︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ ᠬᠤᠶᠠᠳᠤᠭᠠᠷ ᠪᠣᠳᠢ ᠶᠢᠨ ᠦᠨᠳᠦᠰᠦᠲᠡᠨ ᠤ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/8/3
      ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 2 ᠤᠨ ᠴᠠᠬᠢᠯᠭᠠᠨ ᠮᠡᠳᠡᠭᠡ  ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠮᠣᠩᠭᠤᠯ ᠬᠡᠯᠡ᠂ ᠲᠥᠪᠡᠳ ᠬᠡᠯᠡ᠂ ᠤᠶᠢᠭᠤᠷ ᠬᠡᠯᠡ᠂ ᠬᠠᠰᠠᠭ ᠬᠡᠯᠡ᠂ ᠰᠣᠯᠣᠩᠭᠤᠰ ᠬᠡᠯᠡ᠂ ᠢ ᠬᠡᠯᠡ᠂ ᠵᠤᠸᠠᠩ ᠬᠡᠯᠡ ᠵᠡᠷᠭᠡ ᠳᠣᠯᠣᠭᠠᠨ ᠦᠨᠳᠦᠰᠦᠲᠡᠨ ᠤ ᠬᠡᠯᠡᠨ ᠤ ᠬᠡᠪᠯᠡᠯ ᠢ ᠨᠢᠭᠡᠨᠲᠡ ᠣᠷᠴᠢᠭᠤᠯᠤᠨ ᠳᠠᠭᠤᠰᠬᠠᠵᠤ᠂ ᠣᠶᠢᠷ᠎ᠠ ᠳᠤ ᠪᠥᠬᠦ ᠤᠯᠤᠰ ᠲᠤ ᠬᠡᠪᠯᠡᠭᠦᠯᠦᠨ ᠲᠠᠷᠬᠠᠭᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠤᠯᠭᠤᠷ ᠪᠢᠴᠢᠭ ᠨᠠᠶᠢᠷᠠᠭᠤᠯᠬᠤ ᠵᠥᠪᠯᠡᠯ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢ 2023 ᠣᠨ ᠤ 4 ᠰᠠᠷ᠎ᠠ ᠳᠤ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠪᠡ᠃ ᠨᠠᠮ ᠤᠨ ᠲᠥᠪ ᠬᠤᠷᠢᠶ᠎ᠠ ᠶᠢᠨ ᠤᠬᠠᠭᠤᠯᠬᠤ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠵᠣᠬᠢᠴᠠᠭᠤᠯᠭ᠎ᠠ ᠳᠣᠣᠷ᠎ᠠ᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠪᠥᠬᠦ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ 2023 ᠣᠨ ᠤ 7 ᠰᠠᠷ᠎ᠠ ᠶᠢᠨ ᠳᠣᠯᠣᠭᠠᠨ ᠲᠥᠷᠥᠯ ᠤᠨ ᠦᠨᠳᠦᠰᠦᠲᠡᠨ ᠤ ᠬᠡᠯᠡᠨ ᠤ ᠬᠡᠪᠯᠡᠯ ᠤᠨ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠣᠷᠴᠢᠭᠤᠯᠭ᠎ᠠ ᠶᠢᠨ ᠠᠵᠢᠯ ᠢ ᠪᠡᠶᠡᠯᠡᠭᠦᠯᠪᠡ᠃ ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠦᠨᠳᠦᠰᠦᠲᠡᠨ ᠤ ᠬᠡᠯᠡᠨ ᠤ ᠬᠡᠪᠯᠡᠯ ᠢ ᠬᠡᠪᠯᠡᠭᠦᠯᠦᠨ ᠲᠠᠷᠬᠠᠭᠠᠭᠰᠠᠨ ᠨᠢ ᠪᠥᠬᠦ ᠤᠯᠤᠰ ᠤᠨ ᠥᠷᠭᠡᠨ ᠣᠯᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ᠂ ᠣᠯᠠᠨ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠬᠤ ᠶᠢ ᠯᠠᠪᠲᠠᠢ ᠤᠯᠠᠮ ᠴᠢᠨᠠᠭᠰᠢᠳᠠ ᠠᠬᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ         ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠭᠦᠯᠬᠦ ᠪᠣᠯᠣᠨ᠎ᠠ᠃      ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠮᠣᠩᠭᠤᠯ ᠬᠡᠯᠡ᠂ ᠲᠥᠪᠡᠳ ᠬᠡᠯᠡ᠂ ᠤᠶᠢᠭᠤᠷ ᠬᠡᠯᠡ᠂ ᠬᠠᠰᠠᠭ ᠬᠡᠯᠡ᠂ ᠰᠣᠯᠣᠩᠭᠤᠰ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ︔ ᠢ ᠬᠡᠯᠡ᠂ ᠵᠤᠸᠠᠩ ᠬᠡᠯᠡᠨ ᠤ ᠬᠡᠪᠯᠡᠯ ᠢ ᠦᠨᠳᠦᠰᠦᠲᠡᠨ ᠤ ᠬᠡᠪᠯᠡᠯ ᠤᠨ ᠬᠤᠷᠢᠶ᠎ᠠ ᠲᠣᠰ ᠲᠣᠰ ᠰᠧᠴᠤᠸᠠᠨ ᠤ ᠦᠨᠳᠦᠰᠦᠲᠡᠨ ᠤ ᠬᠡᠪᠯᠡᠯ ᠤᠨ ᠬᠤᠷᠢᠶ᠎ᠠ᠂ ᠭᠤᠸᠠᠩᠰᠢ ᠶᠢᠨ ᠦᠨᠳᠦᠰᠦᠲᠡᠨ ᠤ ᠬᠡᠪᠯᠡᠯ ᠤᠨ ᠬᠤᠷᠢᠶ᠎ᠠ ᠲᠠᠢ ᠬᠠᠮᠲᠤᠷᠠᠵᠤ ᠬᠡᠪᠯᠡᠭᠦᠯᠦᠨ ᠲᠠᠷᠬᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号