ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ︽ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠰᠠᠨᠠᠯ︾ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2023/7/3
      ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ︽ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠰᠠᠨᠠᠯ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ᠃      ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠢ ᠪᠠᠶᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠᠶᠢᠵᠤ᠂ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ ᠶᠡᠭᠡ ᠶᠠᠪᠤᠳᠠᠯ ᠪᠣᠯᠣᠨ᠎ᠠ᠃ ᠣᠳᠣᠬᠠᠨ ᠳᠤ᠂ ᠰᠢᠶᠦ᠋ᠩ ᠠᠨ ᠰᠢᠨ᠎ᠡ ᠲᠣᠭᠤᠷᠢᠭ ᠤᠨ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠪᠠᠷ ᠲᠠᠷᠬᠠᠭᠠᠨ ᠵᠣᠬᠢᠴᠠᠭᠤᠯᠬᠤ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠰᠢᠯᠵᠢᠵᠦ᠂ ᠪᠦᠭᠦᠨ ᠢ ᠬᠠᠮᠤᠷᠤᠭᠰᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠨᠢ ᠰᠢᠶᠦ᠋ᠩ ᠠᠨ ᠰᠢᠨ᠎ᠡ ᠲᠣᠭᠤᠷᠢᠭ ᠤᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠶᠡᠭᠡ ᠬᠡᠪᠴᠢᠶ᠎ᠡ ᠪᠠᠷ ᠪᠠᠶᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠤᠨ ᠣᠳᠣᠬᠢ ᠱᠠᠲᠤᠨ ᠤ ᠪᠣᠳᠠᠲᠠᠢ ᠬᠡᠷᠡᠭᠴᠡᠭᠡ ᠲᠠᠢ ᠤᠶᠠᠯᠳᠤᠭᠤᠯᠤᠨ᠂ ᠬᠥᠮᠥᠰ ᠤᠨ ᠠᠰᠢᠭ ᠲᠤᠰᠠ ᠪᠠ ᠬᠠᠯᠠᠮᠵᠢᠯᠠᠵᠤ ᠪᠠᠶᠢᠭ᠎ᠠ ᠠᠰᠠᠭᠤᠳᠠᠯ ᠢ ᠲᠠᠷᠬᠠᠭᠠᠨ ᠵᠣᠬᠢᠴᠠᠭᠤᠯᠬᠤ ᠶᠢᠨ ᠲᠣᠭᠤᠷᠢᠨ ᠳᠤ ᠴᠢᠭᠯᠡᠭᠦᠯᠦᠯᠲᠦ ᠴᠢᠨᠠᠷᠲᠠᠢ ᠪᠠᠷ ᠳᠡᠮᠵᠢᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠯᠠᠪᠳᠠᠭᠤᠨ ᠪᠥᠭᠡᠳ ᠡᠮᠬᠢ ᠵᠢᠷᠤᠮ ᠲᠠᠢ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠡᠯᠭᠡ ᠲᠡᠮᠳᠡᠭ ᠤᠨ ᠴᠢᠨᠠᠷᠲᠠᠢ ᠲᠠᠷᠬᠠᠭᠠᠨ ᠵᠣᠬᠢᠴᠠᠭᠤᠯᠬᠤ ᠲᠦᠷᠦᠯ ᠵᠦᠢᠯ ᠢ ᠰᠢᠶᠦ᠋ᠩ ᠠᠨ ᠰᠢᠨ᠎ᠡ ᠲᠣᠭᠤᠷᠢᠭ ᠲᠤ ᠨᠤᠲᠤᠭᠰᠢᠭᠤᠯᠤᠨ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ ᠰᠦᠪᠡᠭᠴᠢᠯᠡᠨ ᠵᠢᠷᠤᠮᠯᠠᠵᠤ᠂ ᠠᠷᠪᠢᠲᠠᠢ ᠡᠷᠴᠢᠮᠯᠢᠭ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠ ᠠᠶᠢᠵᠠᠮ ᠢ ᠵᠣᠬᠢᠰᠲᠠᠢ ᠡᠵᠡᠮᠳᠡᠵᠦ᠂ ︽ᠰᠢᠶᠦ᠋ᠩ ᠠᠨ ᠤ ᠶᠠᠰᠤ ᠴᠢᠨᠠᠷ︾ ᠢ ᠡᠭᠦᠳᠬᠦ ᠬᠡᠷᠡᠭᠲᠡᠢ᠃ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠪᠠᠷᠢᠮᠲᠠᠯᠠᠵᠤ᠂ ᠣᠳᠣᠬᠠᠨ ᠤ ᠪᠠ ᠠᠯᠤᠰ ᠭᠡᠳᠤ ᠶᠢᠨ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠵᠡᠷᠭᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠢᠶᠦ᠋ᠩ ᠠᠨ ᠰᠢᠨ᠎ᠡ ᠲᠣᠭᠤᠷᠢᠭ ᠲᠤ ᠨᠠᠶᠢᠳᠠᠪᠤᠷᠢᠵᠢᠭᠤᠯᠵᠤ ᠬᠡᠷᠡᠭᠵᠢᠭᠦᠯᠬᠦ ᠶᠢ ᠴᠢᠭᠯᠡᠭᠦᠯᠦᠯᠲᠦ ᠴᠢᠨᠠᠷᠲᠠᠢ ᠪᠠᠷ ᠠᠬᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠳᠡᠭᠡᠳᠦ ᠲᠡᠰ ᠤᠨ ᠳᠡᠭᠡᠳᠦ ᠰᠢᠨ᠎ᠡ ᠠᠵᠤ ᠦᠢᠯᠡᠰ ᠢ ᠬᠥᠭᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠲᠤᠰ ᠪᠡᠶ᠎ᠡ ᠶᠢᠨ ᠪᠠᠶᠢᠭᠤᠯᠤᠯᠲᠠ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠳᠠ ᠶᠢᠨ ᠵᠠᠰᠠᠯᠲᠠ ᠶᠢᠨ ᠪᠦᠲᠦᠴᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠢᠷᠡᠭᠡᠳᠦᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠤᠷᠢᠳᠠᠴᠢ ᠲᠥᠯᠥᠪᠯᠡᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠬᠤᠳᠠ ᠶᠢᠨ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠨᠠᠮ ᠤᠨ ᠤᠳᠤᠷᠢᠳᠤᠯᠭ᠎ᠠ ᠶᠢ ᠲᠤᠭᠤᠰᠢᠯᠠᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠰᠣᠩᠭᠤᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠥᠭᠡᠷᠡᠴᠢᠯᠡᠯᠲᠡ ᠶᠢᠨ ᠤᠬᠠᠮᠰᠠᠷ ᠢᠶᠠᠷ ᠴᠢᠩᠭ᠎ᠠ᠂ ᠴᠢᠳᠠᠪᠤᠷᠢ ᠶᠢᠨ ᠲᠦᠪᠰᠢᠨ ᠢᠶᠠᠷ ᠥᠨᠳᠥᠷ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ᠂ ᠲᠥᠪ ᠭᠤᠣᠯᠴᠢ ᠠᠷᠢᠭᠤᠨ ᠴᠢᠬᠡᠴᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠾᠧᠪᠧᠢ ᠮᠤᠵᠢ ᠶᠢᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠯᠪᠣᠭᠳᠠᠯ ᠪᠦᠬᠦᠢ ᠣᠷᠣᠨ ᠨᠤᠲᠤᠭ ᠤᠨ ᠬᠢᠨ ᠢᠳᠡᠪᠬᠢᠲᠡᠢ ᠳᠡᠮᠵᠢᠵᠦ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠢᠯᠣᠭᠤᠳᠤᠨ ᠦᠢᠯᠡᠴᠢᠯᠡᠵᠦ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠦᠲᠦᠭᠡᠯᠴᠢ ᠴᠢᠨᠠᠷᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠲᠤᠴᠢ ᠴᠢᠨᠠᠷᠲᠠᠢ ᠪᠠᠷ ᠳ᠋ᠦᠩᠨᠡᠨ ᠦᠨᠡᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠵᠤ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号