︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ︾
ᠨᠡᠶᠢᠲᠡᠯᠡᠭᠰᠡᠨ ᠴᠠᠭ᠄
2023/8/16
      ︽ᠦᠨᠡᠨ ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 15 ᠤ ᠴᠠᠭᠢᠯᠭᠠᠨ ᠮᠡᠳᠡᠭᠡ  8 ᠰᠠᠷ᠎ᠠ ᠶᠢᠨ 16  ᠤ ᠡᠳᠦᠷ ᠬᠡᠪᠯᠡᠭᠳᠡᠬᠦ 16 ᠳ᠋ᠤᠭᠠᠷ ᠬᠤᠭᠤᠴᠠᠭᠠᠨ ᠤ ︽ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃      ᠵᠣᠬᠢᠶᠠᠯ ᠳᠤ ᠂ ᠨᠢᠭᠡ ᠤᠯᠤᠰ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠪᠥᠭᠡᠳ ᠨᠡᠩ ᠴᠤ ᠲᠤᠰ ᠤᠯᠤᠰ ᠤᠨ ᠢᠶᠠᠨ ᠪᠣᠳᠠᠲᠤ ᠪᠠᠶᠢᠳᠠᠯ ᠲᠠᠢ ᠨᠡᠶᠢᠴᠡᠵᠦ ᠂ ᠲᠤᠰ ᠤᠯᠤᠰ ᠤᠨ ᠢᠶᠠᠨ ᠣᠨᠴᠠᠯᠢᠭ ᠲᠠᠢ ᠪᠠᠶᠢᠬᠤ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠥᠭᠡᠳ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ 5 ᠲᠠᠯ᠎ᠠ ᠶᠢᠨ ᠳᠤᠮᠳᠠᠳᠤ ᠤᠯᠤᠰ ᠤᠨ ᠣᠨᠴᠠᠯᠢᠭ ᠢ ᠲᠣᠳᠣᠷᠬᠠᠢ ᠬᠤᠷᠢᠶᠠᠩᠭᠤᠶᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠢᠯᠡᠷᠡᠭᠦᠯᠪᠡ ᠃ ᠡᠨᠡ ᠨᠢ ᠤᠨᠤᠯ ᠤᠨ ᠬᠤᠷᠢᠶᠠᠩᠭᠤᠶᠢᠯᠠᠯ ᠪᠤᠯᠬᠤ ᠪᠥᠭᠡᠳ ᠪᠠᠰᠠ ᠴᠤ ᠦᠢᠯᠡᠳᠦᠯᠭᠡ ᠶᠢᠨ ᠱᠠᠭᠠᠷᠳᠠᠯᠭ᠎ᠠ ᠪᠠᠶᠢᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠠᠷᠠᠭᠤᠯ ᠳᠠᠷᠳᠠᠩ ᠵᠠᠮ ᠢ ᠵᠢᠭᠠᠵᠤ ᠥᠭᠴᠡᠢ ᠭᠡᠵᠦ ᠴᠢᠬᠤᠯᠠᠴᠢᠯᠠᠪᠠ ᠃      ᠵᠣᠬᠢᠶᠠᠯ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ ᠢ ᠠᠮᠵᠢᠯᠲᠠ ᠲᠠᠢ ᠦᠢᠯᠡᠳᠦᠯᠭᠡ ᠪᠣᠯᠭᠠᠨ ᠬᠤᠪᠢᠷᠠᠭᠤᠯᠵᠤ ᠂ ᠢᠯᠡ ᠲᠣᠳᠣ ᠣᠨᠴᠠᠯᠢᠭ ᠢ ᠥᠪᠡᠷᠮᠢᠴᠡ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ ᠃ ᠨᠢᠭᠡᠳᠦᠭᠡᠷ ᠲᠤ ᠂ ᠬᠥᠮᠥᠨ ᠠᠮᠠ ᠶᠢᠨ ᠬᠡᠪᠴᠢᠶ᠎ᠡ ᠶᠢᠨ ᠯᠤᠲᠤ ᠶᠡᠭᠡ ᠣᠳᠣᠬᠢᠴᠢᠯᠠᠯᠲᠠ ᠪᠣᠯᠣᠨ᠎ᠠ ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡᠷᠬᠡᠢ ᠣᠨᠴᠠᠯᠢᠭ ᠮᠥᠨ ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠢᠶᠠᠨ ᠣᠳᠣᠬᠢᠴᠢᠯᠠᠯᠲᠠ ᠳᠤ ᠣᠷᠣᠵᠤ ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ ᠂ ᠣᠳᠣᠬᠢᠴᠢᠯᠠᠯᠲᠠ ᠶᠢᠨ ᠳᠡᠯᠡᠬᠡᠢ ᠶᠢᠨ ᠪᠠᠶᠢᠷᠢᠰᠢᠯ ᠢ ᠲᠤᠶᠢᠯ ᠤᠨ ᠶᠡᠭᠡ ᠪᠠᠷ ᠬᠤᠪᠢᠷᠠᠭᠤᠯᠬᠤ ᠪᠣᠯᠣᠨ᠎ᠠ ᠃ ᠡᠨᠡ ᠪᠣᠯ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠣᠳᠣᠬᠢᠴᠢᠯᠠᠯᠲᠠ ᠪᠤᠯᠬᠤ ᠪᠥᠭᠡᠳ ᠪᠠᠰᠠ ᠴᠤ ᠬᠦᠴᠢᠷᠳᠡᠯ ᠢᠶᠠᠷ ᠬᠠᠮᠤᠭ ᠤᠨ ᠶᠡᠭᠡ ᠣᠳᠣᠬᠢᠴᠢᠯᠠᠯᠲᠠ ᠮᠥᠨ ᠃ ᠪᠢᠳᠡ ᠠᠰᠠᠭᠤᠳᠠᠯ ᠢ ᠪᠣᠳᠣᠯᠬᠢᠯᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠵᠢᠯ ᠶᠠᠪᠤᠳᠠᠯ ᠬᠢᠬᠦ ᠳᠡᠭᠡᠨ ᠡᠩ ᠲᠡᠷᠢᠭᠦᠨ ᠳᠤ ᠬᠥᠮᠥᠨ ᠠᠮᠠ ᠶᠢᠨ ᠰᠠᠭᠤᠷᠢ ᠲᠤᠭ᠎ᠠ ᠶᠢᠨ ᠠᠰᠠᠭᠤᠳᠠᠯ ᠢ ᠪᠣᠳᠣᠯᠬᠢᠯᠠᠵᠤ ᠂ ᠮᠠᠨ ᠤ ᠤᠯᠤᠰ ᠤᠨ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠲᠦᠪᠰᠢᠨ ᠤ ᠵᠥᠷᠢᠶ᠎ᠡ ᠶᠡᠭᠡ ᠪᠠᠶᠢᠬᠤ ᠵᠡᠷᠭᠡ ᠪᠣᠳᠠᠲᠤ ᠪᠠᠶᠢᠳᠠᠯ ᠢ ᠪᠣᠳᠣᠯᠬᠢᠯᠠᠵᠤ ᠂ ᠶᠡᠭᠡ ᠶᠢ ᠰᠠᠨᠠᠭᠠᠷᠬᠠᠵᠤ ᠪᠤᠯᠬᠤ ᠦᠭᠡᠢ ᠪᠥᠭᠡᠳ ᠪᠠᠰᠠ ᠬᠠᠭᠤᠴᠢᠨ ᠢᠶᠠᠨ ᠪᠠᠷᠢᠮᠲᠠᠯᠠᠵᠤ ᠪᠤᠯᠬᠤ ᠦᠭᠡᠢ ᠂ ᠲᠡᠦᠬᠡ ᠶᠢᠨ ᠬᠦᠯᠢᠴᠡᠩᠭᠦᠢ ᠣᠪᠣᠷ ᠢ ᠪᠠᠷᠢᠮᠲᠠᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ ᠂ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠃ ᠬᠤᠶᠠᠳᠤᠭᠠᠷ ᠲᠤ ᠂ ᠪᠦᠭᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠣᠳᠣᠬᠢᠴᠢᠯᠠᠯᠲᠠ ᠮᠥᠨ ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠪᠤᠯᠬᠤ ᠪᠥᠭᠡᠳ ᠪᠠᠰᠠ ᠴᠤ ᠥᠷᠥᠨᠡᠳᠠᠬᠢᠨ ᠤ ᠣᠳᠣᠬᠢᠴᠢᠯᠠᠯᠲᠠ ᠠᠴᠠ ᠢᠯᠭᠠᠭᠳᠠᠬᠤ ᠢᠯᠡᠷᠬᠡᠢ ᠰᠢᠨᠵᠢ ᠲᠡᠮᠳᠡᠭ ᠮᠥᠨ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ︽ᠪᠤᠭᠤᠷᠰᠤᠭ ︾  ᠢ ᠰᠠᠶᠢᠲᠤᠷ ᠬᠢᠵᠦ ᠶᠡᠭᠡ ᠬᠢᠬᠦ ᠶᠢᠨ ᠬᠠᠮᠲᠤ ᠂ ︽ᠪᠤᠭᠤᠷᠰᠤᠭ ︾  ᠢ ᠤᠯᠠᠮ ᠴᠢᠨᠠᠭᠰᠢᠳᠠ ᠰᠠᠶᠢᠲᠤᠷ ᠬᠤᠪᠢᠶᠠᠵᠤ ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠵᠦ ᠂ ᠬᠤᠶᠠᠷ ᠲᠤᠶᠢᠯ ᠲᠡᠶᠢᠰᠢ ᠵᠠᠳᠠᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠃ ᠭᠤᠷᠪᠠᠳᠤᠭᠠᠷ ᠲᠤ ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ ᠃ ᠡᠳ᠋ ᠪᠣᠳᠠᠰ ᠡᠯᠪᠡᠭ ᠳᠡᠯᠪᠡᠭ ᠪᠠᠶᠢᠬᠤ ᠪᠥᠭᠡᠳ ᠪᠠᠰᠠ ᠤᠶᠤᠨ ᠰᠠᠨᠠᠭ᠎ᠠ ᠡᠯᠪᠡᠭ ᠪᠠᠶᠠᠯᠢᠭ ᠪᠠᠶᠢᠬᠤ ᠬᠡᠷᠡᠭᠲᠡᠢ ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ ᠃ ᠬᠤᠶᠠᠷ ᠲᠠᠯ᠎ᠠ ᠶᠢ ᠠᠳᠬᠤᠬᠤ ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠲᠠᠯᠠᠵᠤ ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠬᠠᠷᠢᠯᠴᠠᠨ ᠵᠣᠬᠢᠴᠠᠯᠳᠤᠭᠤᠯᠵᠤ ᠂ ᠬᠠᠷᠢᠯᠴᠠᠨ ᠠᠬᠢᠭᠤᠯᠬᠤ ᠬᠡᠷᠡᠭᠲᠡᠢ ᠃ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠵᠤ ᠂ ᠠᠷᠠᠳ ᠲᠦᠮᠡᠨ ᠤ ᠤᠶᠤᠨ ᠤ ᠶᠢᠷᠲᠢᠨᠴᠦ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠳᠥᠷᠪᠡᠳᠦᠭᠡᠷ ᠲᠤ ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ ᠃ ᠪᠠᠶᠢᠭᠠᠯᠢ ᠶᠢ ᠬᠦᠨᠳᠦᠳᠬᠡᠬᠦ ᠂ ᠪᠠᠶᠢᠭᠠᠯᠢ ᠲᠠᠢ ᠵᠣᠬᠢᠴᠠᠬᠤ ᠂ ᠪᠠᠶᠢᠭᠠᠯᠢ ᠶᠢ ᠬᠠᠮᠠᠭᠠᠯᠠᠬᠤ ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ ᠮᠥᠨ ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠃ ᠲᠠᠪᠤᠳᠤᠭᠠᠷ ᠲᠤ ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ ᠃ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠡᠷᠢᠯᠬᠢᠯᠡᠵᠦ ᠂ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠪᠣᠶᠢᠮ᠎ᠠ ᠣᠨᠴᠠᠯᠢᠭ ᠪᠣᠯᠣᠨ᠎ᠠ ᠃ ᠪᠢᠳᠡ ᠡᠩᠬᠡ ᠲᠠᠶᠢᠪᠤᠩ ᠂ ᠬᠥᠭᠵᠢᠯᠲᠡ ᠂ ᠬᠠᠮᠲᠤᠷᠠᠯᠴᠠᠬᠤ ᠂ ᠬᠠᠮᠲᠤ ᠪᠠᠷ ᠠᠰᠢᠭ ᠭᠦᠷᠲᠡᠭᠦ ᠲᠤᠭ ᠢ ᠢᠮᠠᠭᠲᠠ ᠥᠨᠳᠥᠷ ᠮᠠᠨᠳᠤᠭᠤᠯᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠵᠢᠩᠬᠢᠨᠢ ᠣᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠵᠣᠬᠢᠶᠠᠯ ᠳᠤ ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠂ ᠪᠢᠳᠡ ᠬᠡᠳᠦᠨ ᠠᠷᠪᠠᠨ ᠵᠢᠯ ᠤᠨ ᠴᠠᠭ ᠢ ᠬᠡᠷᠡᠭᠰᠡᠨ ᠥᠷᠥᠨᠡᠳᠠᠬᠢᠨ ᠤ ᠬᠥᠭᠵᠢᠭᠰᠡᠨ ᠤᠯᠤᠰ ᠤᠳ ᠤᠨ ᠬᠡᠳᠦᠨ ᠵᠠᠭᠤᠨ ᠵᠢᠯ ᠤᠨ ᠶᠠᠪᠤᠵᠤ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ ᠪᠡᠶᠡᠯᠡᠭᠦᠯᠵᠦ ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠡᠭᠦᠳᠴᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠤᠷᠤᠭᠰᠢᠲᠠᠢ ᠶᠠᠪᠤᠭᠳᠠᠵᠤ ᠳᠡᠶᠢᠯᠤᠨ᠎ᠠ ᠂ ᠲᠣᠭᠲᠠᠭᠤᠨ ᠶᠠᠪᠤᠭᠳᠠᠵᠤ ᠳᠡᠶᠢᠯᠤᠨ᠎ᠠ ᠂ ᠲᠡᠷᠡ ᠪᠣᠯ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号