︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠠᠩᠬ᠎ᠠ ᠲᠠᠷᠬᠠᠭᠠᠬᠤ ᠶᠣᠰᠣᠯᠠᠯ ᠵᠢᠴᠢ ᠳᠤᠮᠳᠠᠳᠤ ᠺᠧᠨᠢᠶᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠨᠠᠶᠢᠷᠤᠪᠢ  ᠳᠤ ᠶᠠᠪᠤᠭᠳᠠᠪᠠ
ᠨᠡᠶᠢᠲᠡᠯᠡᠭᠰᠡᠨ ᠴᠠᠭ᠄
2023/8/16
       ᠰᠢᠨᠬᠤᠸᠠ ᠬᠤᠷᠢᠶ᠎ᠠ ᠶᠢᠨ ᠨᠠᠶᠢᠷᠤᠪᠢ ᠶᠢᠨ 8 ᠰᠠᠷ᠎ᠠ ᠶᠢᠨ 14 ᠤ ᠴᠠᠭᠢᠯᠭᠠᠨ ᠮᠡᠳᠡᠭᠡ    14 ᠤ ᠡᠳᠦᠷ ᠂ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠠᠩᠬ᠎ᠠ ᠲᠠᠷᠬᠠᠭᠠᠬᠤ ᠶᠣᠰᠣᠯᠠᠯ ᠵᠢᠴᠢ ᠳᠤᠮᠳᠠᠳᠤ ᠺᠧᠨᠢᠶᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠰᠤᠳᠤᠯᠤᠨ ᠶᠠᠷᠢᠯᠴᠠᠬᠤ ᠬᠤᠷᠠᠯ ᠺᠧᠨᠢᠶᠠ ᠶᠢᠨ ᠨᠡᠶᠢᠰᠯᠡᠯ ᠨᠠᠶᠢᠷᠤᠪᠢ  ᠳᠤ ᠶᠠᠪᠤᠭᠳᠠᠪᠠ ᠃      ᠳᠤᠮᠳᠠᠳᠤ ᠺᠧᠨᠢᠶᠠ ᠶᠢᠨ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ ᠂ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠨᠢ ᠲᠡᠷᠢᠭᠦᠯᠡᠭᠴᠢ ᠰᠢ ᠶᠢᠨ ᠫᠢᠩ ᠤᠨ ᠲᠦᠷᠦ ᠶᠢ ᠵᠠᠰᠠᠬᠤ ᠠᠷᠭ᠎ᠠ ᠪᠣᠳᠣᠯᠭ᠎ᠠ ᠶᠢ ᠲᠥᠪᠯᠡᠷᠡᠭᠦᠯᠦᠨ ᠲᠤᠰᠬᠠᠵᠤ ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠣᠯᠣᠨ ᠲᠤᠷᠰᠢᠯᠭ᠎ᠠ ᠨᠢ ᠺᠧᠨᠢᠶᠠ ᠶᠢ ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ ᠠᠰᠢᠭᠲᠠᠢ ᠲᠣᠯᠢᠯᠠᠯ ᠬᠠᠩᠭᠠᠵᠠᠢ ᠃ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠬᠡᠪᠯᠡᠭᠳᠡᠭᠰᠡᠨ ᠨᠢ ᠬᠤᠶᠠᠷ ᠤᠯᠤᠰ ᠤᠨ ᠬᠡᠪᠯᠡᠯ ᠤᠨ ᠡᠲᠡᠭᠡᠳ ᠂ ᠣᠷᠴᠢᠭᠤᠯᠭ᠎ᠠ ᠶᠢᠨ ᠡᠲᠡᠭᠡᠳ ᠤᠨ ᠬᠢᠨ ᠤ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ ᠤ ᠴᠢᠬᠤᠯᠠ ᠦᠷ᠎ᠡ ᠪᠦᠲᠦᠭᠡᠯ ᠪᠤᠯᠬᠤ ᠪᠥᠭᠡᠳ ᠪᠠᠰᠠ ᠳᠤᠮᠳᠠᠳᠤ ᠺᠧᠨᠢᠶᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢᠯᠠᠭᠰᠠᠨ ᠤ ᠠᠮᠢᠳᠤᠯᠢᠭ ᠭᠡᠷᠡᠴᠢ ᠪᠣᠯᠣᠨ᠎ᠠ ᠃ ᠰᠢᠨ᠎ᠡ ᠨᠣᠮ ᠢ ᠬᠡᠪᠯᠡᠨ ᠲᠠᠷᠬᠠᠭᠠᠭᠰᠠᠨ ᠨᠢ ᠠᠹᠷᠢᠺᠠ ᠲᠢᠪ ᠤᠨ ᠤᠩᠰᠢᠭᠴᠢᠳ ᠤᠨ ᠳᠤᠮᠳᠠᠳᠤ ᠤᠯᠤᠰ ᠤᠨ ᠵᠠᠮ ᠤᠨ ᠲᠡᠦᠬᠡ ᠶᠢᠨ ᠭᠦᠨ ᠳᠠᠪᠬᠤᠷᠭ᠎ᠠ ᠪᠠ ᠰᠣᠶᠣᠯ ᠤᠨ ᠰᠠᠭᠤᠷᠢ ᠶᠢ ᠲᠠᠨᠢᠵᠤ ᠣᠶᠢᠯᠠᠭᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠬᠡᠨ ᠤ ᠲᠥᠯᠥᠭᠡ ᠪᠠᠶᠢᠬᠤ ᠂ ᠬᠡᠨ ᠳᠤ ᠲᠦᠰᠢᠭᠯᠡᠬᠦ ᠲᠦᠷᠦ ᠪᠠᠷᠢᠬᠤ ᠣᠶᠢᠯᠠᠭᠠᠭᠳᠠᠬᠤᠨ ᠵᠢᠴᠢ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤᠮᠳᠠᠳᠤ ᠤᠯᠤᠰ ᠤᠨ ᠤᠶᠤᠨ ᠤᠬᠠᠭᠠᠨ ᠢ ᠲᠠᠨᠢᠵᠤ ᠣᠶᠢᠯᠠᠭᠠᠬᠤ ᠶᠢ ᠠᠬᠢᠭᠤᠯᠬᠤ ᠪᠣᠯᠣᠨ᠎ᠠ ᠭᠡᠵᠦ ᠦᠵᠡᠵᠡᠭᠡᠪᠡ ᠃      ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠂ ᠡᠨᠡ ᠵᠢᠯ ᠪᠣᠯ ᠳᠤᠮᠳᠠᠳᠤ ᠺᠧᠨᠢᠶᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ᠎ᠠ ᠂ ᠬᠤᠶᠠᠷ ᠲᠠᠯ᠎ᠠ ᠪᠠᠷ ᠢᠶᠠᠨ ᠡᠨᠡ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠤᠯᠠᠮᠵᠢᠯᠠᠯᠲᠤ ᠨᠥᠬᠦᠷᠯᠡᠯ ᠢᠶᠠᠨ ᠠᠬᠢᠭᠤᠯᠵᠤ ᠂ ᠳᠤᠮᠳᠠᠳᠤ ᠺᠧᠨᠢᠶᠠ  ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ ᠃      ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ ᠳᠤᠮᠳᠠᠳᠤ ᠺᠧᠨᠢᠶᠠ ᠶᠢᠨ ᠬᠦᠨᠳᠦᠲᠦ ᠵᠣᠴᠢᠳ ᠬᠠᠮᠲᠤ ᠪᠠᠷ ︽ ᠰᠢ  ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠤᠨ ᠰᠢᠨ᠎ᠡ ᠨᠣᠮ ᠤᠨ ᠬᠥᠰᠢᠭᠡ ᠶᠢ ᠰᠡᠬᠦᠵᠦ ᠂ ᠳᠤᠮᠳᠠᠳᠤ ᠤᠯᠤᠰ ᠤᠨ ᠬᠢᠨ ᠺᠧᠨᠢᠶᠠ  ᠶᠢᠨ ᠲᠠᠯ᠎ᠠ ᠳᠤ ᠰᠢᠨ᠎ᠡ ᠨᠣᠮ ᠪᠡᠯᠡᠭᠯᠡᠪᠡ ᠃      ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢᠨ ᠰᠸᠠᠾᠢᠯᠢ ᠬᠡᠯᠡᠨ ᠤ ᠬᠡᠪᠯᠡᠯ ᠢ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ ᠪᠣᠯᠣᠨ ᠺᠧᠨᠢᠶᠠ  ᠶᠢᠨ ᠤᠳᠬ᠎ᠠ ᠵᠣᠬᠢᠶᠠᠯ ᠤᠨ ᠲᠣᠪᠴᠢᠶ᠎ᠠ ᠠᠴᠠ ᠬᠠᠮᠲᠤᠷᠠᠨ ᠣᠷᠴᠢᠭᠤᠯᠤᠨ ᠬᠡᠪᠯᠡᠭᠦᠯᠵᠡᠢ ᠃ ᠣᠳᠣᠬᠠᠨ ᠪᠤᠯᠲᠠᠯ᠎ᠠ ᠂ ︽ ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠶᠠᠷᠢᠭᠰᠠᠨ ᠨᠢ ︾ ᠭᠡᠬᠦ ᠨᠣᠮ ᠤᠨ ᠨᠢᠭᠡᠳᠦᠭᠡᠷ ᠪᠣᠳᠢ ᠶᠢ ᠨᠢᠭᠡᠨᠲᠡ 37 ᠲᠦᠷᠦᠯ ᠤᠨ ᠬᠡᠯᠡ ᠪᠠᠷ ᠣᠷᠴᠢᠭᠤᠯᠤᠨ ᠬᠡᠪᠯᠡᠭᠦᠯᠵᠦ ᠂ 180 ᠭᠠᠷᠤᠢ ᠤᠯᠤᠰ ᠪᠠ ᠭᠠᠵᠠᠷ ᠣᠷᠣᠨ ᠳᠤ ᠲᠠᠷᠬᠠᠭᠠᠪᠠ ᠃      ᠲᠥᠪ ᠤᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠂ ᠺᠧᠨᠢᠶᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠤ ᠬᠠᠷᠢᠭᠤᠴᠠᠯᠭᠠᠲᠠᠨ ᠂ ᠺᠧᠨᠢᠶᠠ ᠶᠢᠨ ᠲᠠᠯ᠎ᠠ ᠶᠢᠨ ᠳᠡᠭᠡᠳᠦ ᠵᠡᠷᠭᠡ ᠶᠢᠨ ᠤᠯᠤᠰ ᠲᠦᠷᠦ ᠶᠢᠨ ᠴᠢᠬᠤᠯᠠ ᠬᠥᠮᠥᠰ ᠂ ᠲᠦᠷᠦ ᠶᠢᠨ ᠨᠠᠮ ᠤᠨ ᠤᠳᠤᠷᠢᠳᠤᠭᠴᠢ ᠂ ᠵᠠᠭᠤᠴᠢᠯᠠᠭᠤᠷ ᠂ ᠤᠶᠤᠨ ᠤ ᠬᠥᠮᠥᠷᠭᠡ ᠶᠢᠨ ᠲᠥᠯᠥᠭᠡᠯᠡᠭᠴᠢ ᠵᠡᠷᠭᠡ ᠡᠯ᠎ᠡ ᠡᠲᠡᠭᠡᠳ ᠤᠨ 500 ᠰᠢᠬᠠᠮ ᠬᠥᠮᠥᠨ ᠠᠩᠬ᠎ᠠ ᠲᠠᠷᠬᠠᠭᠠᠬᠤ ᠶᠣᠰᠣᠯᠠᠯ ᠪᠣᠯᠣᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠠᠢ ᠃      ᠲᠣᠰ ᠤᠳᠠᠭᠠᠨ ᠤ ᠠᠵᠢᠯᠯᠠᠭ᠎ᠠ ᠶᠢ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠠᠴᠠ ᠵᠢᠯᠤᠭᠤᠳᠴᠤ ᠂ ᠺᠧᠨᠢᠶᠠ ᠶᠢᠨ ᠤᠳᠬ᠎ᠠ ᠵᠣᠬᠢᠶᠠᠯ ᠤᠨ ᠲᠣᠪᠴᠢᠶ᠎ᠠ ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠯᠲᠠ ᠶᠢᠨ ᠦᠢᠯᠡᠰ ᠤᠨ ᠲᠣᠪᠴᠢᠶ᠎ᠠ ᠂ ᠳᠤᠮᠳᠠᠳᠤ ᠤᠯᠤᠰ ᠤᠨ ᠺᠧᠨᠢᠶᠠ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠬᠠᠮᠲᠤᠷᠠᠨ ᠡᠷᠭᠢᠯᠡᠪᠡ ᠃      ᠲᠤᠬᠠᠢ ᠶᠢᠨ ᠡᠳᠦᠷ ᠂ ᠳᠤᠮᠳᠠᠳᠤ ᠺᠧᠨᠢᠶᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠰᠠ 2023 ︽ ᠠᠹᠷᠢᠺᠠ ᠲᠢᠪ ᠤᠨ ᠬᠠᠨᠢᠲᠠᠨ ︾ ᠵᠠᠭᠤᠴᠢᠯᠠᠭᠤᠷ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠂ ᠺᠧᠨᠢᠶᠠ ᠶᠢᠨ ᠳᠤᠮᠳᠠᠳᠤ ᠤᠯᠤᠰ ᠤᠨ ᠺᠢᠨᠣ᠋ ᠶᠢᠨ ᠨᠠᠶᠢᠷ ᠵᠡᠷᠭᠡ ᠠᠯᠢ ᠤᠯᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠡᠷᠭᠢᠯᠡᠵᠡᠢ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号