| ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 18 ᠤ ᠴᠠᠭᠢᠯᠭᠠᠨ ᠮᠡᠳᠡᠭᠡ ᠣᠶᠢᠷ᠎ᠠ ᠳᠤ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠶᠢᠨ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ | ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠲᠤ ᠬᠠᠷᠢᠭᠤ ᠵᠠᠬᠢᠳᠠᠯ | ᠢᠯᠡᠭᠡᠵᠦ ᠂ ᠳᠡᠳᠡᠨ ᠢ ᠬᠢᠲᠠᠳ ᠬᠡᠯᠡ ᠶᠢ ᠰᠠᠶᠢᠲᠤᠷ ᠰᠤᠷᠴᠤ ᠂ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ | ᠨᠥᠭᠦᠷᠰᠡᠭ ᠦᠢᠯᠡᠰ ᠢ ᠤᠯᠠᠮᠵᠢᠯᠠᠨ ᠬᠥᠭᠵᠢᠭᠦᠯᠬᠦ ᠂ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ ᠃ | ᠰᠢ ᠶᠢᠨ ᠫᠢᠩ ᠂ ᠠᠷᠪᠠᠨ ᠵᠢᠯ ᠤᠨ ᠡᠮᠦᠨ᠎ᠡ ᠂ ᠪᠢ ᠳ᠋ᠧᠷᠪᠠᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ | ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢᠨ ᠪᠠᠶᠢᠭᠤᠯᠤᠭᠳᠠᠭᠰᠠᠨ ᠢ ᠭᠡᠷᠡᠴᠢᠯᠡᠪᠡ ᠃ ᠬᠤᠶᠠᠷ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ ᠬᠤᠶᠠᠷ ᠤᠯᠤᠰ ᠤᠨ ᠰᠤᠷᠭᠠᠨ ᠬᠥᠮᠦᠵᠢᠯ ᠰᠣᠶᠣᠯ ᠤᠨ ᠰᠣᠯᠢᠯᠴᠠᠭ᠎ᠠ ᠦᠯᠡᠮᠵᠢ | ᠦᠷ᠎ᠡ ᠪᠦᠲᠦᠭᠡᠯ ᠣᠯᠵᠤ ᠂ ᠡᠮᠦᠨᠡᠲᠦ ᠠᠹᠷᠢᠺᠠ ᠶᠢᠨ ᠮᠠᠰᠢ ᠤᠯᠠᠨ ᠵᠠᠯᠠᠭᠤᠴᠤᠳ ᠬᠢᠲᠠᠳ ᠬᠡᠯᠡ ᠰᠤᠷᠬᠤ ᠪᠠᠷ | ᠲᠠᠮᠵᠢᠨ ᠳᠤᠮᠳᠠᠳᠤ ᠤᠯᠤᠰ ᠤᠨ ᠲᠡᠦᠬᠡ ᠰᠣᠶᠣᠯ ᠢ ᠣᠶᠢᠯᠠᠭᠠᠵᠤ ᠂ ᠠᠵᠢᠯ ᠮᠡᠷᠭᠡᠵᠢᠯ ᠤᠨ ᠰᠣᠩᠭᠤᠯᠲᠠ ᠶᠢᠨ | ᠵᠠᠮ ᠢᠶᠠᠨ ᠥᠷᠭᠡᠳᠬᠡᠵᠦ ᠂ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠭᠰᠡᠨ ᠢ ᠣᠯᠵᠤ | ᠬᠠᠷᠠᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠡᠮᠦᠨᠡᠲᠦ ᠠᠹᠷᠢᠺᠠ ᠪᠣᠯ ᠪᠦᠷ ᠴᠢᠬᠤᠯᠠ ᠶᠡᠭᠡ ᠬᠥᠭᠵᠢᠵᠦ | ᠪᠠᠶᠢᠭ᠎ᠠ ᠲᠣᠮᠣ ᠤᠯᠤᠰ ᠮᠥᠨ ᠂ ᠬᠤᠶᠠᠷ ᠤᠯᠤᠰ ᠬᠤᠭᠤᠷᠣᠨᠳᠤ ᠪᠠᠨ ᠨᠥᠬᠦᠷ ᠪᠥᠭᠡᠳ ᠠᠬ᠎ᠠ ᠳᠡᠭᠦᠦ ᠶᠢᠨ | ᠣᠨᠴᠠᠭᠠᠢ ᠨᠥᠬᠦᠷᠯᠡᠯ ᠲᠠᠢ ᠶᠤᠮ ᠂ ᠲᠤᠰ ᠲᠤᠰ ᠤᠨ ᠢᠶᠠᠨ ᠦᠭᠡ ᠬᠡᠯᠡ ᠰᠣᠶᠣᠯ ᠢ ᠰᠤᠷᠤᠯᠴᠠᠨ ᠣᠶᠢᠯᠠᠭᠠᠬᠤ ᠨᠢ | ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠵᠤ ᠬᠠᠷᠢᠯᠴᠠᠨ ᠳᠣᠲᠣᠨᠣᠴᠢᠯᠠᠬᠤ ᠂ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠬᠤ ᠶᠢ ᠠᠬᠢᠭᠤᠯᠬᠤ ᠳᠤ ᠠᠰᠢᠭᠲᠠᠢ ᠶᠤᠮ ᠃ ᠲᠠ ᠨᠠᠷ ᠤᠨ ᠬᠢᠲᠠᠳ ᠬᠡᠯᠡ ᠶᠢ | ᠰᠠᠶᠢᠲᠤᠷ ᠰᠤᠷᠤᠯᠴᠠᠬᠤ ᠶᠢᠨ ᠬᠠᠮᠲᠤ ᠂ ᠳᠤᠮᠳᠠᠳᠤ ᠤᠯᠤᠰ ᠲᠤ ᠢᠯᠡᠭᠦᠬᠡᠨ ᠢᠷᠡᠵᠥ ᠲᠣᠭᠤᠷᠢᠨ ᠦᠵᠡᠵᠦ ᠂ | ᠳᠤᠮᠳᠠᠳᠤ ᠤᠯᠤᠰ ᠢ ᠨᠡᠩ ᠭᠦᠨᠵᠡᠭᠡᠢ ᠲᠠᠨᠢᠨ ᠣᠶᠢᠯᠠᠭᠠᠵᠤ ᠂ ᠰᠤᠷᠴᠤ ᠰᠡᠳᠬᠢᠭᠰᠡᠨ ᠦᠵᠡᠵᠦ ᠰᠣᠨᠣᠰᠤᠭᠰᠠᠨ ᠢᠶᠠᠨ | ᠠᠰᠢᠭᠯᠠᠨ ᠂ ᠨᠢᠭᠡᠨ ᠦᠨᠡᠨ ᠪᠣᠳᠠᠲᠠᠢ ᠂ ᠪᠣᠰᠤᠭ᠎ᠠ ᠴᠣᠭᠴᠠᠲᠤ ᠂ ᠪᠦᠭᠦ ᠲᠠᠯ᠎ᠠ ᠶᠢᠨ ᠳᠤᠮᠳᠠᠳᠤ ᠤᠯᠤᠰ ᠢ ᠨᠡᠩ | ᠤᠯᠠᠨ ᠨᠠᠶᠢᠵᠠ ᠳᠠᠭᠠᠨ ᠲᠠᠨᠢᠯᠴᠠᠭᠤᠯᠵᠤ ᠂ ᠬᠤᠶᠠᠷ ᠤᠯᠤᠰ ᠤᠨ ᠨᠥᠭᠦᠷᠰᠡᠭ ᠦᠢᠯᠡᠰ ᠢ ᠤᠯᠠᠮᠵᠢᠯᠠᠨ ᠬᠥᠭᠵᠢᠭᠦᠯᠬᠦ | ᠡᠯᠴᠢᠨ ᠪᠤᠯᠬᠤ ᠪᠠᠷ ᠴᠢᠷᠮᠠᠶᠢᠵᠤ ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠬᠠᠮᠲᠤᠷᠠᠯᠴᠠᠭ᠎ᠠ ᠶᠢ ᠠᠬᠢᠭᠤᠯᠬᠤ ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠥᠪᠡᠷ ᠤᠨ ᠬᠦᠴᠦᠨ | ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ ᠃ | 2013 ᠣᠨ ᠤ 3 ᠰᠠᠷ᠎ᠠ ᠳᠤ ᠂ ᠲᠡᠷᠢᠭᠦᠯᠡᠭᠴᠢ ᠰᠢ ᠶᠢᠨ ᠫᠢᠩ ᠡᠮᠦᠨᠡᠲᠦ ᠠᠹᠷᠢᠺᠠ ᠳᠤ ᠠᠶᠢᠯᠴᠢᠯᠠᠬᠤ | ᠬᠤᠭᠤᠴᠠᠭᠠᠨ ᠳᠠᠭᠠᠨ ᠂ ᠳᠤᠮᠳᠠᠳᠤ ᠡᠮᠦᠨᠡᠲᠦ ᠠᠹᠷᠢᠺᠠ ᠬᠤᠶᠠᠷ ᠲᠠᠯ᠎ᠠ ᠶᠢᠨ ᠳ᠋ᠧᠷᠪᠠᠨ ᠪᠠᠶᠢᠭᠠᠯᠢ ᠲᠧᠭᠨᠢᠭ ᠤᠨ | ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ | ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ ᠃ ᠡᠮᠦᠨᠡᠲᠦ ᠠᠹᠷᠢᠺᠠ ᠶᠢᠨ ᠳ᠋ᠧᠷᠪᠠᠨ ᠪᠠᠶᠢᠭᠠᠯᠢ | ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠺᠦᠩᠽᠢ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠠᠷᠪᠠᠨ | ᠵᠢᠯ ᠤᠨ ᠲᠤᠷᠰᠢ ᠨᠡᠶᠢᠲᠡ ᠲᠦᠮᠡ ᠰᠢᠬᠠᠮ ᠰᠤᠷᠤᠬᠴᠢ ᠶᠢ ᠬᠥᠮᠥᠵᠢᠭᠦᠯᠪᠡ ᠃ ᠣᠶᠢᠷ᠎ᠠ ᠳᠤ ᠂ ᠲᠤᠰ ᠳᠡᠭᠡᠳᠦ | ᠰᠤᠷᠭᠠᠭᠤᠯᠢ ᠶᠢᠨ 50 ᠪᠠᠭᠰᠢ ᠰᠤᠷᠤᠬᠴᠢ ᠨᠡᠷ᠎ᠡ ᠬᠤᠯᠪᠤᠭᠠᠯᠠᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ | ᠢᠯᠡᠭᠡᠵᠦ ᠂ ᠬᠢᠲᠠᠳ ᠬᠡᠯᠡ ᠰᠤᠷᠤᠯᠴᠠᠬᠰᠠᠨ ᠥᠩᠭᠡᠷᠡᠯᠲᠡ ᠂ ᠣᠯᠣᠯᠲᠠ ᠲᠥᠷᠥᠭᠳᠡᠯ ᠢᠶᠠᠨ ᠶᠠᠷᠢᠵᠤ ᠂ ᠲᠡᠷᠢᠭᠦᠯᠡᠭᠴᠢ | ᠰᠢ ᠶᠢᠨ ᠫᠢᠩ ᠪᠣᠯᠣᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠠᠹᠷᠢᠺᠠ ᠲᠢᠪ ᠤᠨ ᠵᠠᠯᠠᠭᠤᠴᠤᠳ ᠤᠨ | ᠬᠦᠰᠡᠯ ᠵᠡᠭᠦᠳᠦ ᠪᠠᠨ ᠪᠡᠶᠡᠯᠡᠭᠦᠯᠬᠦ ᠳᠤ ᠨᠡᠩ ᠤᠯᠠᠨ ᠲᠣᠭᠢᠶᠠᠯ ᠬᠠᠩᠭᠠᠭᠰᠠᠨ ᠳᠤ ᠲᠠᠯᠠᠷᠬᠠᠵᠤ ᠂ ᠲᠡᠷᠢᠭᠦᠯᠡᠭᠴᠢ ᠰᠢ | ᠶᠢᠨ ᠫᠢᠩ ᠤᠨ ᠡᠮᠦᠨᠡᠲᠦ ᠠᠹᠷᠢᠺᠠ ᠳᠤ ᠳᠠᠬᠢᠨᠲᠠ ᠠᠶᠢᠯᠴᠢᠯᠠᠬᠤ ᠶᠢ ᠬᠠᠯᠠᠭᠤᠨ ᠢᠶᠠᠷ ᠬᠦᠰᠡᠭᠰᠡᠨ ᠪᠠᠶᠢᠨ᠎ᠠ ᠃ | |