ᠰᠢ ᠶᠢᠨ ᠫᠢᠩ ᠠᠮᠧᠷᠢᠺᠠ ᠶᠢᠨ ᠸᠠᠰᠢᠩᠲ᠋ᠤᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/8/21
      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 20 ᠤ ᠴᠠᠬᠢᠯᠭᠠᠨ ᠮᠡᠳᠡᠭᠡ  ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠮᠧᠷᠢᠺᠠ ᠶᠢᠨ ᠸᠠᠰᠢᠩᠲ᠋ᠤᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ ᠲᠤ ᠬᠠᠷᠢᠭᠤ ᠵᠠᠬᠢᠳᠠᠯ ᠢᠯᠡᠭᠡᠪᠡ᠃      ᠰᠢ ᠶᠢᠨ ᠫᠢᠩ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠦᠰᠡᠯ ᠡᠷᠡᠮᠡᠯᠵᠡᠯ ᠠᠷᠠᠳ ᠲᠦᠮᠡᠨ ᠳᠤ ᠪᠣᠢ ᠂ ᠰᠠᠭᠤᠷᠢ ᠨᠢ ᠠᠷᠠᠳ ᠤᠨ ᠳᠤᠮᠳᠠ ᠪᠣᠢ᠂ ᠢᠷᠡᠭᠡᠳᠦᠢ ᠨᠢ ᠵᠠᠯᠠᠭᠤᠴᠤᠳ ᠲᠤ ᠪᠣᠢ᠃ ᠳᠤᠮᠳᠠᠳᠤ ᠠᠮᠧᠷᠢᠺᠠ ᠶᠢᠨ ᠨᠡᠩ ᠣᠯᠠᠨ ᠵᠠᠯᠠᠭᠤᠴᠤᠳ ᠲᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠵᠤ᠂ ᠭᠠᠷ ᠭᠠᠷ ᠢᠶᠠᠨ ᠬᠤᠯᠪᠣᠨ ᠬᠠᠮᠲᠤ ᠪᠠᠷ ᠤᠷᠤᠭᠰᠢᠯᠠᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠨᠢᠭᠡ ᠦᠶ᠎ᠡ ᠶᠢᠨ ᠡᠯᠴᠢᠨ ᠪᠣᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ  ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠤᠨ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠨᠥᠬᠦᠷᠰᠡᠭ ᠶᠠᠪᠤᠯᠴᠠᠭ᠎ᠠ ᠵᠢᠴᠢ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃      ᠲᠦᠷᠦᠭᠦᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ︽ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠰᠣᠷᠣᠭᠴᠢᠳ ᠤᠨ ᠰᠣᠯᠢᠯᠴᠠᠭᠠᠨ ᠤ ᠨᠡᠶᠢᠭᠡᠮᠯᠢᠭ︾ ᠪᠣᠯᠣᠨ ᠡᠯ᠎ᠡ ᠡᠲᠡᠭᠡᠳ ᠤᠨ ᠨᠥᠬᠦᠷᠰᠡᠭ ᠬᠥᠮᠥᠰ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠳᠡᠯᠡᠬᠡᠢ ᠶᠢᠨ ᠣᠶᠤᠲᠠᠳ ᠤᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠪᠣᠯᠣᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠵᠥᠩᠨᠡᠵᠦ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠲᠠᠰᠤᠷᠠᠯᠲᠠ ᠦᠭᠡᠢ ᠴᠢᠩᠭᠠᠳᠬᠠᠬᠤ ᠪᠠᠷ ᠴᠢᠷᠮᠠᠶᠢᠨ᠎ᠠ ᠭᠡᠵᠦ ᠢᠯᠡᠳᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号