ᠰᠢ ᠶᠢᠨ ᠫᠢᠩ ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠲᠠᠰᠢᠷᠠᠮ ᠢᠶᠠᠷ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠪᠦᠭᠦ ᠨᠡᠶᠢᠭᠡᠮ ᠢᠶᠠᠷ ᠢᠶᠠᠨ ᠬᠥᠳᠡᠯᠦᠯᠴᠡᠵᠦ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠢᠳᠡᠪᠬᠢᠲᠡᠢ ᠳᠠᠮᠵᠢᠭᠤᠯᠤᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/8/16
      ᠳ᠋ᠢᠩ ᠰᠢᠤᠸᠠᠢ ᠰᠢᠶᠠᠩ ᠭᠤᠣᠯ ᠲᠠᠯᠠᠪᠠᠢ ᠶᠢᠨ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ      ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠮᠥᠨ᠂ ᠨᠠᠮ ᠤᠨ ᠡᠭᠦᠷᠭᠡ ᠬᠠᠷᠢᠭᠤᠴᠠᠯᠭ᠎ᠠ ᠵᠣᠷᠢᠯᠲᠠ ᠲᠠᠢ ᠬᠤᠯᠪᠣᠭᠳᠠᠬᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠨᠡᠶᠢᠭᠡᠮ ᠤᠨ ᠠᠰᠠᠭᠤᠳᠠᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠵᠡᠷᠭᠡ ᠪᠠᠷ ᠠᠬᠢᠭᠤᠯᠬᠤ ᠶᠢ ᠴᠢᠬᠤᠯᠠᠴᠢᠯᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠦᠭᠦ ᠨᠡᠶᠢᠭᠡᠮ ᠢᠶᠠᠷ ᠢᠶᠠᠨ ᠬᠥᠳᠡᠯᠦᠯᠴᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠢᠳᠡᠪᠬᠢᠲᠡᠢ ᠳᠠᠮᠵᠢᠭᠤᠯᠤᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠣᠯᠵᠤ᠂ ᠪᠡᠶᠡᠴᠢᠯᠡᠨ ᠭᠦᠢᠴᠡᠳᠬᠡᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃      ᠪᠦᠭᠦ ᠤᠯᠤᠰ ᠤᠨ ᠠᠩᠬᠠᠳᠠᠭᠴᠢ ᠠᠮᠢ ᠠᠬᠤᠢ ᠶᠢᠨ ᠡᠳᠦᠷ ᠤᠨ ᠭᠤᠣᠯ ᠲᠠᠯᠠᠪᠠᠢ ᠶᠢᠨ ᠠᠵᠢᠯᠯᠠᠭ᠎ᠠ 15 ᠤ ᠡᠳᠦᠷ ᠵᠧᠵᠢᠶᠠᠩ ᠮᠤᠵᠢ ᠶᠢᠨ ᠬᠤᠵᠸᠦ ᠬᠤᠲᠠ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠳ᠋ᠢᠩ ᠰᠢᠤᠸᠠᠢ ᠰᠢᠶᠠᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠣᠳᠣᠯᠭ᠎ᠠ ᠪᠤᠯᠭᠠᠵᠤ᠂ ᠠᠯᠢ ᠤᠯᠠᠨ ᠡᠭᠦᠳᠦᠯᠲᠡ ᠶᠢᠨ ᠴᠢᠨᠠᠷᠲᠠᠢ ᠠᠵᠢᠯ ᠢ ᠥᠷᠨᠢᠭᠦᠯᠵᠦ᠂ ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠶᠤᠮ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠨᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠢᠯᠡᠷᠬᠡᠢ ᠪᠡᠯᠭᠡ ᠲᠡᠮᠳᠡᠭ ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠥᠬᠦᠷᠡᠰᠢ ᠦᠭᠡᠢ ᠰᠠᠶᠢᠲᠤᠷ ᠬᠢᠵᠦ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠭᠡᠷᠡᠭᠲᠡᠢ ︔ ᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠦᠷᠢᠯᠳᠦᠭᠦᠯᠬᠦ ᠭᠡᠷᠡᠭᠳᠠᠢ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠭᠦ ᠭᠡᠷᠡᠭᠳᠠᠢ︔ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠬᠥᠭᠵᠢᠯᠲᠡ ᠶᠢᠨ ᠳᠤᠮᠳᠠ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠶᠢ ᠪᠠᠭ᠎ᠠ ᠭᠠᠳᠠᠭᠰᠢᠯᠠᠭᠤᠯᠬᠤ ᠳᠤᠮᠳᠠ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠭᠡᠷᠡᠭᠳᠠᠢ︔ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠲᠠᠯᠠᠪᠤᠷ ᠤᠨ ᠠᠵᠢᠯᠯᠠᠭ᠎ᠠ ᠪᠠᠷ ᠠᠵᠠ ᠲᠣᠭᠢᠶᠠᠯ ᠪᠤᠯᠭᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠤᠯᠠᠨ ᠲᠦᠮᠡᠨᠴᠢᠯᠡᠭᠰᠡᠨ ᠳᠠᠮᠵᠢᠭᠤᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠦᠭᠦ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠪᠦᠭᠦ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢ ᠴᠢᠩᠭᠠᠳᠬᠠᠵᠤ᠂ ᠬᠥᠮᠥᠨ ᠪᠦᠭᠦᠨ᠂ ᠶᠠᠪᠤᠳᠠᠯ ᠪᠦᠭᠦᠨ᠂ ᠴᠠᠭ ᠢᠮᠠᠭᠲᠠ᠂ ᠭᠠᠵᠠᠷ ᠪᠣᠯᠭᠠᠨ ᠳᠤ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃      2023 ᠣᠨ ᠤ 6 ᠰᠠᠷ᠎ᠠ ᠶᠢᠨ 28 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠲᠣᠭᠲᠠᠭᠠᠯ ᠢ ᠪᠠᠲᠤᠯᠠᠵᠤ᠂ 8 ᠰᠠᠷ᠎ᠠ ᠶᠢᠨ 15 ᠤ ᠡᠳᠦᠷ ᠢ ᠪᠦᠭᠦ ᠤᠯᠤᠰ ᠤᠨ ᠠᠮᠢ ᠠᠬᠤᠢ ᠶᠢᠨ ᠡᠳᠦᠷ ᠪᠤᠯᠭᠠᠬᠤ ᠪᠠᠷ ᠲᠣᠭᠲᠠᠪᠠ᠃ ᠠᠩᠬᠠᠳᠠᠭᠴᠢ ᠪᠦᠭᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠲᠠᠯᠠᠪᠠᠢ ᠶᠢᠨ ᠠᠵᠢᠯᠯᠠᠭ᠎ᠠ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠲᠥᠪ ᠤᠨ ᠤᠬᠠᠭᠤᠯᠬᠤ ᠬᠡᠯᠲᠡᠰ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ ᠵᠡᠷᠭᠡ ᠰᠠᠯᠠᠭ᠎ᠠ ᠮᠥᠴᠢᠷ ᠪᠣᠯᠣᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠡᠷᠭᠢᠯᠡᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠪᠠᠷ ᠭᠤᠣᠯ ᠰᠡᠳᠦᠪ ᠢᠶᠠᠨ ᠪᠣᠯᠭᠠᠵᠠᠢ᠃      ︵ᠰᠢᠨᠬᠤᠸᠠ ᠬᠤᠷᠢᠶ᠎ᠠ ᠶᠢᠨ ᠬᠠᠩᠵᠧᠦ ᠶᠢᠨ 8 ᠰᠠᠷ᠎ᠠ ᠶᠢᠨ 15 ᠤ ᠴᠠᠭᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号