ᠰᠢ ᠶᠢᠨ ᠫᠢᠩ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2023/7/28
      ᠰᠢᠨᠬᠤᠸᠠ ᠬᠤᠷᠢᠶ᠎ᠠ ᠶᠢᠨ ᠴᠧᠩᠳᠦ᠋ ᠶᠢᠨ 7 ᠰᠠᠷ᠎ᠠ ᠶᠢᠨ 27 ᠤ ᠴᠠᠭᠢᠯᠭᠠᠨ ᠮᠡᠳᠡᠭᠡ   7 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃
1.jpg
7 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠮᠳᠠᠳᠤ ᠤᠯᠤᠰ ᠲᠤ ᠢᠷᠡᠵᠤ 31 ᠳ᠋ᠦ᠋ᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠥᠭᠡᠳ ᠲᠤᠮᠳᠠᠳᠤ ᠤᠯᠤᠰ ᠲᠤ ᠠᠶᠢᠯᠴᠢᠯᠠᠯᠳᠠ ᠬᠢᠵᠦ ᠪᠠᠶᠢᠭ᠎ᠠ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠦᠸᠸᠺᠧ ᠲᠠᠢ ᠴᠧᠩᠳᠦ᠋ ᠳᠤ ᠠᠭᠤᠯᠵᠠᠪᠠ ᠃  ᠰᠢᠨᠬᠤᠸᠠ ᠬᠤᠷᠢᠶ᠎ᠠ  ᠶᠢᠨ ᠰᠤᠷᠪᠤᠯᠵᠢᠯᠠᠬᠴᠢ  ᠶᠢᠨ ᠪᠦᠸᠧ ᠭᠦ᠋   ᠰᠡᠭᠦᠳᠡᠷᠯᠡᠪᠡ      ᠰᠢ ᠶᠢᠨ ᠫᠢᠩ ᠂ ᠨᠢᠳᠤᠨᠤᠨ ᠪᠢ ᠶᠡᠷᠦᠩᠬᠡᠶᠢᠯᠡᠭᠴᠢ ᠽᠦᠸᠸᠺᠧ ᠲᠠᠢ ᠬᠠᠮᠲᠤ ᠪᠠᠷ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠭᠰᠡᠨ ᠪᠢᠯᠡ ᠃ ᠤᠯᠤᠰ ᠤᠨ ᠣᠳᠣᠬᠢᠴᠢᠯᠠᠯᠲᠠ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠮ ᠳᠡᠭᠡᠷ᠎ᠡ ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠣᠶᠢᠯᠠᠭᠠᠭᠳᠠᠬᠤᠨ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠬᠠᠩᠭᠠᠵᠤ ᠂ ᠵᠣᠷᠢᠯᠲᠠ ᠠᠳᠠᠯᠢ ᠵᠠᠮ ᠨᠢᠭᠡᠲᠡᠢ ᠬᠠᠨᠢ ᠂ ᠰᠠᠶᠢᠨ ᠬᠠᠨᠢᠲᠠᠨ ᠪᠣᠯᠤᠭᠰᠠᠨ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠡᠨᠡ ᠵᠢᠯ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ ᠂ ᠢᠨᠳᠤᠨᠧᠰᠢᠶ᠎ᠠ ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠤᠪᠢ ᠵᠠᠶᠠᠭ᠎ᠠ ᠪᠠᠨ ᠬᠠᠮᠲᠤᠳᠬᠠᠵᠤ ᠂ ᠪᠦᠯᠬᠦᠮᠳᠡᠨ ᠬᠠᠮᠲᠤᠷᠠᠯᠴᠠᠵᠤ ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠪ ᠳᠠᠭᠤᠷᠢᠶᠠᠯ ᠢ ᠪᠤᠢ ᠪᠤᠯᠭᠠᠵᠤ ᠂ ᠭᠠᠵᠠᠷ ᠣᠷᠣᠨ ᠪᠠ ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠲᠤ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠪᠠᠶᠢᠩᠭᠤ ᠶᠢᠨ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽ 2 + 2 ︾ ᠶᠠᠷᠢᠯᠴᠠᠭᠠᠨ ᠤ ᠲᠣᠭᠲᠠᠴᠠ ᠶᠢ ᠡᠬᠢᠯᠡᠭᠦᠯᠵᠦ ᠂ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠶᠢ ᠪᠠᠶᠢᠭᠤᠯᠤᠨ᠎ᠠ ᠃ ︽ ᠨᠢᠭᠡ ᠪᠦᠰᠡ ᠨᠢᠭᠡ ᠵᠠᠮ ︾ ᠤᠨ ᠰᠠᠨᠠᠭᠠᠴᠢᠯᠠᠭ᠎ᠠ ᠪᠣᠯᠣᠨ ᠢᠨᠳᠤᠨᠧᠰᠢᠶ᠎ᠠ ᠶᠢᠨ ︽ ᠪᠦᠭᠦ ᠪᠥᠮᠪᠥᠷᠴᠡᠭ ᠤᠨ ᠳᠠᠯᠠᠢ ᠲᠠᠩᠭᠢᠰ ᠤᠨ ᠲᠤᠯᠬᠤ ᠴᠡᠭ︾ ᠤᠨ ᠲᠥᠰᠥᠪᠯᠡᠯ ᠤᠨ ᠵᠣᠯᠭᠠᠯᠴᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠪᠠ ᠃ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠤᠳᠠᠯ ᠦᠭᠡᠢ ᠲᠡᠷᠭᠡ ᠨᠡᠪᠲᠡᠷᠡᠬᠦ ᠪᠣᠯᠣᠨ᠎ᠠ ᠂ ᠬᠤᠶᠠᠷ ᠲᠠᠯ᠎ᠠ ᠪᠠᠷ ᠢᠶᠠᠨ ︽ ᠡᠴᠦᠰ ᠤᠨ ᠨᠢᠭᠡ ᠺᠢᠯᠣᠮᠧᠲᠷ ︾ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠲᠥᠷᠥᠯ ᠵᠦᠢᠯ ᠤᠨ ᠥᠨᠳᠥᠷ ᠪᠠᠷᠢᠮᠵᠢᠶ᠎ᠠ ᠂ ᠴᠢᠨᠠᠷ ᠰᠠᠶᠢᠲᠠᠢ ᠪᠠᠶᠢᠬᠤ ᠶᠢ ᠦᠨᠡᠨ ᠬᠦ ᠪᠠᠲᠤᠯᠠᠵᠤ ᠂ ᠢᠨᠳᠤᠨᠧᠰᠢᠶ᠎ᠠ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠶ᠎ᠡ ᠃ ᠬᠤᠶᠠᠷ ᠲᠠᠯ᠎ᠠ ᠪᠠᠷ ᠢᠶᠠᠨ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭ᠎ᠠ ᠶᠢ ᠦᠷᠭᠦᠯᠵᠢᠯᠡᠨ ᠰᠠᠶᠢᠲᠤᠷ ᠬᠢᠵᠦ ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠪᠣᠯᠣᠨ ︽ ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠶ᠎ᠠ ᠃ ᠳᠤᠮᠳᠠᠳᠤ ᠤᠯᠤᠰ ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠨᠡᠭᠡᠭᠡᠨ ᠬᠥᠭᠵᠢᠭᠦᠯᠦᠯᠲᠡ ᠶᠢ ᠳᠡᠮᠵᠢᠵᠦ ᠂ ᠳᠤᠷᠠᠲᠠᠶ᠎ᠠ ᠢᠨᠳᠤᠨᠧᠰᠢᠶ᠎ᠠ ᠯᠦᠭᠡ ᠰᠢᠨ᠎ᠡ ᠡᠨᠧᠷᠭᠢ ᠶᠢᠨ ᠮᠠᠰᠢᠨ ᠲᠡᠷᠭᠡ ᠂ ᠣᠶᠤᠨᠲᠤ ᠬᠤᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠠᠵᠤ ᠦᠢᠯᠡᠰ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠶᠡᠭᠡ ᠬᠡᠮᠵᠢᠶᠡᠨ ᠤ ᠲᠠᠸᠠᠷ ᠪᠣᠯᠣᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ  ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ ︽ ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ︾ ᠢ ᠴᠢᠨᠠᠷ ᠰᠠᠶᠢᠲᠠᠢ ᠬᠡᠷᠡᠭᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠨ ᠶᠠᠳᠠᠭᠤ ᠶᠢ ᠲᠡᠳᠬᠦᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠂ ᠬᠡᠯᠡᠨ ᠤ ᠵᠢᠭᠠᠨ ᠰᠤᠷᠭᠠᠯᠲᠠ ᠂ ᠡᠮ ᠡᠮᠨᠡᠯᠭᠡ ᠡᠷᠡᠭᠦᠯ ᠬᠠᠮᠠᠭᠠᠯᠠᠯ ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠡᠨᠡ ᠵᠢᠯ ᠪᠣᠯ ᠮᠢᠨᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠳᠤᠷᠠᠳᠤᠭᠰᠠᠨ 10 ᠵᠢᠯ ᠤᠨ ᠤᠢ ᠪᠤᠯᠬᠤ ᠪᠥᠭᠡᠳ ᠳᠤᠮᠳᠠᠳᠤ ᠤᠯᠤᠰ ︽ᠵᠡᠭᠦᠨ ᠡᠮᠦᠨᠡᠲᠦ ᠠᠽᠢᠶ᠎ᠠ ᠶᠢᠨ ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠣᠷᠣᠭᠰᠠᠨ 20 ᠵᠢᠯ ᠤᠨ ᠤᠢ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ ᠂ ᠢᠨᠳᠤᠨᠧᠰᠢᠶ᠎ᠠ ᠶᠢᠨ ᠬᠢᠨ ᠤ ᠡᠨᠡ ᠵᠢᠯ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠶᠢ ᠳᠡᠮᠵᠢᠵᠦ ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠂ ᠪᠦᠯᠬᠦᠮᠳᠡᠨ ᠬᠦᠴᠦᠷᠬᠡᠭᠵᠢᠬᠦ ᠶᠢ ᠪᠠᠷᠢᠮᠲᠠᠯᠠᠬᠤ ᠶᠢ ᠬᠥᠲᠥᠯᠥᠨ ᠳᠠᠭᠠᠭᠤᠯᠵᠤ ᠂ ᠭᠠᠵᠠᠷ ᠣᠷᠣᠨ ᠤ ᠲᠣᠭᠲᠠᠭᠤᠨ ᠤ ᠲᠥᠪ ᠂ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ ᠴᠣᠭᠴᠠᠯᠠᠨ᠎ᠠ ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠦᠭᠡ ᠬᠤᠷᠢᠨ ᠤᠯᠤᠰ ᠤᠨ ᠪᠦᠯᠦᠭᠯᠡᠯ ᠪᠣᠯᠣᠨ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠣᠭᠲᠠᠴᠠ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ ᠽᠦᠸᠸᠺᠧ ᠂ ᠨᠢᠳᠤᠨᠤᠨ ᠪᠢ ᠪᠠᠯᠢ ᠠᠷᠠᠯ ᠳᠤ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠯᠲᠠ ᠶᠢ ᠭᠥᠯᠢᠶᠡᠨ ᠠᠪᠤᠭᠰᠠᠨ ᠠᠴᠠ ᠨᠠᠭᠠᠰᠢ ᠂ ᠬᠤᠶᠠᠷ ᠤᠯᠤᠰ ᠤᠨ ᠬᠠᠷᠢᠯᠴᠠᠭ᠎ᠠ ᠪᠠᠰᠠ ᠮᠠᠰᠢ ᠤᠯᠠᠨ ᠪᠣᠳᠠᠲᠠᠢ ᠠᠬᠢᠴᠠ ᠲᠠᠢ ᠪᠣᠯᠵᠠᠢ ᠃ ᠵᠠᠺᠠᠷᠲ᠋ᠠ — ᠪᠠᠨᠳᠦ᠋ᠩ ᠤᠨ ᠲᠦᠷᠭᠡᠨ ᠤ ᠲᠡᠮᠦᠷ ᠵᠠᠮ ᠡᠨᠡ ᠵᠢᠯ ᠤᠨ 8 ᠰᠠᠷ᠎ᠠ ᠳᠤ ᠲᠣᠭᠲᠠᠭᠰᠠᠨ ᠬᠤᠭᠤᠴᠠᠭᠠᠨ ᠳᠠᠭᠠᠨ ᠲᠡᠷᠭᠡ ᠨᠡᠪᠲᠡᠷᠡᠵᠦ ᠂ ᠳᠤᠮᠳᠠᠳᠤ ᠤᠯᠤᠰ ᠤᠨ ᠬᠢᠨ ᠤ ᠢᠳᠡᠪᠬᠢᠲᠡᠢ ᠣᠷᠣᠯᠴᠠᠵᠤ ᠪᠠᠶᠢᠭ᠎ᠠ ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠤᠨ ᠪᠦᠲᠦᠭᠡᠨ ᠪᠠᠶᠢᠭᠤᠯᠤᠯᠲᠠ ᠪᠣᠯᠣᠨ ᠤᠮᠠᠷᠠᠲᠤ ᠺᠠᠯᠢᠮᠠᠨᠲ᠋ᠠᠨ ᠤ ᠠᠵᠤ ᠦᠢᠯᠡᠳᠪᠦᠷᠢ ᠶᠢᠨ ᠬᠦᠷᠢᠶᠡᠯᠡᠩ ᠢ ᠨᠡᠭᠡᠭᠡᠨ ᠬᠥᠭᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠥᠷᠥᠯ ᠵᠦᠢᠯ ᠤᠷᠤᠭᠰᠢᠲᠠᠢ ᠶᠠᠪᠤᠭᠳᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠡᠯᠡ ᠣᠷᠣᠭᠤᠯᠤᠯᠲᠠ ᠂ ᠲᠠᠯᠠᠢ ᠲᠠᠩᠭᠢᠰ ᠤᠨ ᠵᠢᠭᠠᠰᠤᠨ ᠤ ᠦᠢᠯᠡᠰ ᠂ ᠠᠮᠤ ᠪᠤᠳᠠᠭᠠᠨ ᠤ ᠠᠮᠤᠷ ᠲᠦᠪᠰᠢᠨ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠴᠢᠨᠠᠭᠰᠢᠳᠠ ᠠᠬᠢᠭᠤᠯᠤᠨ᠎ᠠ ᠃ ᠲᠡᠷᠢᠭᠦᠯᠡᠭᠴᠢ ᠰᠢ  ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠪᠣᠯ ᠨᠡᠭᠡᠭᠡᠯᠲᠡᠲᠡᠢ ᠪᠠᠭᠲᠠᠭᠠᠮᠵᠢᠲᠠᠢ ᠶᠤᠮ ᠂ ᠢᠨᠳᠤᠨᠧᠰᠢᠶ᠎ᠠ ᠶᠢᠨ ᠬᠢᠨ ᠢᠳᠡᠪᠬᠢᠲᠡᠢ ᠳᠡᠮᠵᠢᠵᠦ ᠪᠠᠶᠢᠨ᠎ᠠ ᠃ ᠳᠤᠮᠳᠠᠳᠤ ᠤᠯᠤᠰ ᠠᠴᠠ ᠢᠨᠳᠤᠨᠧᠰᠢᠶ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠠᠵᠢᠯ ᠢ ᠳᠡᠮᠵᠢᠵᠦ ᠂ ᠭᠠᠵᠠᠷ ᠣᠷᠣᠨ ᠤ ᠪᠦᠲᠦᠴᠡ ᠳᠠᠬᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠭᠤᠣᠯ ᠪᠤᠯᠬᠤ ᠪᠠᠶᠢᠷᠢ ᠰᠠᠭᠤᠷᠢ ᠶᠢ ᠬᠠᠮᠠᠭᠠᠯᠠᠬᠤ ᠶᠢ ᠳᠡᠮᠵᠢᠵᠤ ᠪᠠᠶᠢᠬᠤ ᠳᠤ ᠲᠠᠯᠠᠷᠬᠠᠵᠤ ᠪᠠᠶᠢᠨ᠎ᠠ ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃      ᠠᠭᠤᠯᠵᠠᠯᠲᠠ ᠶᠢᠨ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ ᠂ ᠡᠷᠡᠭᠦᠯ ᠬᠠᠮᠠᠭᠠᠯᠠᠯ ᠂ ᠬᠠᠮᠲᠤᠷᠠᠨ ᠰᠤᠳᠤᠯᠤᠨ ᠨᠡᠭᠡᠭᠡᠬᠦ ᠵᠢᠴᠢ ᠢᠨᠳᠤᠨᠧᠰᠢᠶ᠎ᠠ ᠶᠢᠨ ᠰᠢᠨ᠎ᠡ ᠨᠡᠶᠢᠰᠯᠡᠯ ᠂ ᠳᠤᠮᠳᠠᠳᠤ ᠢᠨᠳᠤᠨᠧᠰᠢᠶ᠎ᠠ ᠶᠢᠨ ︽ᠬᠤᠶᠠᠷ ᠤᠯᠤᠰ ᠤᠨ ᠬᠤᠣᠰ ᠬᠦᠷᠢᠶᠡᠯᠡᠩ︾ ᠤᠨ ᠪᠦᠲᠦᠭᠡᠨ ᠪᠠᠶᠢᠭᠤᠯᠤᠯᠲᠠ ᠵᠡᠷᠭᠡ ᠬᠤᠶᠠᠷ ᠲᠠᠯ᠎ᠠ ᠶᠢᠨ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃      ᠼᠠᠢ ᠴᠢ ᠂ ᠳ᠋ᠢᠩ ᠰᠢᠤᠸᠠᠢ ᠰᠢᠶᠠᠩ ᠂ ᠸᠠᠩ ᠢ ᠂ ᠱᠧᠨ ᠢ ᠴᠢᠨ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号