ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠴᠦ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠵᠦ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠳᠤ ᠲᠠᠯᠪᠢᠵᠤ ᠡᠯ᠎ᠡ ᠲᠥᠷᠥᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2023/7/7
      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 4 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ  ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠬᠤᠯᠠ ᠵᠢᠭᠠᠪᠤᠷᠢ ᠥᠭᠪᠡ ᠃      ᠰᠢ ᠶᠢᠨ ᠫᠢᠩ ᠂ ᠣᠶᠢᠷ᠎ᠠ ᠶᠢᠨ ᠡᠳᠦᠷ ᠴᠦᠩᠴᠢᠩ ᠵᠡᠷᠭᠡ ᠭᠠᠵᠠᠷ ᠲᠤ ᠰᠢᠷᠦᠭᠦᠨ ᠪᠣᠷᠣᠭᠠᠨ ᠣᠷᠣᠵᠤ ᠂ ᠵᠠᠷᠢᠮ ᠭᠤᠣᠯ ᠮᠥᠷᠡᠨ ᠳᠤ ᠰᠡᠷᠡᠮᠵᠢ ᠶᠢᠨ ᠱᠤᠭᠤᠮ ᠠᠴᠠ ᠳᠠᠪᠠᠭᠰᠠᠨ ᠦᠶᠡᠷ ᠤᠨ ᠭᠠᠮᠰᠢᠭ ᠡᠭᠦᠰᠴᠦ ᠂ ᠠᠭᠤᠯᠠᠨ ᠦᠶᠡᠷ ᠪᠣᠯᠣᠨ ᠰᠢᠪᠠᠷ ᠴᠢᠯᠠᠭᠤᠨ ᠤ ᠤᠷᠤᠰᠬᠠᠯ ᠵᠡᠷᠭᠡ ᠭᠧᠣᠯᠣᠭᠢ ᠶᠢᠨ ᠭᠠᠮᠰᠢᠭ ᠡᠭᠦᠰᠴᠦ ᠂ ᠬᠥᠮᠥᠨ ᠬᠠᠷ᠎ᠠ ᠬᠦᠨᠳᠦ ᠶᠡᠭᠡ ᠪᠠᠷ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠣᠳᠣᠬᠠᠨ ᠳᠤ ᠪᠦᠭᠦ ᠤᠯᠤᠰ ᠤᠳᠠᠯ ᠦᠭᠡᠢ ︽7 ᠰᠠᠷ᠎ᠠ ᠶᠢᠨ ᠰᠡᠭᠦᠯᠴᠢ 8 ᠰᠠᠷ᠎ᠠ ᠶᠢᠨ ᠡᠬᠢᠨ ︾  ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠣᠯᠣᠨ᠎ᠠ ᠂ ᠲᠤᠯᠤᠭᠠᠨ ᠶᠡᠭᠡ ᠭᠤᠣᠯ ᠮᠥᠷᠡᠨ ᠤ ᠰᠠᠪᠠ ᠭᠠᠵᠠᠷ ᠪᠦᠭᠦ ᠲᠠᠯ᠎ᠠ ᠪᠠᠷ ᠦᠶᠡᠷ ᠤᠨ ᠬᠤᠭᠤᠴᠠᠭᠠᠨ ᠳᠤ ᠣᠷᠣᠵᠤ ᠂ ᠬᠥᠬᠡᠮᠥ᠋ᠷᠡᠨ ᠂ ᠬᠤᠸᠠᠶᠢᠾᠧ ᠭᠤᠣᠯ ᠂  ᠲᠠᠢ ᠬᠤ᠋ ᠨᠠᠭᠤᠷ ᠵᠢᠴᠢ ᠰᠤᠩᠭᠠᠷᠢ ᠮᠥᠷᠡᠨ ᠯᠢᠶᠣᠤᠾᠧ ᠭᠤᠣᠯ ᠤᠨ ᠵᠡᠷᠭᠡ ᠰᠠᠪᠠ ᠭᠠᠵᠠᠷ ᠲᠤ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ ᠪᠠᠶᠢᠨ᠎ᠠ ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠂ ᠤᠰᠤᠨ ᠠᠰᠢᠭᠯᠠᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠵᠦ ᠂ ᠭᠤᠣᠯᠳᠠᠯᠭ᠎ᠠ ᠲᠠᠢ ᠭᠠᠵᠠᠷ ᠣᠷᠣᠨ ᠢ ᠣᠨᠣᠴᠠᠲᠠᠢ ᠵᠢᠯᠤᠭᠤᠳᠴᠤ ᠳᠤᠮᠳᠠ ᠪᠠᠭ᠎ᠠ ᠭᠤᠣᠯ ᠮᠥᠷᠡᠨ ᠤ ᠦᠶᠡᠷ ᠂ ᠳᠤᠮᠳᠠ ᠪᠠᠭ᠎ᠠ ᠤᠰᠤᠨ ᠴᠥᠭᠦᠷᠥᠮ ᠤᠨ ᠠᠶᠤᠯ ᠪᠠ ᠬᠤᠳᠠ ᠶᠢᠨ ᠤᠰᠤᠲᠤᠯ ᠵᠡᠷᠭᠡ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠰᠢ ᠶᠢᠨ ᠫᠢᠩ ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠠᠴᠢᠮ ᠪᠠᠶᠢᠳᠠᠯ ᠢ ᠠᠷᠭᠠᠴᠠᠭᠠᠵᠤ ᠵᠢᠵᠢᠭᠦᠷᠯᠡᠨ ᠰᠠᠬᠢᠬᠤ ᠂ ᠤᠷᠢᠳᠴᠢᠯᠠᠨ ᠵᠢᠯᠤᠭᠤᠳᠬᠤ ᠪᠠᠨ ᠴᠢᠩᠭᠠᠳᠬᠠᠵᠤ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠳᠤ ᠲᠠᠯᠪᠢᠵᠤ ᠂ ᠡᠯ᠎ᠡ ᠲᠦᠷᠦᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号