᠦ ᠡᠨᠡ ᠬᠦ | ᠬᠤᠪᠢᠰᠬᠤ ᠬᠡᠮᠵᠢᠭᠳᠡᠬᠦᠨ ᠢ ᠠᠵᠢᠯ ᠦᠢᠯᠡᠰ ᠤᠨ ᠬᠥᠭᠵᠢᠯᠲᠡ ᠶᠢᠨ ᠨᠡᠮᠡᠭᠳᠡᠯ ᠪᠤᠯᠭᠠᠵᠤ ᠂ ᠢᠳᠡᠪᠬᠢᠲᠡᠢ ᠡᠷᠡᠭᠦᠯ | ᠰᠠᠷᠠᠭᠤᠯ ᠥᠭᠡᠳᠡᠷᠬᠡᠭ ᠰᠠᠶᠢᠨ ᠰᠠᠶᠢᠬᠠᠨ ᠰᠦᠯᠵᠢᠶᠡᠨ ᠤ ᠰᠣᠶᠣᠯ ᠢ ᠪᠣᠶᠢᠵᠢᠭᠤᠯᠤᠨ ᠂ ᠰᠦᠯᠵᠢᠶᠡᠨ ᠤ ᠪᠣᠯᠪᠠᠰᠤᠨ ᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ︔ | ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠵᠦ ᠂ ᠳᠡᠯᠡᠬᠡᠢ ᠳᠡᠭᠡᠷᠡᠬᠢ ᠤᠯᠠᠮᠵᠢᠯᠠᠨ ᠳᠡᠯᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ ᠂ ᠳᠤᠮᠳᠠᠳᠤ ᠶᠢᠨ ᠰᠣᠶᠣᠯ ᠢ ᠳᠡᠯᠡᠬᠡᠢ | ᠳ᠋ᠠᠬᠢᠨ ᠤ ᠲᠠᠪᠴᠠᠩ ᠳᠤ ᠭᠠᠷᠭᠠᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ︔ | ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠪᠣᠯᠪᠠᠰᠤᠨ ᠤ ᠰᠣᠯᠢᠯᠴᠠᠭ᠎ᠠ ᠬᠠᠷᠢᠯᠴᠠᠨ ᠲᠣᠯᠢ | ᠪᠤᠯᠭᠠᠬᠤ ᠶᠢ ᠠᠬᠢᠭᠤᠯᠵᠤ ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠪᠠᠶᠠᠯᠢᠭᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠭᠰᠠᠨ ᠭᠡᠬᠦ ᠵᠡᠷᠭᠡ᠃ | ᠶᠡᠷᠦᠩᠬᠡᠢ ᠱᠦᠵᠢ ᠰᠢ ᠶᠢᠨ ᠫᠢᠩ ᠂ ᠡᠳᠡᠭᠡᠷ ᠴᠢᠬᠤᠯᠠ ᠦᠵᠡᠯᠲᠡ ᠪᠣᠯ ᠰᠢᠨ᠎ᠡ ᠴᠠᠭ ᠦᠶ᠎ᠡ ᠶᠢᠨ ᠨᠠᠮ ᠠᠴᠠ | ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ | ᠮᠥᠨ ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ | ᠮᠥᠨ ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠨ ᠲᠤᠭᠤᠰᠢᠯᠠᠭᠤᠯᠵᠤ ᠂ ᠲᠠᠰᠤᠷᠠᠯᠳᠠ ᠦᠭᠡᠢ | ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠠᠴᠠ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ | ᠠᠬᠢᠭᠤᠯᠵᠤ ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ | ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠡᠷᠬᠡᠪᠰᠢ ᠰᠣᠶᠣᠯ ᠤᠨ ᠢᠲᠡᠭᠡᠯ ᠢᠶᠠᠨ ᠪᠠᠲᠤᠳᠬᠠᠵᠤ ᠂ | ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ | ᠪᠠᠷᠢᠮᠲᠠᠯᠠᠬᠤ ᠬᠡᠷᠡᠭᠲᠡᠢ ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠬᠡᠷᠬᠢᠨ ᠬᠥᠮᠥᠨ ᠲᠥᠷᠥᠯᠬᠢᠲᠡᠨ ᠤ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠭᠦ ᠪᠤᠢ ︖ | ᠶᠡᠷᠦᠩᠬᠡᠢ ᠱᠦᠵᠢ ᠰᠢ ᠶᠢᠨ ᠫᠢᠩ ᠤᠨ ᠡᠷᠡᠰ ᠪᠠᠲᠤ ᠢᠳᠡᠯᠢᠭ ᠬᠦᠴᠦᠲᠡᠢ ᠦᠭᠡ ᠶᠠᠷᠢᠶ᠎ᠠ ᠨᠢ ᠴᠠᠭ ᠣᠷᠣᠨ | ᠵᠠᠢ ᠶᠢ ᠠᠯᠤᠰᠯᠠᠵᠤ ᠂ ᠢᠷᠡᠭᠡᠳᠦᠢ ᠶᠢ ᠵᠢᠭᠠᠨ ᠵᠢᠯᠣᠭᠤᠳᠪᠠ — | ︽ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠳᠠᠷᠤᠢ ᠰᠢᠨ᠎ᠡ ᠲᠡᠦᠬᠡ ᠶᠢ ᠡᠭᠦᠳᠬᠦ ᠶᠠᠪᠤᠳᠠᠯ | ᠪᠤᠯᠤᠨ᠎ᠠ ︔ ᠬᠥᠮᠥᠨ ᠲᠥᠷᠥᠯᠬᠢᠲᠡᠨ ᠤ ᠪᠣᠯᠪᠠᠰᠤᠨ ᠢ ᠬᠠᠮᠤᠭ ᠤᠨ ᠶᠡᠭᠡ ᠪᠠᠷ ᠳᠡᠭᠡᠳᠦᠯᠡᠬᠦ ᠨᠢ ᠳᠠᠷᠤᠢ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ ᠪᠦᠲᠦᠭᠡᠬᠦ ᠶᠠᠪᠤᠳᠠᠯ ᠪᠣᠯᠣᠨ᠎ᠠ ︾᠃ | |