ᠰᠢ ᠶᠢᠨ ᠫᠢᠩ ᠴᠧᠩᠳᠦ᠋ ᠶᠢᠨ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠬᠤ ᠶᠢᠨ ᠬᠠᠮᠲᠤ ᠭᠠᠳᠠᠭᠠᠳᠤ ᠶᠠᠪᠤᠳᠠᠯ ᠤᠨ ᠰᠢᠷᠢᠰ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/7/25
       ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 24 ᠤ ᠴᠠᠭᠢᠯᠭᠠᠨ ᠮᠡᠳᠡᠭᠡ   ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠬᠤᠸᠠ ᠴᠦᠨ ᠶᠢᠩ 24 ᠤ ᠡᠳᠦᠷ᠄ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠴᠧᠩᠳᠦ᠋ ᠶᠢᠨ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠤᠯᠠᠯ ᠳᠤ ᠣᠷᠣᠯᠴᠠᠵᠤ᠂ ᠳᠤᠮᠳᠠᠳᠤ ᠤᠯᠤᠰ ᠲᠤ ᠢᠷᠡᠵᠦ ᠡᠬᠢᠯᠡᠯᠲᠡ ᠶᠢᠨ ᠶᠣᠰᠤᠯᠠᠯ ᠳᠤ ᠣᠷᠣᠯᠴᠠᠬᠤ ᠪᠥᠭᠡᠳ ᠠᠶᠢᠯᠴᠢᠯᠠᠯᠲᠠ ᠬᠢᠬᠦ ᠭᠠᠳᠠᠭᠠᠳᠤ ᠤᠯᠤᠰ ᠤᠨ ᠤᠳᠤᠷᠢᠳᠬᠤ ᠬᠦᠮᠦᠰ ᠢ ᠤᠭᠲᠤᠬᠤ ᠳᠠᠶᠢᠯᠠᠯᠭ᠎ᠠ ᠪᠠ ᠬᠤᠯᠪᠤᠭᠳᠠᠯ ᠪᠦᠬᠦᠢ ᠬᠤᠶᠠᠷ ᠲᠠᠯ᠎ᠠ ᠶᠢᠨ ᠠᠵᠢᠯᠯᠠᠭ᠎ᠠ ᠶᠠᠪᠤᠭᠳᠠᠭᠤᠯᠬᠤ ᠪᠠᠷ ᠪᠤᠢ ᠭᠡᠵᠦ ᠨᠡᠶᠢᠲᠡᠯᠡᠪᠡ᠃      ᠳᠤᠮᠳᠠᠳᠤ ᠤᠯᠤᠰ ᠲᠤ ᠢᠷᠡᠵᠦ ᠡᠬᠢᠯᠡᠯᠲᠡ ᠶᠢᠨ ᠶᠣᠰᠤᠯᠠᠯ ᠳᠤ ᠣᠷᠣᠯᠴᠠᠬᠤ ᠪᠥᠭᠡᠳ ᠠᠶᠢᠯᠴᠢᠯᠠᠯᠲᠠ ᠬᠢᠬᠦ ᠭᠠᠳᠠᠭᠠᠳᠤ ᠤᠯᠤᠰ ᠤᠨ ᠤᠳᠤᠷᠢᠳᠬᠤ ᠬᠦᠮᠦᠰ ᠲᠤ᠄  ᠪᠦᠭᠦᠳᠡ ᠨᠠᠶᠢᠷᠠᠮᠳᠠᠬᠤ ᠢᠨᠳᠦᠨᠧᠰᠢᠶ᠎ᠠ ᠤᠯᠤᠰ ᠤᠨ ᠶᠡᠷᠦᠩᠬᠡᠶᠢᠯᠡᠭᠴᠢ ᠽᠦᠸᠧᠺᠧ᠂ ᠪᠦᠭᠦᠳᠡ ᠨᠠᠶᠢᠷᠠᠮᠳᠠᠬᠤ ᠮᠠᠦ᠋ᠷᠢᠲᠠᠨᠢᠶ᠎ᠠ ᠤᠯᠤᠰ ᠤᠨ ᠶᠡᠷᠦᠩᠬᠡᠶᠢᠯᠡᠭᠴᠢ ᠵᠢᠶᠠᠽᠧᠨᠢ᠂ ᠪᠦᠭᠦᠳᠡ ᠨᠠᠶᠢᠷᠠᠮᠳᠠᠬᠤ ᠪᠦᠷᠦ᠋ᠨᠳᠢ ᠤᠯᠤᠰ ᠤᠨ ᠶᠡᠷᠦᠩᠬᠡᠶᠢᠯᠡᠭᠴᠢ ᠡᠸ᠋ᠨ᠋ᠳᠠᠶᠢᠱᠮᠢᠶᠧ᠂ ᠪᠦᠭᠦᠳᠡ ᠨᠠᠶᠢᠷᠠᠮᠳᠠᠬᠤ ᠭᠢᠶᠠᠨᠠ ᠤᠯᠤᠰ ᠤᠨ ᠶᠡᠷᠦᠩᠬᠡᠶᠢᠯᠡᠭᠴᠢ ᠠᠯᠢ᠂ ᠭᠷᠦ᠋ᠽᠢᠶᠠ ᠤᠯᠤᠰ ᠤᠨ ᠶᠡᠷᠦᠩᠬᠡᠶᠢᠯᠡᠭᠴᠢ ᠰᠠᠶᠢᠳ ᠺᠠᠯᠢᠪᠠᠱᠣᠸᠢᠯᠢ᠂ ᠪᠦᠭᠦᠳᠡ ᠨᠠᠶᠢᠷᠠᠮᠳᠠᠬᠤ ᠹᠢᠵᠢ ᠤᠯᠤᠰ ᠤᠨ ᠶᠡᠷᠦᠩᠬᠡᠶᠢᠯᠡᠭᠴᠢ ᠰᠠᠶᠢᠳ ᠯᠠᠨᠪᠦ᠋ᠺᠠ ᠨᠠᠷ ᠪᠤᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号