ᠰᠢ ᠶᠢᠨ ᠫᠢᠩ ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/7/6
       ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 5 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 4 ᠤ ᠡᠳᠦᠷ ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ ᠂ ᠲᠡᠳᠡᠨ ᠢ ᠤᠯᠤᠰ ᠤᠨ ᠬᠤᠭᠤᠷᠣᠨᠳᠣᠭᠢ ᠨᠥᠬᠦᠷᠯᠡᠯ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ   ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃      ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠲᠠ ᠨᠠᠷ ᠤᠨ ᠳᠤᠮᠳᠠᠳᠤ ᠤᠯᠤᠰ ᠲᠤ ᠰᠤᠷᠤᠯᠴᠠᠬᠤ ᠪᠠᠷ ᠢᠷᠡᠵᠤ ᠂ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠪᠣᠯᠣᠨ ᠲᠤᠬᠠᠢ ᠶᠢᠨ ᠭᠠᠵᠠᠷ ᠲᠤ ᠬᠦᠷᠴᠦ ᠰᠤᠷᠪᠤᠯᠵᠢᠯᠠᠬᠤ ᠪᠠᠷ ᠳᠡᠮᠵᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠂ ᠳᠤᠮᠳᠠᠳᠤ ᠤᠯᠤᠰ ᠤᠨ ᠬᠢᠨᠠᠨ ᠪᠤᠳᠤᠬᠤ ᠳᠦᠷᠢᠮ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ ᠪᠠᠶᠢᠬᠤ ᠶᠢ ᠣᠯᠵᠤ ᠮᠡᠳᠡᠭᠡᠳ ᠂ ᠪᠢ ᠲᠠ ᠨᠠᠷ ᠤᠨ ᠰᠤᠷᠤᠯᠴᠠᠯᠭ᠎ᠠ ᠶᠡᠬᠡᠬᠡᠨ ᠣᠯᠣᠯᠲᠠ ᠲᠠᠢ ᠪᠣᠯᠤᠭᠰᠠᠨ ᠳᠤ ᠪᠠᠶᠠᠷᠯᠠᠵᠤ ᠪᠠᠶᠢᠨ᠎ᠠ ᠭᠡᠵᠦ ᠬᠡᠯᠡᠪᠡ ᠃      ᠰᠢ ᠶᠢᠨ ᠫᠢᠩ ᠂ ᠳᠤᠮᠳᠠᠳᠤ ᠤᠯᠤᠰ ᠤᠯᠤᠰ ᠤᠨ ᠵᠠᠰᠠᠯᠲᠠ ᠳᠤᠮᠳᠠᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ ᠪᠠᠳᠠᠷᠠᠭᠤᠯᠬᠤ ᠶᠢ ᠢᠮᠠᠭᠲᠠ ᠴᠢᠬᠤᠯᠠᠴᠢᠯᠠᠭᠰᠠᠭᠠᠷ ᠢᠷᠡᠵᠠᠢ ᠂ ᠤᠯᠠᠨ ᠵᠢᠯ ᠤᠨ ᠰᠦᠪᠡᠭᠴᠢᠯᠡᠯᠲᠡ ᠪᠠᠷ ᠳᠠᠮᠵᠢᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤ ᠳᠦᠷᠢᠮ ᠢ ᠲᠣᠭᠲᠠᠭᠠᠵᠤ ᠂ ᠲᠥᠪᠯᠡᠷᠡᠩᠭᠦᠢ ᠨᠢᠭᠡᠳᠦᠯᠲᠡᠢ ᠂ ᠪᠦᠭᠦ ᠲᠠᠯ᠎ᠠ ᠶᠢ ᠬᠠᠮᠤᠷᠤᠭᠰᠠᠨ ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ ᠃ ᠲᠠ ᠨᠠᠷ ᠤᠨ ᠳᠤᠮᠳᠠᠳᠤ ᠤᠯᠤᠰ ᠤᠨ ᠠᠵᠢᠯ ᠨᠢᠭᠡᠲᠡᠨ ᠲᠠᠢ ᠰᠣᠯᠢᠯᠴᠠᠭ᠎ᠠ ᠪᠠᠨ ᠴᠢᠩᠭᠠᠳᠬᠠᠵᠤ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠵᠤ ᠂ ᠬᠢᠨᠠᠨ ᠪᠤᠳᠤᠬᠤ ᠡᠨᠡ ᠬᠦ ᠴᠣᠩᠬᠤᠪᠴᠢ ᠪᠠᠷ ᠳᠠᠮᠵᠢᠭᠤᠯᠤᠨ ᠳᠤᠮᠳᠠᠳᠤ ᠤᠯᠤᠰ ᠢ ᠣᠶᠢᠯᠠᠭᠠᠵᠤ ᠂ ᠤᠯᠤᠰ ᠤᠨ ᠬᠤᠭᠤᠷᠣᠨᠳᠣᠭᠢ ᠨᠥᠬᠦᠷᠯᠡᠯ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠨᠠᠨᠵᠢᠩ ᠤᠨ ᠬᠢᠨᠠᠨ ᠪᠣᠳᠣᠯᠲᠠ ᠶᠢᠨ ᠶᠡᠭᠡ ᠰᠤᠷᠭᠠᠭᠤᠯᠢ ᠶᠢᠨ ᠬᠢᠨᠠᠨ ᠪᠤᠳᠤᠬᠤ ᠲᠤᠰᠬᠠᠢ ᠮᠡᠷᠭᠡᠵᠢᠯ ᠤᠨ ᠠᠰᠫᠢᠷᠠᠨᠲ ᠤᠨ ᠣᠯᠠᠨ ᠤᠯᠤᠰ ᠤᠨ ᠠᠩᠭᠢ 2016 ᠣᠨ ᠳᠤ ᠪᠠᠶᠢᠭᠤᠯᠤᠭᠳᠠᠵᠤ ᠂ ︽ ᠨᠢᠭᠡ ᠪᠦᠰᠡ ᠨᠢᠭᠡ ᠵᠠᠮ ︾ ᠳᠠᠭᠠᠤ ᠶᠢᠨ 76 ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠳᠤ 280 ᠭᠠᠷᠤᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠵᠦ ᠥᠭᠴᠡᠢ ᠃ ᠣᠶᠢᠷ᠎ᠠ ᠳᠤ ᠂ ᠲᠣᠰ ᠠᠩᠭᠢ ᠶᠢᠨ 37 ᠰᠣᠷᠣᠬᠴᠢ ᠰᠢ ᠶᠢᠨ ᠫᠢᠩ ᠳᠤ ᠵᠠᠬᠢᠳᠠᠯ ᠪᠢᠴᠢᠵᠦ ᠂ ᠳᠤᠮᠳᠠᠳᠤ ᠤᠯᠤᠰ ᠲᠤ ᠰᠤᠷᠤᠯᠴᠠᠵᠦ ᠰᠤᠳᠤᠯᠤᠭᠰᠠᠨ ᠲᠥᠷᠥᠭᠳᠡᠯ ᠢᠶᠠᠨ ᠶᠠᠷᠢᠵᠤ ᠂ ᠳᠤᠮᠳᠠᠳᠤ ᠤᠯᠤᠰ ᠲᠠᠬᠢ ᠥᠩᠭᠡᠷᠡᠯᠲᠡ ᠪᠠᠨ ᠥᠨᠢᠳᠡ ᠮᠠᠷᠲᠠᠬᠤ ᠦᠭᠡᠢ ᠂ ᠳᠤᠮᠳᠠᠳᠤ ᠤᠯᠤᠰ ᠯᠤᠭ᠎ᠠ ᠶᠢᠨ ᠬᠠᠶᠢᠷ᠎ᠠ ᠰᠡᠳᠬᠢᠯᠭᠡ ᠪᠠᠨ ᠡᠭᠦᠷᠢᠳᠡ ᠨᠠᠨᠳᠢᠩᠨᠠᠵᠤ ᠂ ᠳᠤᠮᠳᠠᠳᠤ ᠤᠯᠤᠰ ᠪᠣᠯᠣᠨ ᠥᠪᠡᠷ ᠤᠨ ᠢᠶᠠᠨ ᠤᠯᠤᠰ ᠤᠨ ᠨᠥᠬᠦᠷᠯᠡᠯ ᠢ ᠵᠤᠵᠠᠭᠠᠳᠬᠠᠬᠤ ᠡᠯᠴᠢ ᠪᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠢ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号